ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ
ᠨᠡᠶᠢᠲᠡᠯᠡᠭᠰᠡᠨ ᠴᠠᠭ᠄
2022/11/2

ᠳᠤᠮᠳᠠᠳᠤ‌ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ

ᠨᠡᠶᠢᠭᠡᠮ‌ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ‌‍ᠪᠦ᠋ᠯᠬᠦᠮᠳᠡᠨ

ᠲᠡᠮᠡᠴᠡᠰᠦᠭᠡᠢ

— ᠳᠤᠮᠳᠠᠳᠤ ᠤᠯᠤᠰ ᠤᠨ ᠡᠪ ᠬᠠᠮᠲᠤ ᠨᠠᠮ ‍ᠤᠨ‌ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ

ᠶᠡᠭᠡ ᠬᠤᠷᠠᠯ ᠳᠡᠭᠡᠷ᠎ᠡ ᠬᠢᠭᠰᠡᠨ‌ᠢᠯᠡᠳᠬᠡᠯ

︵2022 ᠣᠨ ᠤ 10 ᠰᠠᠷ᠎ᠠ ᠶᠢᠨ 16 ᠤ ᠡᠳᠦᠷ︶

                                 ᠰᠢ ᠶᠢᠨ ᠫᠢᠩ

ᠨᠥᠬᠦᠳ ᠠ᠋᠄

ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ‌ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠭᠢᠶ᠎ᠠ᠃

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ‌ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ

ᠬᠤᠷᠠᠯ ᠪᠣᠯ ᠪᠦᠭᠦ ᠨᠠᠮ ᠪᠦᠭᠦ ᠤᠯᠤᠰ ‍ᠤᠨ‌ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ

ᠣᠳᠣᠬᠢᠴᠢᠯᠠᠭᠰᠠᠨ ᠤᠯᠤᠰ ᠢ ᠪᠦᠭᠦ‌‍ᠲ᠋ᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ

ᠵᠠᠭᠤᠨ ᠵᠢᠯ ‍ᠦᠨ‌‍ᠲ᠋ᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ

ᠨᠢᠭᠡ‌ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃

ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ‌ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ

ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ‌ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠶᠢ ᠪᠦᠭᠦ‌‍ᠲ᠋ᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ

ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ‌‍ᠰᠢᠨ᠎ᠡ ᠶᠢ

ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ‌ᠤᠷᠤᠭᠰᠢᠯᠠᠵᠤ᠂ ᠨᠡᠶᠢᠭᠡᠮ ᠵᠢᠷᠤᠮᠲᠤ

ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ‌ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ᠃

ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ‌ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ ᠮᠠᠨ ᠤ

ᠨᠠᠮ ᠳᠤᠮᠳᠠᠳᠤ ᠵᠢᠨ‌ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂

ᠬᠥᠮᠥᠨ‌‍ᠲ᠋ᠥ᠋ᠷᠥᠯᠬᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ‌‍ᠴᠢᠷᠮᠠᠶᠢᠵᠤ

ᠪᠠᠶᠢᠭ᠎ᠠ ᠪᠣᠯᠬᠤᠷ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ‌‍ᠬᠢᠵᠠᠭᠠᠯᠠᠰᠢ ᠦᠭᠡᠢ ᠢᠷᠠᠭᠤ ᠠᠯᠳᠠᠷᠲᠠᠢ

ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ‌ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ

ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ‌‍ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ

ᠲᠡᠮᠡᠴᠡᠵᠦ᠂ᠴᠢᠳᠠᠮᠠᠭᠠᠢ ᠪᠠᠷ ᠲᠡᠮᠡᠴᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠵᠢᠨ‌‍ᠰᠠᠨᠠᠭᠠᠴᠢᠯᠠᠭ᠎ᠠ ᠪᠠᠨ

ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ‌ᠨᠡᠶᠢᠭᠡᠮ ᠵᠢᠷᠤᠮ ᠤᠨ ᠨᠡᠩ ᠭᠡᠷᠡᠯ

ᠰᠠᠴᠤᠷᠠᠩᠭᠤᠢ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃

ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ‌‍ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ

ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ‌‍ᠲ᠋ᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠢᠷ ᠤᠨ

ᠪᠤᠰᠤ ᠶᠢᠨ ᠲᠠᠪᠤᠨ ᠵᠢᠯ ᠮᠥᠨ᠃ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ

ᠮᠠᠨᠳᠤᠯᠲᠠ ᠵᠢᠨ‌‍ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠷᠲᠢᠨᠴᠦ ᠶᠢᠨ ᠵᠠᠭᠤᠨ ᠵᠢᠯ ᠳ᠋ᠦ‌‍ᠲ᠋ᠣᠬᠢᠶᠠᠯᠳᠤᠭ᠎ᠠ

ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭ᠎ᠠ ᠤᠳᠠᠭ᠎ᠠ ᠵᠢᠨ‌‍ᠪᠦ᠋ᠭᠦᠳᠡ ᠬᠤᠷᠠᠯ ᠬᠢᠵᠦ᠂

ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠵᠢᠨ‌‍ᠪᠠᠶᠢᠭᠤᠯᠤᠮᠵᠢ ᠶᠢᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ‌ᠨᠡᠶᠢᠭᠡᠮ ᠵᠢᠷᠤᠮ ᠤᠨ ᠪᠠᠶᠢᠭᠤᠯᠤᠯ ᠢ

ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠵᠢᠨ‌‍ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢ ᠠᠬᠢᠭᠤᠯᠬᠤ᠂ ︽ᠠᠷᠪᠠᠨ‌‍ᠲ᠋ᠥ᠋ᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ

ᠠᠯᠤᠰ ᠤᠨ ᠬᠠᠷᠠᠯᠲᠠ ᠵᠢ‌‍ᠲ᠋ᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ

ᠪᠠ‌‍ᠲ᠋ᠡᠦᠬᠡᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ‌‍ᠲ᠋ᠣᠭᠲᠠᠭᠠᠯ ᠪᠠ

ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ‌‍ᠴᠢᠬᠤᠯᠠ ᠶᠡᠭᠡ ᠪᠠᠶᠢᠯᠳᠤᠬᠤ

ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ‌ᠤᠯᠤᠰ ᠤᠨ ᠦᠨᠳᠦᠰᠦᠲᠡᠨ ᠨᠦᠭᠦᠳ ᠤᠨ

ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ‌ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ

ᠵᠠᠯᠭᠠᠭ᠎ᠠ ᠪᠠᠷ ᠲᠤᠯᠭᠠᠷᠠᠭᠰᠠᠨ ᠯᠤᠲᠤ ᠶᠡᠭᠡ‌ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂

ᠡᠷᠡᠮᠡᠬᠡᠶᠢᠯᠡᠨ ᠲᠡᠮᠡᠴᠡᠵᠦ‌ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃

ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ‌‍ᠲ᠋ᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ

ᠲᠥᠪᠯᠡᠷᠡᠩᠭᠦᠢ ᠨᠢᠭᠡᠳᠦᠯᠲᠡᠢ‌ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠭᠦ

ᠲᠠᠯ᠎ᠠ ᠪᠠᠷ‌‍ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠬᠥᠭᠵᠢᠯᠲᠡ ᠵᠢᠨ‌ᠣᠶᠢᠯᠠᠭᠠᠭᠳᠠᠬᠤᠨ ᠢ

ᠪᠦᠷᠢᠨ ᠪᠦᠲᠦᠨ᠂ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ‌‍ᠰᠠᠶᠢᠲᠠᠢ ᠬᠥᠭᠵᠢᠯᠲᠡ ᠶᠢ ᠬᠦᠴᠦᠯᠡᠨ

ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ‍ᠢ‌‍ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠥᠭᠡᠷᠡᠴᠢᠯᠡᠯᠲᠡ ᠶᠢ

ᠲᠦᠷᠭᠡᠨ ᠪᠥᠭᠡᠳ ᠯᠠᠪᠳᠠᠭᠤᠨ ᠵᠶ᠋ᠠᠷ‌ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ

ᠠᠬᠢᠭᠤᠯᠵᠤ᠂ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ‍ᠤᠨ‌‍ᠲ᠋ᠡᠷᠢᠭᠦᠨ ᠤ

ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ‌‍ᠰᠠᠶᠢᠵᠢᠷᠠᠭᠤᠯᠬᠤ ᠶᠢ ᠳᠣᠪᠤᠶᠢᠯᠭᠠᠵᠤ᠂

ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ‌‍ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ

ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠢ‌‍ᠶᠡᠭᠡ ᠪᠠᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ

᠂ ᠬᠦᠨᠳᠦ ᠶᠡᠭᠡ ᠠᠶᠤᠯ‌‍ᠲ᠋ᠦ᠋ᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ

ᠪᠠᠲᠤᠯᠠᠵᠤ᠂ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠵᠢ‌‍ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ

ᠭᠠᠳᠠᠭᠠᠳᠤ‌ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ

ᠰᠢᠨ᠎ᠡ‌ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ

ᠨᠠᠮ‌‍ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ‌‍ᠪᠠᠶᠢᠭᠤᠯᠤᠭᠳᠠᠭᠰᠠᠨ

ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ‌‍ᠲ᠋ᠡᠦᠬᠡ ᠶᠢᠨ ᠰᠢᠢᠳᠪᠦᠷᠢ ᠶᠢ ᠲᠣᠭᠲᠠᠭᠠᠨ᠂

ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ‌‍ᠬᠥ᠋ᠮᠦᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠲᠡᠦᠬᠡ ᠶᠢᠨ ᠦᠵᠡᠰᠭᠦᠯᠡᠩ ‍ᠦᠨ‌ᠣᠷᠳᠣᠨ ᠢ ᠪᠠᠶᠢᠭᠤᠯᠤᠨ᠂ ᠪᠦᠭᠦ ᠨᠠᠮ ᠢ ᠤᠷᠢᠶᠠᠯᠠᠨ ᠨᠠᠮ ᠪᠠᠶᠢᠭᠤᠯᠤᠭᠰᠠᠨ

ᠠᠭᠤᠤ ᠶᠡᠭᠡ ᠵᠣᠷᠢᠭ‌‍ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠰᠢᠨ᠎ᠡ ᠠᠶᠠᠨ ᠳᠤ ᠨᠡᠩ ᠡᠷᠡᠰ ᠪᠠᠲᠤ᠂ ᠨᠡᠩ

