ᠵᠠᠯᠠᠶᠢᠨᠠᠭᠤᠷ ᠲᠣᠭᠤᠷᠢᠭ ᠤᠨ ᠬᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ ᠪᠣᠶ
ᠨᠡᠶᠢᠲᠡᠯᠡᠭᠰᠡᠨ ᠴᠠᠭ᠄
2022/11/13
     ᠣᠶᠢᠷ᠎ᠠ ᠳᠤ᠂ ᠵᠠᠯᠠᠶᠢᠨᠠᠭᠤᠷ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠤᠰᠬᠠᠢ ᠮᠡᠷᠭᠡᠵᠢᠯ ᠤᠨ ᠠᠵᠢᠯᠲᠠᠨ ᠲᠣᠬᠢᠷᠠᠭᠤᠯᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃
     ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠨᠢ ᠭᠤᠣᠯᠳᠠᠭᠤ A ᠲᠠᠰ ᠤᠨ ᠦᠵᠡᠮᠵᠢ ᠶᠢᠨ ᠣᠷᠣᠨ᠂ A ᠲᠠᠰ ᠤᠨ ᠪᠤᠰᠤ ᠵᠢᠭᠤᠯᠴᠢᠯᠠᠯ ᠤᠨ ᠡᠬᠢ ᠪᠠᠶᠠᠯᠢᠭ᠂ ᠲᠡᠦᠬᠡ ᠰᠣᠶᠣᠯ ᠤᠨ ᠵᠡᠭᠡᠯᠢ ᠲᠣᠭᠤᠷᠢᠭ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠪᠣᠳᠠᠰ ᠤᠨ ᠪᠤᠰᠤ ᠰᠣᠶᠣᠯ ᠤᠨ ᠥᠪ᠂ ᠣᠲᠣ ᠦᠶ᠎ᠡ ᠶᠢᠨ ᠤᠷᠠᠯᠢᠭ ᠵᠡᠷᠭᠡ ᠲᠠᠯ᠎ᠠ ᠶᠢᠨ ᠲᠣᠭᠤᠷᠢᠨ ᠳᠤ ᠶᠠᠪᠤᠭᠳᠠᠵᠠᠢ᠃ ᠭᠤᠣᠯ ᠵᠣᠷᠢᠯᠭ᠎ᠠ ᠨᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠲᠤᠭ᠎ᠠ ᠬᠡᠮᠵᠢᠶ᠎ᠡ᠂ ᠲᠦᠷᠦᠯ ᠬᠡᠯᠪᠡᠷᠢ᠂ ᠵᠡᠷᠭᠡ ᠳᠡᠰ᠂ ᠲᠠᠷᠬᠠᠯᠲᠠ᠂ ᠰᠢᠨᠵᠢ ᠴᠢᠨᠠᠷ ᠪᠣᠯᠣᠨ ᠣᠨᠴᠠᠯᠢᠭ᠂ ᠨᠡᠭᠡᠭᠡᠨ ᠠᠰᠢᠭᠯᠠᠬᠤ ᠴᠢᠭᠯᠡᠯ ᠵᠡᠷᠭᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃
 
ᠢᠷᠡᠯᠲᠡ᠄ ᠵᠠᠯᠠᠶᠢᠨᠠᠭᠤᠷ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号