ᠤᠬᠠᠮᠰᠠᠷ‌ᠡᠴᠡ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ‌ᠢᠷᠡᠭᠡᠳᠦᠢ ᠶᠢ

ᠡᠭᠦᠳᠦᠨ ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ‌ᠦᠷᠪᠢᠰᠦᠯ ᠤᠨ ᠬᠢᠵᠢᠭ ᠤᠨ

ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ‌ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂

ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠵᠢ‌‍ᠰᠡᠷᠭᠡᠶᠢᠯᠡᠬᠦ᠂ ᠳᠣᠲᠣᠨ᠎ᠠ ᠪᠠᠨ ᠳᠠᠭᠢᠨ ᠲᠠᠷᠬᠠᠨ ᠳᠡᠯᠭᠡᠷᠡᠬᠦ ᠶᠢ

ᠰᠡᠷᠭᠡᠶᠢᠯᠡᠬᠦ ᠶᠢ ᠪᠠᠷᠢᠮᠲᠠᠯᠠᠵᠤ᠂ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ

ᠠᠷᠠᠳ ‍ᠤᠨ‌‍ᠲ᠋ᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ᠠᠷᠠᠳ

ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠵᠢ‌ᠬᠠᠮᠤᠭ ᠤᠨ ᠶᠡᠭᠡ

ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ‌ᠠᠵᠤ ᠠᠬᠤᠢ ᠨᠡᠶᠢᠭᠡᠮ ᠤᠨ ᠬᠥᠭᠵᠢᠯᠲᠡ ᠶᠢ

ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ‌ᠢᠳᠡᠪᠬᠢᠲᠡᠢ ᠦᠷ᠎ᠡ ᠪᠦᠲᠦᠭᠡᠯ ᠣᠯᠪᠠ᠃ ᠰᠢᠶᠠᠩᠭᠠᠩ ᠤᠨ

ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠵᠢᠨ‌ᠡᠮᠦᠨ᠎ᠡ᠂ ᠪᠢᠳᠡ ᠦᠨᠳᠦᠰᠦᠨ ᠬᠠᠤᠯᠢ ᠪᠠ ᠦᠨᠳᠦᠰᠦ ᠪᠤᠯᠬᠤ

ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ‍ᠤ‌ᠣᠨᠴᠠᠭᠠᠢ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ

ᠪᠦᠲᠦᠮᠵᠢᠲᠡᠢ ᠬᠡᠷᠡᠭᠵᠢᠭᠦᠯᠵᠦ᠂ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ ᠠᠮᠤᠷ ᠲᠦᠪᠰᠢᠨ ᠢ

ᠬᠠᠮᠠᠭᠠᠯᠠᠬᠤ‌ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ ᠰᠢᠶᠠᠩᠭᠠᠩ ᠢ ᠵᠠᠰᠠᠬᠤ︾

ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ ᠡᠴᠡ‌‍ᠲ᠋ᠦ᠋ᠪᠰᠢᠷᠡᠭᠰᠡᠨ ᠪᠠᠶᠢᠳᠠᠯ ᠳᠤ

ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ‌‍ᠰᠢᠶᠠᠩᠭᠠᠩ ᠣᠣᠮᠧᠨ ᠤ ᠲᠣᠮᠣ ᠪᠤᠯᠤᠩ ᠤᠨ

ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ

᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ᠲᠠᠶᠢᠸᠠᠨ ᠢ

ᠲᠤᠰᠠᠭᠠᠷ ᠲᠣᠭᠲᠠᠨᠢᠭᠤᠯᠬᠤ︾ ᠬᠦᠴᠦᠨ ‍ᠦ‌ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠲᠠᠶᠢᠸᠠᠨ ᠤ

ᠬᠡᠷᠡᠭ ᠶᠠᠪᠤᠳᠠᠯ ᠳᠤ ᠭᠠᠷ‌‍ᠲ᠋ᠦ᠋ᠷᠦᠭᠦ ᠬᠦᠨᠳᠦ ᠨᠣᠴᠢᠲᠠᠢ ᠥᠳᠥᠭᠡᠯᠭᠡ ᠶᠢᠨ ᠡᠮᠦᠨ᠎ᠡ᠂ ᠪᠢᠳᠡ ᠬᠠᠭᠠᠴᠠᠭᠤᠯᠬᠤ ᠶᠢ ᠡᠰᠡᠷᠭᠦᠴᠡᠬᠦ

᠂ ᠭᠠᠷ‌‍ᠲ᠋ᠦ᠋ᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠮᠠᠨ ᠤ ᠤᠯᠤᠰ ᠤᠨ ᠡᠷᠬᠡ‌ᠮᠡᠳᠡᠯ ᠪᠠ

ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ‌‍ᠲ᠋ᠣᠭᠲᠠᠨᠢᠭᠤᠯᠬᠤ︾ ᠶᠢ

ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠡᠬᠡ ᠣᠷᠣᠨ ᠤ ᠪᠦᠷᠢᠨ ᠨᠢᠭᠡᠳᠦᠯ ᠢ

ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ‌ᠡᠷᠬᠡ ᠶᠢ ᠤᠯᠠᠮ ᠴᠢᠨᠠᠭᠰᠢᠳᠠ ᠡᠵᠡᠮᠰᠢᠵᠦ᠂ ᠳᠡᠯᠡᠬᠡᠢ

ᠨᠡᠶᠢᠲᠡ ᠶᠢᠨ ᠨᠢᠭᠡ ᠯᠡ ᠳᠤᠮᠳᠠᠳᠤ ᠤᠯᠤᠰ‌‍ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ᠃

ᠳᠡᠯᠡᠬᠡᠢ ᠵᠢᠨ‌‍ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠭᠠᠳᠠᠭᠠᠳᠤ ᠶᠢᠨ ᠬᠢᠬᠠᠯᠲᠠ᠂ ᠰᠢᠬᠠᠯᠲᠠ᠂

ᠪᠢᠲᠡᠭᠦᠮᠵᠢᠯᠡᠯᠲᠡ᠂ ᠲᠤᠶᠢᠯ ᠤᠨ ᠶᠡᠭᠡ ᠳᠠᠷᠤᠯᠲᠠ ᠶᠢᠨ ᠡᠮᠦᠨ᠎ᠡ᠂ ᠪᠢᠳᠡ ᠤᠯᠤᠰ ᠤᠨ ᠠᠰᠢᠭ ᠲᠤᠰᠠ ᠵᠢ‌‍ᠴᠢᠬᠤᠯᠠᠴᠢᠯᠠᠨ᠂

ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠵᠢ‌‍ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ

ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ‌‍ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭᠯᠡᠯ ᠠᠴᠠ ᠠᠶᠤᠬᠤ

ᠦᠭᠡᠢ ᠡᠷᠡᠰ ᠪᠠᠲᠤ ᠵᠣᠷᠢᠭ ᠰᠠᠨᠠᠭ᠎ᠠ ᠵᠢ‌ᠢᠯᠡᠷᠡᠭᠦᠯᠵᠦ᠂ ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ

ᠠᠰᠢᠭ ᠲᠤᠰᠠ ᠵᠢ‌ᠬᠠᠮᠠᠭᠠᠯᠠᠨ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ

ᠪᠠᠲᠤ‌ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ

ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ‍ᠢ‌‍ᠰᠢᠢᠳᠪᠦᠷᠢᠯᠡᠨ᠂ ᠠᠯᠤᠰ ᠭᠡᠳᠤ ᠳᠤ

ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ‍ᠢ‌‍ᠪᠦ᠋ᠲᠦᠭᠡᠵᠦ᠂ ᠨᠠᠮ ᠪᠣᠯᠣᠨ ᠤᠯᠤᠰ ᠤᠨ ᠠᠵᠢᠯ

ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ‌‍ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃

ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ‌ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ ᠪᠠᠶᠢᠨ᠎ᠠ᠃

ᠠᠷᠪᠠᠨ ᠵᠢᠯ ᠤᠨ ᠲᠤᠷᠰᠢ᠂ ᠪᠢᠳᠡ ᠨᠠᠮ ᠪᠠ‌ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ

ᠪᠠ ᠠᠯᠤᠰ ᠭᠡᠳᠦ ᠶᠢᠨ ᠲᠡᠦᠬᠡᠲᠦ‌ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ᠄ ᠨᠢᠭᠡ ᠳᠤ

ᠳᠤᠮᠳᠠᠳᠤ ᠤᠯᠤᠰ ‍ᠤᠨ‌ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂

ᠬᠤᠶᠠᠷ ᠲᠤ᠋‌‍ᠲ᠋ᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂

ᠭᠤᠷᠪᠠ ᠳ᠋ᠤ᠋‌‍ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ‌‍ᠪᠡᠶᠡᠯᠡᠭᠦᠯᠬᠦ

ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ‍ᠦᠨ‌ᠬᠠᠷᠠᠯᠲᠠ ᠶᠢ ᠪᠡᠶᠡᠯᠡᠭᠦᠯᠪᠡ᠃ ᠡᠨᠡ ᠪᠣᠯ

ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ‌ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ

ᠲᠡᠦᠬᠡᠲᠦ ᠴᠢᠨᠠᠷᠲᠠᠢ ᠢᠯᠠᠯᠲᠠ ᠮᠥᠨ᠂ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ

ᠭᠡᠶᠢᠭᠦᠯᠦᠭᠰᠡᠨ ᠲᠡᠦᠬᠡᠲᠦ‌‍ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ

ᠦᠵᠡᠭᠦᠯᠭᠦ‌‍ᠲ᠋ᠡᠦᠬᠡᠲᠦ ᠴᠢᠨᠠᠷᠲᠠᠢ ᠢᠯᠠᠯᠲᠠ ᠮᠥᠨ᠃

ᠠᠷᠪᠠᠨ ᠵᠢᠯ ᠤᠨ ᠡᠮᠦᠨ᠎ᠡ᠂ ᠮᠠᠨ ᠤ ᠡᠮᠦᠨ᠎ᠡ‌‍ᠲ᠋ᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ

ᠵᠢᠷᠤᠮᠲᠤ‌ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ‍ᠤᠨ‌‍ᠪᠠᠶᠢᠭᠤᠯᠤᠯᠲᠠ ᠶᠢᠨ

ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ ᠪᠢᠳᠡᠨ ‍ᠦ‌ᠦᠷᠭᠦᠯᠵᠢᠯᠡᠨ

ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ‍ᠢ‌‍ᠪᠦ᠋ᠷᠢᠯᠳᠦᠭᠦᠯᠦᠨ ᠥᠭᠴᠦ᠂

ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ ᠠᠯᠢ ᠤᠯᠠᠨ‌ᠤᠷᠳᠤ ᠬᠤᠭᠤᠴᠠᠭᠠᠨ ᠳᠤ ᠬᠤᠷᠠᠮᠳᠤᠭᠰᠠᠨ

ᠵᠢᠴᠢ ᠰᠢᠨ᠎ᠡ ᠪᠠᠷ ᠢᠯᠡᠷᠡᠭᠰᠡᠨ ᠲᠣᠪᠣᠶᠢᠮ᠎ᠠ ᠵᠥᠷᠢᠴᠡᠯ ᠪᠠ‌ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠵᠠᠢ᠃

ᠨᠠᠮ ᠤᠨ ᠳᠣᠲᠣᠭᠠᠳᠤ ᠳᠤ ᠨᠠᠮ ‍ᠤᠨ‌ᠤᠳᠤᠷᠢᠳᠤᠯᠭ᠎ᠠ ᠶᠢ ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ᠂ ᠠᠵᠢᠯᠯᠠᠭ᠎ᠠ ᠶᠢᠨ

ᠬᠦᠴᠦᠨ ᠮᠡᠬᠦᠰ‌‍ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ

ᠨᠠᠶᠢᠳᠠᠪᠤᠷᠢᠵᠢᠭᠤᠯᠬᠤ‌‍ᠲ᠋ᠠᠯ᠎ᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ

ᠪᠤᠰᠤ‌ᠣᠷᠣᠰᠢᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ‌ᠭᠤᠶᠢᠪᠢᠯᠵᠠᠵᠤ᠂

ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ‌‍ᠰᠤᠷᠲᠠᠯ᠂ ᠵᠢᠷᠭᠠᠨ ᠴᠡᠩᠭᠡᠬᠦ ᠦᠵᠡᠯ ᠪᠠ

ᠱᠠᠯᠢᠨ‌‍ᠪᠦ᠋ᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ ᠦᠵᠡᠯ‌‍ᠰᠠᠨᠠᠭ᠎ᠠ ᠪᠠ

ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ‌ᠢᠯᠵᠠᠷᠠᠬᠤ ᠠᠰᠠᠭᠤᠳᠠᠯ

ᠬᠥᠮᠥᠰ ᠢ ᠰᠣᠴᠢᠭᠠᠮ᠎ᠠ ᠬᠡᠮᠵᠢᠶᠡᠨ ᠳᠤ ᠭᠦᠷᠴᠡᠢ ︔ ᠠᠵᠤ ᠠᠬᠤᠢ ᠶᠢᠨ ᠪᠦᠲᠦᠴᠡ ᠵᠢᠨ‌‍ᠴᠢᠨᠠᠷᠲᠠᠢ ᠳᠦᠷᠢᠮ ᠤᠨ ᠴᠢᠨᠠᠷᠲᠠᠢ

ᠵᠥᠷᠢᠴᠡᠯ ᠲᠣᠪᠣᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ‌‍ᠪᠤᠰᠤ᠂ ᠦᠷᠭᠦᠯᠵᠢᠯᠡᠬᠦ ᠪᠤᠰᠤ ᠪᠠᠶᠢᠵᠤ᠂

ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ‌‍ᠪᠡᠷᠬᠡ ᠪᠣᠯᠵᠤ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠮᠵᠢ

ᠲᠣᠭᠲᠠᠴᠠ ᠶᠢᠨ ᠠᠰᠠᠭᠤᠳᠠᠯ ᠪᠠ ᠠᠰᠢᠭ‌‍ᠲ᠋ᠤᠰᠠ ᠶᠢᠨ ᠬᠠᠲᠠᠭᠤ ᠰᠠᠭᠠᠳ ᠡᠳᠦᠷ ᠢᠷᠡᠬᠦᠶ᠎ᠡ ᠢᠯᠡᠷᠡᠵᠦ ᠪᠠᠶᠢᠪᠠ ︔ ᠵᠠᠷᠢᠮ

ᠬᠥᠮᠥᠰ ᠤᠨ ᠳᠤᠮᠳᠠᠳᠤ‌ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯ ᠤᠨ ᠲᠤᠬᠠᠢ

ᠢᠲᠡᠭᠡᠯ‌ᠮᠡᠬᠦᠰ᠂ ᠬᠠᠤᠯᠢ ᠪᠠᠶᠢᠲᠠᠯ᠎ᠠ ᠵᠢᠷᠤᠮᠯᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠵᠡᠷᠭᠡ‌ᠠᠰᠠᠭᠤᠳᠠᠯ

ᠬᠦᠨᠳᠦ ᠨᠣᠴᠢᠲᠠᠢ ᠣᠷᠣᠰᠢᠵᠤ ᠪᠠᠶᠢᠪᠠ ︔ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ᠵᠢᠷᠭᠠᠵᠤ ᠴᠡᠩᠬᠡᠬᠦ ᠦᠵᠡᠯ᠂

ᠬᠡᠲᠦᠷᠡᠮᠡᠬᠡᠢ ᠬᠤᠪᠢᠨᠴᠢᠷ ᠦᠵᠡᠯ ᠪᠠ ᠲᠡᠦᠬᠡ ᠶᠢ ᠦᠭᠡᠶᠢᠰᠭᠡᠭᠦ ᠦᠵᠡᠯ‌ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ

ᠪᠠᠶᠢᠨ ᠪᠠᠶᠢᠨ ᠭᠠᠷᠴᠤ᠂ ᠰᠦᠯᠵᠢᠶᠡᠨ ᠤ ᠶᠠᠷᠢᠶ᠎ᠠ‌‍ᠬᠡᠯᠡᠯᠴᠡᠭᠡ ᠳᠤ ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ

ᠰᠠᠨᠠᠭ᠎ᠠ ᠪᠠ ᠨᠡᠶᠢᠭᠡᠮ ‍ᠦᠨ‌‍ᠶᠠᠷᠢᠶ᠎ᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ ︔ ᠠᠷᠠᠳ ᠤᠨ

ᠠᠮᠢᠳᠤᠷᠠᠯ ‍ᠤᠨ‌‍ᠪᠠᠲᠤᠯᠠᠭ᠎ᠠ ᠳᠤ ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠪᠠ ︔ ᠡᠬᠢ ᠪᠠᠶᠠᠯᠢᠭ

ᠣᠷᠴᠢᠨ‌‍ᠲ᠋ᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ ᠠᠰᠠᠭᠤᠳᠠᠯ‌‍ᠲ᠋ᠣᠪᠣᠶᠢᠮ᠎ᠠ

ᠪᠠᠶᠢᠪᠠ ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ᠲᠡᠭᠦᠯᠳᠡᠷᠵᠢᠭᠡᠳᠦᠢ᠂ ᠡᠯ᠎ᠡ‌ᠵᠦ᠋ᠢᠯ ᠤᠨ ᠬᠦᠨᠳᠦ ᠶᠡᠭᠡ

ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭ᠎ᠠ ᠪᠢᠰᠢ᠂ ᠤᠯᠤᠰ ‍ᠤᠨ‌‍ᠪᠠᠲᠤᠯᠠᠨ ᠬᠠᠮᠠᠭᠠᠯᠠᠯᠲᠠ ᠪᠠ ᠴᠡᠷᠢᠭ

ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ ᠳᠤᠲᠠᠭᠤᠳᠠᠯ ᠪᠠ‌‍ᠪᠠᠭᠤᠷᠠᠢ ᠲᠠᠯ᠎ᠠ ᠣᠷᠣᠰᠢᠵᠤ ᠪᠠᠶᠢᠪᠠ ︔ ᠰᠢᠶᠠᠩᠭᠠᠩ᠂

ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ‍ᠢ‌‍ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠠᠶᠢᠭᠤᠯᠤᠮᠵᠢ

ᠲᠣᠭᠲᠠᠴᠠ ᠨᠢ ᠪᠦᠷᠢᠨ ᠲᠡᠭᠦᠯᠳᠡᠷ ᠪᠢᠰᠢ‌‍ᠪᠠᠶᠢᠪᠠ ︔ ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ

ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ‌ᠮᠡᠲᠦ᠃ ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ

ᠳᠡᠭᠡᠷᠡᠬᠢ ᠴᠥᠭᠡᠨ ᠪᠤᠰᠤ ᠬᠥᠮᠥᠰ‌ᠨᠠᠮ ᠪᠠ ᠤᠯᠤᠰ ᠤᠨ ᠢᠷᠡᠭᠡᠳᠦᠢ ᠳᠤ ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ

ᠤᠷᠳᠤ ᠬᠤᠭᠤᠴᠠᠭ᠎ᠠ ᠪᠠᠷ‌‍ᠲ᠋ᠦ᠋ᠷᠦ ᠪᠠᠷᠢᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ

ᠲᠦᠮᠡᠨ ᠤ ᠵᠣᠯ‌ᠵᠢᠷᠭᠠᠯ ᠠᠮᠤᠷ ᠠᠮᠤᠭᠤᠯᠠᠩ ᠢ ᠨᠥᠯᠥᠭᠡᠯᠡᠬᠦ ᠡᠳᠡᠭᠡᠷ ᠲᠣᠪᠣᠶᠢᠮ᠎ᠠ ᠵᠥᠷᠢᠴᠡᠯ ᠪᠠ ᠠᠰᠠᠭᠤᠳᠠᠯ ᠤᠨ ᠡᠮᠦᠨ᠎ᠡ᠂

ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ

ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ‌ᠨᠠᠮ ᠪᠦᠭᠦ ᠴᠡᠷᠢᠭ ᠪᠦᠭᠦ

ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ‌‍ᠲ᠋ᠠᠭᠠᠭᠤᠯᠵᠤ ᠬᠠᠨᠴᠤᠢ ᠰᠢᠮᠠᠯᠠᠨ ᠴᠢᠷᠮᠠᠶᠢᠨ

ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ᠡᠷᠡᠰ ᠰᠢᠭᠤᠷᠬᠠᠢ ᠪᠠᠷ ᠮᠠᠰᠢ ᠤᠯᠠᠨ ᠰᠢᠨ᠎ᠡ ᠲᠡᠦᠬᠡᠨ

ᠣᠨᠴᠠᠯᠢᠭ ᠲᠠᠢ ᠠᠭᠤᠤ ᠶᠡᠭᠡ ᠲᠡᠮᠡᠴᠡᠯ ‍ᠢ‌‍ᠶᠠᠪᠤᠭᠳᠠᠭᠤᠯᠪᠠ᠃

ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ‍ᠦ‌ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ

ᠫᠢᠩ ᠤᠨ ᠣᠨᠣᠯ᠂ ︽ᠭᠤᠷᠪᠠ ᠵᠢ‌‍ᠲ᠋ᠥ᠋ᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ

ᠦᠵᠡᠯᠲᠡ ᠵᠢ‌‍ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ‌‍ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂ ᠦᠨᠳᠦᠰᠦᠨ

ᠠᠷᠭ᠎ᠠ‌‍ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ‌ᠠᠷᠭ᠎ᠠ

ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ‌ᠣᠯᠠᠨ

ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ ‍ᠦᠨ‌‍ᠴᠢᠨᠠᠷᠲᠠᠢ ᠦᠷ᠎ᠡ ᠪᠦᠲᠦᠭᠡᠯ

ᠣᠯᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ

ᠢᠷᠡᠭᠰᠡᠨ ᠠᠶᠤᠯ ᠲᠦᠭᠰᠢᠭᠦᠷᠢ ᠥᠷᠢᠰᠦᠯᠳᠦᠭᠡᠨ ᠰᠢᠯᠭᠠᠯᠲᠠ ᠵᠢ‌‍ᠲ᠋ᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ

ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ

ᠨᠡᠶᠢᠭᠡᠮ ᠵᠢᠷᠤᠮᠲᠤ ᠣᠳᠣᠬᠢᠴᠢᠯᠠᠭᠰᠠᠨ‌ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠶᠢ

ᠠᠬᠢᠭᠤᠯᠪᠠ᠃

— ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ

ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠶ‌ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ

ᠪᠣᠳᠣᠯᠭ᠎ᠠ ᠶᠢ ᠲᠣᠳᠣᠷᠬᠠᠶᠢᠯᠠᠵᠤ᠂ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ

ᠦᠵᠡᠯ ᠰᠠᠨᠠᠭ᠎ᠠ‌‍ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ

ᠴᠠᠭ‌ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠭᠦ ᠤᠨᠤᠯ ᠢᠶᠠᠷ

ᠲᠠᠷᠢᠬᠢ‌‍ᠲ᠋ᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠵᠢ‌‍ᠴᠥ᠋ᠬᠦᠷᠡᠰᠢ

ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ‍ᠦᠨ‌‍ᠬᠥ᠋ᠭᠵᠢᠯᠲᠡ ᠳᠤ

ᠦᠨᠳᠦᠰᠦᠨ ᠵᠢᠷᠤᠮᠯᠠᠯ ᠬᠠᠩᠭᠠᠪᠠ᠃

— ᠪᠢᠳᠡ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ‌‍ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ‍ᠤᠨ‌ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ

ᠤᠳᠤᠷᠢᠳᠤᠯᠭ᠎ᠠ ᠮᠥᠨ᠂ ᠳᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ

ᠳᠠᠪᠠᠭᠤᠯᠢᠭ ᠪᠣᠯ ᠳᠤᠮᠳᠠᠳᠤ‌ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠡᠪ

ᠬᠠᠮᠲᠤ ᠨᠠᠮ ᠪᠣᠯ‌ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ ᠲᠥᠪ

ᠬᠤᠷᠢᠶᠠᠨ ‍ᠤ‌‍ᠲ᠋ᠥ᠋ᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ‌‍ᠲ᠋ᠦ᠋ᠷᠦ ᠶᠢᠨ

ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ‍ᠢ‌‍ᠰᠢᠰᠲ᠋ᠧᠮ ᠲᠠᠢ

ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠵᠢᠡᠨ‌‍ᠴᠢᠩᠭᠠᠳᠬᠠᠵᠤ᠂ ᠤᠬᠠᠮᠰᠠᠷ ᠠᠴᠠ ᠪᠠᠨ

ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ‌ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ

ᠨᠢᠭᠡᠳᠦᠯᠲᠡᠢ ᠪᠠᠶᠢᠵᠤ᠂ ᠤᠯᠤᠰ ᠲᠥᠷᠥ ᠵᠢᠨ‌ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂

ᠤᠯᠤᠰ ᠲᠦᠷᠦ ᠶᠢᠨ ᠭᠦᠢᠴᠡᠳᠬᠡᠬᠦ‌‍ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ

ᠡᠷᠬᠡ ᠰᠦᠷ ᠪᠠ‌‍ᠲ᠋ᠥ᠋ᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ ᠪᠦᠭᠦ

ᠲᠠᠯ᠎ᠠ ᠵᠢ‌ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ‌‍ᠶᠢ

ᠦᠨᠡᠨ ᠬᠦ ᠪᠠᠲᠤᠯᠠᠵᠤ᠂ ᠶᠢᠰᠦᠨ ᠮᠢᠩᠭ᠎ᠠ ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠡᠶ‌ᠮᠠᠨ ᠤ ᠡᠨᠡ ᠬᠦ

ᠮᠠᠷᠺᠰ ᠤᠨ ᠦᠵᠡᠯ ᠤᠨ ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃

— ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ‍ᠤᠨ‌ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ

ᠪᠦᠷᠢᠨ ᠲᠡᠭᠦᠯᠳᠡᠷ ᠪᠠᠶᠢᠯᠳᠤᠬᠤ‌‍ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ

ᠰᠡᠷᠭᠦᠨ‌ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ ᠳᠤᠷᠠᠳᠴᠤ᠂ ᠳᠤᠮᠳᠠᠳᠤ ᠤᠯᠤᠰ ‍ᠤᠨ‌ᠮᠠᠶ᠋ᠢᠭ ᠤᠨ

ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠢ‌ᠠᠬᠢᠭᠤᠯᠵᠤ᠂ ᠠᠭᠤᠤ ᠶᠡᠭᠡ

ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ‌‍ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ

ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ

ᠪᠠᠶᠢᠯᠳᠤᠬᠤ ᠪᠣᠳᠣᠯᠭ᠎ᠠ ᠵᠢᠨ‌‍ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ

ᠠᠵᠢᠯ ‍ᠤᠨ‌‍ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ‌‍ᠲ᠋ᠥ᠋ᠯᠥᠪᠵᠢᠭᠦᠯᠵᠦ᠂

ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠡᠳᠦᠷ‌ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ

ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ‌‍ᠲ᠋ᠡᠩᠴᠡᠭᠦᠷᠢ ᠦᠭᠡᠢ ᠭᠦᠢᠴᠡᠳ ᠪᠤᠰᠤ ᠪᠠᠶᠢᠬᠤ  ᠶᠢᠨ

ᠬᠤᠭᠤᠷᠣᠨᠳᠣᠭᠢ ᠵᠥᠷᠢᠴᠡᠯ ᠮᠥᠨ ᠭᠡᠳᠡᠭ ‍ᠢ‌‍ᠲ᠋ᠣᠳᠣᠷᠬᠠᠶᠢᠯᠠᠭᠰᠠᠨ ᠪᠥᠭᠡᠳ ᠡᠨᠡ ᠬᠦ ᠨᠡᠶᠢᠭᠡᠮ ᠤᠨ ᠭᠤᠣᠯ ᠵᠥᠷᠢᠴᠡᠯ ᠲᠠᠢ

ᠨᠢᠭᠲᠠ ᠤᠶᠠᠯᠳᠤᠭᠤᠯᠤᠨ ᠡᠯ᠎ᠡ‌ᠵᠦ᠋ᠢᠯ ᠤᠨ ᠠᠵᠢᠯ ᠢᠶᠠᠨ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ

ᠭᠡᠯᠪᠡᠷᠢ‌‍ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠪᠡ᠃

— ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ

ᠮᠢᠩᠭᠠᠨ ᠣᠨ ᠤ ᠬᠦᠰᠡᠯ‌ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ ᠥᠨᠳᠥᠷ ᠲᠡᠦᠬᠡ ᠶᠢᠨ

ᠭᠠᠷᠤᠭ᠎ᠠ‌‍ᠲ᠋ᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ ᠲᠡᠳᠭᠦᠭᠦ᠂ ᠭᠠᠪᠰᠢᠭᠠᠢ ᠠᠩᠭᠢ‌‍ᠪᠠᠶᠢᠯᠳᠤᠬᠤ ᠶᠢ

ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠡᠷ‌ᠬᠠᠮᠤᠭ ᠤᠨ ᠶᠡᠭᠡ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠵᠢ‌ᠣᠯᠵᠤ᠂ ᠪᠦᠭᠦ ᠤᠯᠤᠰ ᠤᠨ 832 ᠶᠠᠳᠠᠭᠤ

ᠬᠦᠴᠢᠷᠳᠡᠯᠲᠡᠢ ᠰᠢᠶᠠᠨ ᠪᠦᠭᠦᠨ ᠢᠶᠠᠷ ᠢᠶᠠᠨ ᠶᠠᠳᠠᠭᠤ ᠡᠴᠡ‌ᠠᠩᠭᠢᠵᠢᠷᠠᠵᠤ᠂ ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ

ᠶᠠᠳᠠᠭᠤ ᠬᠦᠴᠢᠷᠳᠡᠯᠲᠡᠢ ᠬᠥᠮᠥᠨ ᠠᠮᠠ ᠵᠢ‌‍ᠶᠠᠳᠠᠭᠤ ᠠᠴᠠ ᠠᠩᠭᠢᠵᠢᠷᠠᠭᠤᠯᠵᠤ᠂ 960 ᠭᠠᠷᠤᠢ ᠲᠦᠮᠡᠨ ᠶᠠᠳᠠᠭᠤ

ᠬᠦᠴᠢᠷᠳᠡᠯᠲᠡᠢ ᠬᠥᠮᠥᠨ ᠠᠮᠠ ᠵᠢ‌ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠤᠶᠢᠯ ᠤᠨ ᠶᠠᠳᠠᠭᠤ ᠬᠦᠴᠢᠷᠳᠡᠯᠲᠡᠢ

ᠪᠠᠶᠢᠬᠤ‌ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠶᠠᠳᠠᠭᠤ‌‍ᠬᠦ᠋ᠴᠢᠷᠳᠡᠯᠲᠡᠢ ᠬᠥᠮᠥᠨ

ᠠᠮᠠ ᠶᠢ ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃

— ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ‍ᠢ‌‍ᠲ᠋ᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ ᠰᠠᠶᠢᠲᠠᠢ

ᠬᠥᠭᠵᠢᠯᠲᠡ ᠶᠢ ᠬᠦᠴᠦᠯᠡᠨ ᠠᠬᠢᠭᠤᠯᠵᠤ᠂ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂

ᠬᠠᠩᠭᠠᠯᠭ᠎ᠠ ᠶᠢᠨ ᠲᠠᠯ᠎ᠠ ᠵᠢᠨ‌‍ᠪᠦ᠋ᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ ᠤᠯᠠᠨ ᠪᠦᠭᠦ

ᠲᠠᠯ᠎ᠠ ᠵᠢᠨ‌‍ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ

ᠪᠣᠳᠣᠯᠭ᠎ᠠ ᠵᠢ‌‍ᠲ᠋ᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ

ᠦᠰᠦᠷᠦᠯᠲᠡ‌‍ᠲ᠋ᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ‌ᠦᠷᠲᠡᠭ

54 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ‌‍ᠪᠣᠯᠣᠨ ᠨᠡᠮᠡᠭᠳᠡᠵᠦ

᠂ ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠵᠢᠨ‌‍ᠶᠡᠷᠦᠩᠬᠡᠢ ᠬᠡᠮᠵᠢᠶᠡᠨ ᠤ ᠬᠤᠪᠢ ᠶᠢᠨ

ᠵᠢᠩ 18.5%  ᠳᠤ ᠬᠦᠷᠴᠦ᠂ ᠵᠠᠭᠤᠨ ᠤ ᠬᠠᠷᠢᠴᠠᠯ ᠢᠶᠠᠷ 7.2ᠬᠤᠪᠢ ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ

ᠪᠠᠲᠤᠲᠠᠢ ᠣᠷᠣᠪᠠ ︔ ᠬᠥᠮᠥᠨ ᠳᠤᠮᠳᠠᠴᠢ ᠵᠢᠨ‌ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ

39800 ᠲᠥᠭᠦᠷᠢᠭ‌‍ᠪᠠᠶᠢᠭᠰᠠᠨ ᠠᠴᠠ ᠪᠠᠨ 81000 ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ

ᠲᠠᠷᠢᠮᠠᠯ ‍ᠤᠨ‌‍ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ‌‍ᠬᠥ᠋ᠮᠥᠨ ᠤ

ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠦᠲᠦᠮᠵᠢᠲᠡᠢ‌‍ᠪᠠᠲᠤᠯᠠᠭ᠎ᠠ ᠲᠠᠢ ᠪᠣᠯᠪᠠ᠃ ᠬᠤᠲᠠ

ᠪᠠᠯᠭᠠᠰᠤᠵᠢᠯᠲᠠ ᠶᠢᠨ ᠨᠤᠷᠮ᠎ᠠ ᠵᠠᠭᠤᠨ ᠤ ᠬᠠᠷᠢᠴᠠᠯ ᠢᠶᠠᠷ 11.6 ᠬᠤᠪᠢ‌‍ᠲ᠋ᠡᠭᠡᠭᠰᠢᠯᠡᠵᠦ᠂ 64.7% ᠳᠤ ᠭᠦᠷᠪᠡ᠃

ᠦᠢᠯᠡᠳᠭᠦ ᠦᠢᠯᠡᠰ ᠤᠨ ᠬᠡᠪᠴᠢᠶ᠎ᠡ᠂ ᠭᠠᠳᠠᠭᠠᠳᠤ‌ᠭᠤᠪᠢᠭᠤᠯᠭ᠎ᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ

ᠣᠷᠣᠪᠠ᠃ ᠳᠡᠯᠡᠬᠡᠢ ᠳᠡᠭᠡᠷᠡᠬᠢ‌ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ

ᠲᠣᠣᠷ᠂ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ

ᠰᠠᠭᠤᠷᠢ‌‍ᠲ᠋ᠥ᠋ᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ‌‍ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠵᠢ‌‍ᠱᠠᠯᠠᠪᠳᠠᠭᠤᠯᠤᠨ ᠠᠬᠢᠭᠤᠯᠵᠤ᠂

ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ‍ᠤᠨ‌ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ

ᠪᠠᠶᠢᠭᠰᠠᠨ ᠠᠴᠠ 28000 ᠳ᠋ᠦᠩᠰᠢᠭᠤᠷ ᠲᠥᠭᠦᠷᠢᠭ ᠪᠤᠯᠲᠠᠯ᠎ᠠ‌ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ᠂

ᠰᠤᠳᠤᠯᠤᠨ ᠨᠡᠭᠡᠭᠡᠬᠦ ᠠᠵᠢᠯᠲᠠᠨ ‍ᠤ‌‍ᠶᠡᠷᠦᠩᠬᠡᠢ ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ

ᠪᠠ ᠤᠤᠭᠠᠯ ᠰᠢᠨ᠎ᠡ‌ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ

ᠮᠡᠷᠭᠡᠵᠢᠯ ‍ᠦᠨ‌‍ᠲ᠋ᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠡᠷ‌‍ᠬᠥ᠋ᠭᠵᠢᠭᠰᠡᠨ

ᠠᠵᠤ ᠦᠢᠯᠡᠰ ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ᠰᠠᠷᠠᠨ ᠪᠥᠮᠪᠥᠷᠴᠡᠭ ᠢ ᠬᠠᠶᠢᠨ

ᠰᠢᠨᠵᠢᠯᠡᠬᠦ᠂ ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠡᠴᠡ‌‍ᠲ᠋ᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ

 ᠤ ᠠᠶᠠᠯᠠᠯ ᠵᠠᠯᠠᠭᠤᠷ᠂ ᠺᠸᠠᠨ᠋ᠲ ᠮᠡᠳᠡᠭᠡ ᠵᠠᠩᠭᠢ᠂ᠴᠥᠮ᠎ᠡ ᠶᠢᠨ ᠴᠠᠭᠢᠯᠭᠠᠨ ᠤ ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂

ᠲᠣᠮᠣ ᠨᠢᠰᠬᠡᠯ ᠦᠢᠯᠡᠳᠭᠦ᠂ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠵᠤ᠂

ᠰᠢᠨ᠎ᠡ ᠵᠢ‌ᠡᠭᠦᠳᠭᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃

— ᠪᠢᠳᠡ ᠯᠤᠲᠤ ᠶᠡᠭᠡ ᠤᠯᠤᠰ ᠲᠥᠷᠥ ᠶᠢᠨ ᠰᠥᠰᠥ‌ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ

ᠭᠦᠨᠵᠡᠭᠡᠶᠢᠷᠡᠭᠦᠯᠵᠦ᠂ ᠥᠭᠡᠷᠡᠴᠢᠯᠡᠯᠲᠡ ᠵᠢᠨ‌‍ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠥᠭᠡᠷᠡᠴᠢᠯᠡᠯᠲᠡ ᠶᠢᠨ

ᠦᠵᠦ ᠲᠥᠯᠥᠪᠯᠡᠭᠡ ᠵᠢ‌‍ᠴᠢᠩᠭᠠᠳᠬᠠᠵᠤ᠂ ᠲᠦᠭᠰᠢᠭᠦᠷᠢᠲᠤ ᠣᠷᠣᠨ ᠳᠤ ᠵᠣᠷᠢᠭᠲᠠᠢ ᠪᠠᠷ ᠰᠢᠪᠲᠤᠯᠤᠨ ᠣᠷᠣᠵᠤ᠂

ᠵᠣᠷᠢᠭᠲᠠᠢ ᠪᠠᠷ‌‍ᠬᠦ᠋ᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂

ᠰᠢᠨ᠎ᠡ‌ᠵᠥ᠋ᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭ᠎ᠠ

ᠣᠶᠢᠯᠠᠭᠠᠭᠳᠠᠬᠤᠨ ‍ᠤ‌‍ᠬᠦ᠋ᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠰᠢᠪᠲᠤᠯᠵᠤ᠂

ᠡᠯ᠎ᠡ‌‍ᠲ᠋ᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ ᠬᠦᠷᠢᠶᠡᠨ ‍ᠦ‌‍ᠰᠠᠭᠤᠷᠢ ᠴᠢᠨᠠᠷᠲᠠᠢ

ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ‌‍ᠬᠦ᠋ᠷᠢᠶᠡᠨ ᠳᠤ ᠲᠡᠦᠬᠡᠲᠦ ᠴᠢᠨᠠᠷᠲᠠᠢ

ᠬᠤᠪᠢᠰᠤᠯᠲᠠ᠂ ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ‌‍ᠲ᠋ᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ

ᠨᠢᠭᠡ ᠡᠭᠡᠯᠵᠢ ᠶᠢᠨ ᠨᠠᠮ ᠪᠠ ᠲᠥᠷᠥ ᠵᠢᠨ‌‍ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂

ᠳᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂

ᠤᠯᠤᠰ ‍ᠤᠨ‌ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ‌ᠢᠯᠡᠳᠲᠡ

ᠳᠡᠭᠡᠭᠰᠢᠯᠡᠪᠡ᠃

— ᠪᠢᠳᠡ ᠨᠠᠩ ᠢᠳᠡᠪᠬᠢᠲᠡᠢ ᠪᠥᠭᠡᠳ‌‍ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂

ᠪᠦᠭᠦ‌‍ᠪᠥ᠋ᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ

ᠲᠣᠣᠷ ‍ᠢ‌‍ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ‌ᠠᠷᠠᠯᠵᠢᠶᠠᠨ ᠤ

ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ‌ᠨᠢᠭᠡ ᠵᠠᠮ︾ ᠢ ᠬᠠᠮᠲᠤ ᠪᠠᠷ

ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ‌ᠣᠯᠠᠨ ᠤᠯᠤᠰ ᠤᠨ ᠣᠯᠠᠨ ᠨᠡᠶᠢᠲᠡ ᠶᠢᠨ

ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ‌‍ᠪᠣᠯᠵᠠᠢ᠃ ᠮᠠᠨ ᠤ ᠤᠯᠤᠰ 140 ᠭᠠᠷᠤᠢ ᠤᠯᠤᠰ ᠪᠠ

ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ‌‍ᠪᠣᠯᠵᠤ᠂ ᠪᠠᠷᠠᠭᠠᠨ ᠤ ᠠᠷᠠᠯᠵᠢᠶᠠᠨ ᠤ ᠶᠡᠷᠦᠩᠬᠡᠢ ᠲᠤᠭ᠎ᠠ ᠳᠡᠯᠡᠬᠡᠢ ᠶᠢᠨ

ᠨᠢᠭᠡᠳᠦᠭᠡᠷ ᠲᠤ ᠣᠷᠣᠵᠤ᠂ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠲᠠᠯ᠎ᠠ ᠪᠠᠷ ᠳᠡᠯᠡᠬᠡᠢ ᠶᠢᠨ

ᠡᠮᠦᠨ᠎ᠡ‌ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ

ᠳᠠᠪᠬᠤᠷᠭ᠎ᠠ ᠵᠢᠨ‌ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃

— ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ‌ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ

ᠵᠠᠮᠨᠠᠬᠤ ᠶᠢ ᠪᠠᠷᠢᠮᠲᠠᠯᠠᠵᠤ᠂ ᠪᠦᠭᠦ‌‍ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠂ ᠨᠡᠶᠢᠭᠡᠮ

ᠵᠢᠷᠤᠮ ᠤᠨ ᠠᠷᠠᠳᠴᠢᠯᠠᠭᠰᠠᠨ‌ᠤᠯᠤᠰ ᠲᠦᠷᠦ ᠶᠢᠨ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ ᠪᠦᠭᠦ

ᠲᠠᠯ᠎ᠠ ᠪᠠᠷ‌ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ‌‍ᠲ᠋ᠦ᠋ᠮᠡᠨ

ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ‍ᠤ‌ᠠᠷᠠᠳᠴᠢᠯᠠᠯ ᠤᠨ

ᠠᠮᠢᠳᠤᠯᠢᠭ ᠬᠦᠴᠦᠨ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ‌‍ᠹᠷᠣᠨᠲ ᠢ ᠪᠠᠬᠢᠵᠢᠭᠦᠯᠦᠨ ᠥᠷᠭᠡᠳᠬᠡᠵᠦ᠂

ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨ᠎ᠡ ᠳᠦᠷᠰᠦ‌‍ᠪᠠᠶᠢᠳᠠᠯ ᠢᠯᠡᠷᠡᠨ᠂ ᠨᠠᠮ ᠤᠨ ᠱᠠᠰᠢᠨ ᠰᠤᠷᠲᠠᠬᠤᠨ ᠤ

ᠠᠵᠢᠯ ᠤᠨ ᠦᠨᠳᠦᠰᠦᠨ ᠴᠢᠭᠯᠡᠯᠲᠡ ᠪᠦᠭᠦ ᠲᠠᠯ᠎ᠠ ᠪᠠᠷ‌‍ᠲ᠋ᠤᠭᠤᠰᠢᠯᠠᠭᠳᠠᠵᠤ᠂ ᠬᠥᠮᠥᠨ ᠤ ᠡᠷᠬᠡ ᠶᠢ ᠨᠡᠩ ᠰᠠᠶᠢᠨ ᠪᠠᠲᠤᠯᠠᠪᠠ᠃

ᠨᠡᠶᠢᠭᠡᠮ ᠵᠢᠷᠤᠮ ᠤᠨ ᠬᠠᠤᠯᠢᠵᠢᠯ ‍ᠤᠨ‌ᠤᠯᠤᠰ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠬᠠᠤᠯᠢ

 ᠪᠠᠷ ᠤᠯᠤᠰ ᠵᠶ᠋ᠠᠨ‌ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ ᠤᠨ

ᠣᠨᠴᠠᠯᠢᠭ‌‍ᠲ᠋ᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢ

ᠪᠠᠷᠢᠬᠤ‌‍ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠵᠤ᠂ ᠨᠡᠶᠢᠭᠡᠮ ᠤᠨ ᠲᠥᠪ‌ᠭᠤᠣᠯᠴᠢ

ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ ᠬᠠᠤᠯᠢᠵᠢᠯ ᠤᠨ ᠳᠤᠮᠳᠠᠳᠤ‌ᠤᠯᠤᠰ ᠤᠨ

ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃

— ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ‍ᠤᠨ‌‍ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ

ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ‌‍ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ

ᠡᠭᠦᠳᠦᠭᠰᠡᠨ ᠤᠨᠤᠯ ᠬᠥᠮᠥᠰ ᠤᠨ ᠰᠡᠳᠬᠢᠯ ᠳ᠋ᠦ‌ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ

ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ ᠴᠢᠨᠠᠷᠲᠠᠢ ᠪᠠᠷ

ᠤᠯᠠᠷᠢᠭᠤᠯᠤᠬᠲᠠᠵᠤ᠂ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ ᠦᠢᠯᠡᠰ ᠡᠳᠦᠷ ᠢᠷᠡᠬᠦᠶ᠎ᠡ

ᠴᠡᠴᠡᠭᠯᠡᠨ‌‍ᠬᠥ᠋ᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ ᠤᠬᠠᠮᠰᠠᠷ ‍ᠤᠨ‌‍ᠭᠡᠯᠪᠡᠷᠢ ᠶᠢᠨ

ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ‌ᠬᠤᠪᠢᠷᠠᠯᠲᠠ ᠭᠠᠷᠴᠠᠢ᠃ ᠪᠢᠳᠡ ᠳᠤᠮᠳᠠᠳᠤ

ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ90 ᠵᠢᠯ ᠤᠨ ᠣᠢ᠂ ᠥᠭᠡᠷᠡᠴᠢᠯᠡᠯᠲᠡ ᠨᠡᠭᠡᠭᠡᠯᠲᠡ

ᠬᠢᠭᠰᠡᠨ 40 ᠵᠢᠯ ᠤᠨ ᠣᠢ ᠶᠢ ᠦᠪᠡᠳᠡᠭᠰᠢ ᠶᠡᠭᠡ ᠪᠡᠷ‌‍ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ

ᠡᠰᠡᠷᠭᠦᠴᠡᠬᠦ ᠲᠠᠶᠢᠨ ᠵᠢᠴᠢ ᠳᠡᠯᠡᠬᠡᠢ ᠵᠢᠨ‌‍ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ ᠣᠢ᠂

ᠳᠤᠮᠳᠠᠳᠤ ᠤᠯᠤᠰ ᠤᠨ ᠠᠷᠠᠳ ‍ᠤᠨ‌‍ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ

ᠲᠤᠰᠠᠯᠠᠬᠤ ᠪᠠᠷ‌ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂

ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ‍ᠤᠨ‌ᠵᠡᠮᠳᠡᠭᠴᠦᠳ ᠤᠨ

ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ‌ᠦᠶ᠎ᠡ ᠶᠢᠨ ᠬᠢᠨ ᠨᠡᠩ ᠢᠳᠡᠪᠬᠢᠲᠡᠢ

ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ‍ᠤᠨ‌ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ

ᠢᠲᠡᠭᠡᠯ ᠢᠯᠡᠳᠲᠡ ᠴᠢᠩᠭᠠᠷᠠᠵᠤ᠂ ᠣᠶᠣᠨ‌‍ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠪᠠ᠃

— ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ‌‍ᠬᠥ᠋ᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂

ᠨᠢᠯᠬ᠎ᠠ ᠪᠠᠶᠢᠬᠤ ᠳᠤᠨᠢ ᠠᠰᠠᠷᠠᠬᠤ‌ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠬᠥᠯᠥᠰᠦ

ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ ᠠᠰᠠᠷᠠᠮᠵᠢ ᠲᠠᠢ᠂ ᠰᠠᠭᠤᠬᠤ ᠡᠴᠡ‌ᠣᠷᠣᠨ

ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ ᠲᠠᠯ᠎ᠠ ᠪᠠᠷ‌ᠦᠷᠭᠦᠯᠵᠢᠯᠡᠨ ᠬᠦᠴᠦᠯᠡᠵᠦ᠂

ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ ᠬᠥᠮᠥᠨ‌‍ᠲ᠋ᠤᠮᠳᠠᠴᠢ ᠶᠢᠨ ᠵᠢᠱᠢᠭᠰᠡᠨ ᠨᠠᠰᠤᠨ ᠬᠤᠲᠤᠭ 78.2

ᠨᠠᠰᠤ ᠪᠣᠯᠵᠤ ᠨᠡᠮᠡᠭᠳᠡᠪᠡ᠃ ᠰᠠᠭᠤᠭᠠᠯᠢ ᠠᠷᠠᠳ ‍ᠤᠨ‌‍ᠬᠥ᠋ᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500

ᠲᠥᠭᠦᠷᠢᠭ ᠪᠠᠶᠢᠭᠰᠠᠨ ᠠᠴᠠ ᠪᠠᠨ 35100ᠲᠥᠭᠦᠷᠢᠭ ᠪᠣᠯᠵᠤ ᠨᠡᠮᠡᠭᠳᠡᠪᠡ᠃ ᠬᠤᠲᠠ ᠪᠠᠯᠭᠠᠰᠤᠨ  ᠳᠤ ᠵᠢᠯ ᠳᠤᠮᠳᠠᠴᠢ ᠪᠠᠷ

1300 ᠲᠦᠮᠡ ᠭᠠᠷᠤᠢ‌‍ᠬᠥ᠋ᠮᠥᠨ ᠳᠤ ᠰᠢᠨ᠎ᠡ ᠪᠠᠷ ᠠᠵᠢᠯ ᠣᠯᠭᠤᠪᠠ᠃ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ

ᠶᠡᠭᠡ‌‍ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ‌ᠬᠠᠮᠠᠭᠠᠯᠠᠯ ᠤᠨ

ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠬᠢᠷᠢ ᠲᠦᠪᠰᠢᠨ‌‍ᠲ᠋ᠡᠦᠬᠡᠲᠦ ᠴᠢᠨᠠᠷᠲᠠᠢ

ᠳᠠᠪᠠᠯᠲᠠ ᠶᠢ ᠪᠡᠶᠡᠯᠡᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ10.4 ᠳ᠋ᠦᠩᠰᠢᠭᠤᠷ ᠬᠥᠮᠥᠨ ᠢ

ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠰᠠᠨ‌ᠨᠤᠷᠮ᠎ᠠ 95% ᠳᠤ ᠲᠣᠭᠲᠠᠪᠤᠷᠢᠵᠢᠪᠠ᠃

ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳ᠋ᠤᠨᠢ‌‍ᠲ᠋ᠣᠬᠢᠷᠠᠭᠤᠯᠪᠠ᠃ ᠳᠥᠭᠦᠮ ᠪᠦᠲᠦᠴᠡᠲᠦ ᠣᠷᠣᠨ

ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ‌ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠬᠥᠳᠡᠭᠡ

ᠲᠣᠰᠬᠤᠨ ᠤ 2400 ᠭᠠᠷᠤᠢ ᠲᠦᠮᠡᠨ ᠡᠷᠦᠭᠡ ᠵᠢᠨ‌ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ

ᠬᠥᠳᠡᠭᠡ ᠶᠢᠨ ᠰᠠᠭᠤᠭᠠᠯᠢ‌ᠠᠷᠠᠳ ᠤᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ

ᠰᠦᠯᠵᠢᠶᠡᠨ ᠳᠤ ᠭᠠᠷᠤᠭᠰᠠᠨ‌‍ᠬᠥ᠋ᠮᠥᠨ ᠤ ᠲᠤᠭ᠎ᠠ 10.3 ᠳ᠋ᠦᠩᠰᠢᠭᠤᠷ ᠲᠤ ᠬᠦᠷᠴᠡᠢ᠃ ᠠᠷᠠᠳ ᠤᠯᠠᠨ ᠤ ᠬᠦᠷᠲᠡᠮᠵᠢ ᠶᠢᠨ

ᠲᠥᠷᠥᠭᠳᠡᠯ᠂ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂

ᠨᠡᠩ‌ᠦᠷᠭᠦᠯᠵᠢᠯᠡᠬᠦ ᠪᠣᠯᠵᠤ᠂ ᠬᠠᠮᠲᠤ ᠪᠠᠷ ᠪᠠᠶᠠᠵᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃

— ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ‌ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ

ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ‌‍ᠲ᠋ᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ

ᠴᠣᠭᠴᠠᠵᠢᠭᠤᠯᠤᠨ ᠬᠠᠮᠠᠭᠠᠯᠠᠬᠤ‌‍ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ

ᠬᠠᠮᠠᠭᠠᠯᠠᠯᠲᠠ ᠵᠢ‌‍ᠪᠦ᠋ᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ ᠴᠢᠩᠭᠠᠳᠬᠠᠵᠤ᠂ ᠠᠮᠢ

ᠠᠬᠤᠢ ᠵᠢᠨ‌‍ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ‌‍ᠪᠣᠭᠤᠮᠲᠠ

ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ᠂ᠪᠠᠭ᠎ᠠ ᠨᠡᠭᠦᠷᠡᠰᠦᠲᠥ᠋ᠷᠥᠭᠴᠢᠲᠦ

ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠢ ᠠᠬᠤᠢ‌ᠣᠷᠴᠢᠨ ᠲᠣᠭᠤᠷᠢᠨ ᠤ ᠬᠠᠮᠠᠭᠠᠯᠠᠯᠲᠠ ᠲᠡᠦᠬᠡᠲᠦ

ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ‌‍ᠲ᠋ᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠪᠢᠲᠡᠨ  ᠤ ᠡᠬᠡ ᠤᠯᠤᠰ ᠤᠨ

ᠲᠡᠭᠷᠢ ᠨᠢ ᠨᠡᠩ ᠴᠡᠯᠮᠡᠭ᠂ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃

— ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ‍ᠦ‌ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ

ᠲᠦᠪᠰᠢᠨ ᠤ ᠤᠳᠤᠷᠢᠳᠬᠤ ᠪᠠᠶᠢᠭᠤᠯᠤᠯ ᠪᠠ‌ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂

ᠲᠦᠷᠦ ᠶᠢᠨ ᠪᠣᠳᠣᠯᠭ᠎ᠠ ᠵᠢᠨ‌‍ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ ᠠᠰᠠᠭᠤᠳᠠᠯ ᠳᠡᠭᠡᠷ᠎ᠡ

ᠥᠴᠥᠬᠡᠨ ᠴᠦ‌ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ ᠡᠷᠬᠡ‌ᠮᠡᠳᠡᠯ

᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ‌‍ᠲ᠋ᠦ᠋ᠪᠰᠢᠨ ᠢ ᠪᠦᠭᠦ

ᠲᠠᠯ᠎ᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ‌ᠬᠠᠮᠲᠤ ᠪᠠᠷ ᠡᠳ᠋ᠯᠡᠭᠦ ᠨᠡᠶᠢᠭᠡᠮ ᠤᠨ

ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ᠦᠨᠳᠦᠰᠦᠲᠡᠨ ᠤ ᠬᠠᠭᠠᠴᠠᠭᠤᠯᠬᠤ ᠬᠦᠴᠦᠨ᠂ ᠱᠠᠰᠢᠨ

ᠰᠤᠷᠲᠠᠬᠤᠨ ᠤ ᠬᠡᠲᠦᠷᠡᠮᠡᠬᠡᠢ ᠬᠦᠴᠦᠨ᠂ᠬᠦᠴᠦᠷᠬᠡᠭᠯᠡᠯ ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ ᠬᠠᠷ᠎ᠠ

ᠪᠦᠯᠦᠭᠲᠡᠨ ᠬᠠᠷᠭᠢᠰ‌‍ᠬᠦ᠋ᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠯᠢ

ᠤᠯᠠᠨ‌‍ᠬᠦ᠋ᠨᠳᠦ ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ

ᠤᠯᠤᠰ ‍ᠤᠨ‌‍ᠪᠦ᠋ᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠭᠦᠷᠪᠡ᠃

— ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ‍ᠢ‌‍ᠬᠦ᠋ᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨ᠎ᠡ ᠴᠠᠭ

ᠦᠶ᠎ᠡ ᠶᠢᠨ ᠨᠠᠮ ᠤᠨ ᠴᠡᠷᠢᠭ ‍ᠢ‌‍ᠬᠦ᠋ᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ

ᠴᠡᠷᠢᠭ ‍ᠦᠨ‌‍ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠠᠮ ᠤᠨ ᠠᠷᠠᠳ ‍ᠤᠨ‌‍ᠴᠡᠷᠢᠭ

ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ‌‍ᠴᠡᠷᠢᠭ ᠤᠨ ᠤᠯᠤᠰ ᠲᠥᠷᠥ ᠶᠢᠨ

ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ‌‍ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠶᠢ

ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ‌‍ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠲᠤ ᠪᠠᠬᠢ ᠪᠤᠢ

ᠪᠤᠯᠭᠠᠵᠤ᠂ ᠪᠦᠭᠦ ᠴᠡᠷᠢᠭ ᠤᠨ ᠠᠵᠢᠯ ‍ᠤᠨ‌ᠭᠤᠣᠯᠳᠠᠯᠭ᠎ᠠ ᠶᠢ ᠳᠠᠶᠢᠨ ᠳᠤ ᠪᠡᠯᠡᠳᠬᠡᠨ ᠪᠠᠶᠢᠯᠳᠤᠭᠠᠨ ᠬᠢᠬᠦ ᠳᠡᠭᠡᠷ᠎ᠡ ᠡᠷᠡᠰ

ᠲᠠᠯᠪᠢᠵᠤ᠂ ᠡᠯ᠎ᠡ ᠴᠢᠭᠯᠡᠯ‌ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ

ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ ᠶᠡᠭᠡ ᠪᠠᠷ ᠠᠳᠬᠤᠵᠤ᠂ᠤᠯᠤᠰ ᠤᠨ

ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ‌‍ᠶᠡᠭᠡ ᠪᠠᠷ ᠭᠦᠨᠵᠡᠭᠡᠶᠢᠷᠡᠭᠦᠯᠵᠦ᠂

ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ ᠤᠳᠤ ᠦᠶ᠎ᠡ ᠶᠢᠨ ᠴᠡᠷᠢᠭ ᠤᠨ ᠶᠠᠪᠤᠳᠠᠯ ᠤᠨ

ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠵᠢᠨ‌‍ᠪᠣᠳᠣᠯᠭ᠎ᠠ ᠳᠦᠷᠢᠮ ᠢ ᠳᠠᠭᠢᠨ ᠪᠠᠶᠢᠭᠤᠯᠵᠤ᠂ ᠤᠯᠤᠰ ᠤᠨ

ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠵᠢᠨ‌ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂

ᠴᠡᠷᠢᠭ ᠤᠨ ᠠᠯᠪᠠ ᠬᠠᠭᠠᠵᠤ ᠪᠠᠶᠢᠭ᠎ᠠ‌‍ᠬᠥ᠋ᠮᠥᠨ ᠤ ᠲᠤᠭ᠎ᠠ ᠶᠢ ᠭᠤᠴᠢᠨ ᠲᠦᠮᠡ ᠬᠠᠰᠤᠬᠤ ᠶᠢ ᠢᠯᠠᠯᠲᠠ ᠲᠠᠢ ᠪᠠᠷ

ᠪᠡᠶᠡᠯᠡᠭᠦᠯᠵᠦ᠂ ᠠᠷᠠᠳ ᠤᠨ ᠴᠡᠷᠢᠭ‌ᠠᠩᠭᠢ ᠶᠢᠨ ᠪᠠᠶᠢᠭᠤᠯᠤᠮᠵᠢ ᠨᠢ ᠰᠢᠨ᠎ᠡ᠂ ᠪᠦᠲᠦᠴᠡ ᠨᠢ ᠰᠢᠨ᠎ᠡ᠂ ᠪᠠᠶᠢᠷᠢᠰᠢᠯ ᠨᠢ ᠰᠢᠨ᠎ᠡ

᠂ ᠳᠦᠷᠰᠦ ᠪᠠᠶᠢᠳᠠᠯ‌ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ ᠲᠦᠪᠰᠢᠨ ᠪᠠ ᠪᠣᠳᠠᠲᠤ ᠪᠠᠶᠢᠯᠳᠤᠭᠠᠨ ᠤ

ᠴᠢᠳᠠᠪᠤᠷᠢ‌ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ‌‍ᠶᠠᠪᠤᠬᠤ

ᠲᠤᠳᠤᠮ ᠰᠠᠷᠠᠭᠤᠯ ᠳᠠᠷᠳᠠᠩ ᠪᠣᠯᠪᠠ᠃

— ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ‍ᠢ‌‍ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ ᠣᠨᠣᠪᠴᠢᠲᠠᠢ

ᠠᠬᠢᠭᠤᠯᠵᠤ᠂ ︽ᠨᠢᠭᠡ ᠤᠯᠤᠰ ᠲᠤ᠋‌ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ

ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ

ᠴᠢᠭᠯᠡᠯᠲᠡ ᠵᠢ‌‍ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ

ᠣᠷᠣᠭᠰᠠᠨ‌ᠡᠴᠡ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ

ᠰᠢᠨ᠎ᠡ‌‍ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ

ᠲᠣᠭᠲᠠᠭᠤᠨ‌‍ᠬᠥ᠋ᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ

ᠲᠠᠶᠢᠸᠠᠨ ‍ᠤ‌ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂

ᠲᠠᠶᠢᠸᠠᠨ‌ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ︽ᠲᠠᠶᠢᠸᠠᠨ ‍ᠢ‌‍ᠲ᠋ᠤᠰᠠᠭᠠᠷ

ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠵᠢᠨ‌‍ᠬᠦ᠋ᠴᠦᠨ ᠤ ᠭᠠᠷ ᠲᠦᠷᠦᠭᠦ ᠶᠢ

ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠵᠢᠨ‌ᠬᠠᠷᠢᠴᠠᠭᠠᠨ ᠤ ᠭᠤᠣᠯᠯᠠᠬᠤ ᠡᠷᠬᠡ ᠪᠠ

ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃

— ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ‌ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ

ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ‌ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂

ᠳᠡᠯᠡᠬᠡᠢ ᠶᠢᠨ ᠲᠥᠪ ᠭᠤᠣᠯᠴᠢ‌‍ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ

ᠰᠠᠨᠠᠭᠠᠴᠢᠯᠠᠨ‌ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ‌‍ᠬᠦ᠋ᠴᠦᠷᠬᠡᠭᠯᠡᠯ ᠤᠨ

ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ‌ᠦᠵᠡᠯ᠂ ᠪᠠᠯᠠᠮᠠᠳ ᠠᠵᠢᠯᠯᠠᠭ᠎ᠠ ᠶᠢ

ᠡᠷᠡᠰ ᠭᠤᠶᠢᠪᠢᠰᠢ ᠦᠭᠡᠢ ᠡᠰᠡᠷᠭᠦᠴᠡᠪᠡ᠃ ᠪᠢᠳᠠ ᠭᠠᠳᠠᠭᠠᠳᠤ‌ᠬᠠᠷᠢᠯᠴᠠᠭᠠᠨ ᠤ ᠶᠡᠷᠦᠩᠬᠡᠢ ᠪᠠᠶᠢᠷᠢᠰᠢᠭᠤᠯᠤᠯᠲᠠ ᠶᠢ

ᠲᠡᠭᠦᠯᠳᠡᠷᠵᠢᠭᠦᠯᠵᠦ᠂ ᠪᠦᠭᠦ ᠪᠥᠮᠪᠥᠷᠴᠡᠭ ‍ᠢ‌‍ᠪᠦ᠋ᠷᠬᠦᠭᠰᠡᠨ ᠬᠠᠨᠢᠲᠠᠨ ᠤ ᠬᠠᠷᠢᠯᠴᠠᠭ᠎ᠠ ᠶᠢᠨ ᠲᠣᠣᠷ ᠢ ᠢᠳᠡᠪᠬᠢᠲᠡᠢ ᠪᠠᠶᠢᠭᠤᠯᠵᠤ᠂

ᠰᠢᠨ᠎ᠡ ᠭᠡᠯᠪᠡᠷᠢ ᠵᠢᠨ‌ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ ᠪᠢᠳᠡ ᠬᠠᠷᠢᠭᠤᠴᠠᠯᠭ᠎ᠠ ᠲᠠᠢ

ᠲᠣᠮᠣ‌ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ‍ᠦᠨ‌ᠥᠭᠡᠷᠡᠴᠢᠯᠡᠯᠲᠡ

ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠲᠠᠢ

ᠲᠡᠮᠡᠴᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠪᠦᠭᠦ‌‍ᠲ᠋ᠠᠯ᠎ᠠ ᠪᠠᠷ ᠥᠷᠨᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ

ᠮᠠᠭᠲᠠᠭᠠᠯ ᠰᠠᠶᠢᠰᠢᠶᠠᠯ ᠢ ᠣᠯᠵᠤ᠂ᠮᠠᠨ ᠤ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂

ᠴᠣᠭᠴᠠᠯᠠᠬᠤ‌‍ᠬᠦ᠋ᠴᠦᠨ ᠢᠯᠡᠳᠲᠡ ᠳᠡᠭᠡᠭᠰᠢᠯᠡᠪᠡ᠃

— ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ‌ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ

ᠵᠠᠪᠠᠯ ᠬᠠᠲᠠᠭᠤ‌‍ᠪᠠᠶᠢᠬᠤ ᠶᠢ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠡᠴᠡ‌ᠡᠬᠢᠯᠡᠨ

ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠵᠢᠨ‌‍ᠶᠡᠷᠦᠩᠬᠡᠢ ᠱᠠᠭᠠᠷᠳᠠᠯᠭ᠎ᠠ ᠶᠢ

ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠵᠢᠨ‌‍ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ

ᠵᠦᠢᠯ ᠤᠨ ᠠᠵᠢᠯ ᠢ ᠶᠡᠷᠦᠩᠬᠡᠶᠢᠯᠡᠨ‌ᠵᠢᠯᠣᠭᠤᠳᠤᠭᠤᠯᠵᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ

ᠵᠠᠰᠠᠬᠤ ᠵᠢ‌ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ

ᠲᠥᠷᠥ ᠵᠢᠨ‌ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠢ ᠦᠷᠭᠦᠯᠵᠢᠯᠡᠨ‌ᠥᠷᠨᠢᠭᠦᠯᠵᠦ

᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ‌‍ᠪᠠᠷᠢᠮᠲᠠᠯᠠᠵᠤ᠂ ᠤᠯᠤᠰ

ᠲᠥᠷᠥ ᠶᠢᠨ ᠪᠠᠷᠢᠮᠵᠢᠶ᠎ᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ‍ᠢ‌‍ᠲ᠋ᠣᠮᠢᠯᠠᠬᠤ ᠶᠢ ᠳᠣᠪᠤᠶᠢᠯᠭᠠᠵᠤ᠂ ᠤᠯᠤᠰ ᠲᠦᠷᠦ ᠶᠢᠨ

ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ

ᠲᠣᠭᠲᠠᠭᠠᠯ ᠤᠨ ᠰᠢᠰᠲ᠋ᠧᠮ ‍ᠢ‌‍ᠪᠦ᠋ᠷᠢᠯᠳᠦᠭᠦᠯᠵᠦ᠂ ᠪᠦᠭᠦ ᠨᠠᠮ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂

ᠵᠣᠬᠢᠶᠠᠨ‌‍ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠲᠣᠭᠲᠠᠭᠠᠯ ᠢ ᠴᠢᠩᠳᠠᠯᠠᠬᠤ ᠵᠢ‌ᠠᠬᠢᠭᠤᠯᠪᠠ᠃

ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠬᠤᠪᠢᠷᠠᠰᠢ‌ᠦᠭᠡᠢ ᠪᠠᠷᠢᠮᠲᠠᠯᠠᠵᠤ᠂

ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ‌ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ

ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ‍ᠢ‌ᠡᠰᠡᠷᠭᠦᠴᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ

ᠢᠯᠵᠠᠷᠠᠯ ᠤᠨ ᠠᠰᠠᠭᠤᠳᠠᠯ ‍ᠢ‌ᠡᠷᠡᠰ ᠴᠡᠭᠴᠡᠯᠡᠨ ᠵᠠᠰᠠᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ

ᠵᠠᠷᠢᠮ‌ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ‌‍ᠭᠡᠮ ᠢ

ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨ᠎ᠡ ᠪᠠᠶᠢᠭ᠎ᠠ ᠦᠭᠡᠢ ᠢᠯᠵᠠᠷᠠᠯ ᠢ ᠡᠰᠡᠷᠭᠦᠴᠡᠬᠦ‌‍ᠲ᠋ᠡᠮᠡᠴᠡᠯ ᠢ ᠥᠷᠨᠢᠭᠦᠯᠵᠦ᠂ ︽

ᠮᠢᠩᠭ᠎ᠠ ᠲᠦᠮᠡᠨ ᠬᠥᠮᠥᠨ ᠲᠠᠢ ᠮᠠᠭᠤᠳᠠᠯᠴᠠᠭᠰᠠᠨ ᠴᠤ ᠠᠷᠪᠠᠨ ᠲᠦᠷᠪᠡᠨ‌‍ᠳᠦ᠋ᠩᠰᠢᠭᠤᠷ ᠠᠷᠠᠳ ᠲᠦᠮᠡᠨ ᠢ ᠬᠥᠰᠡᠷᠳᠡᠭᠦᠯᠬᠦ

ᠦᠭᠡᠢ︾ ᠭᠡᠬᠦ ᠡᠭᠦᠷᠭᠡ ᠬᠠᠷᠢᠭᠤᠴᠠᠯᠭ᠎ᠠ ᠪᠠᠷ ᠠᠷᠬᠠᠭ‌‍ᠭᠡᠮ ᠢ ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ

ᠵᠢᠷᠦᠬᠡᠰᠢᠶᠡᠬᠦ᠂ ᠢᠯᠵᠠᠷᠠᠵᠤ ᠪᠤᠯᠬᠤ‌ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ

ᠠᠬᠢᠭᠤᠯᠵᠤ᠂ ︽ᠪᠠᠷᠰ ‍ᠢ‌‍ᠴᠣᠬᠢᠵᠤ︾᠂ ︽ᠢᠯᠠᠭ᠎ᠠ ᠶᠢ ᠰᠠᠪᠠᠭ᠋ᠤ︾᠂ ︽ᠦᠨᠡᠭᠡ ᠶᠢ ᠠᠩᠨᠠᠬᠤ︾ ᠶᠢ ᠵᠡᠷᠭᠡ ᠪᠠᠷ

ᠶᠠᠪᠤᠭᠤᠯᠵᠤ᠂ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ ᠣᠯᠣᠭᠰᠠᠨ ᠪᠥᠭᠡᠳ ᠪᠦᠭᠦ

ᠲᠠᠯ᠎ᠠ ᠪᠠᠷ‌‍ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭ᠎ᠠ ᠬᠦᠨᠳᠦ

ᠨᠣᠴᠢᠲᠠᠢ‌‍ᠲ᠋ᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ

ᠠᠷᠠᠳ‌‍ᠲ᠋ᠦ᠋ᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ‌‍ᠴᠢᠷᠮᠠᠶᠢᠯᠭ᠎ᠠ ᠪᠠᠷ

ᠲᠠᠮᠵᠢᠨ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ‌ᠮᠠᠨᠳᠤᠵᠤ ᠪᠠᠭᠤᠷᠠᠬᠤ ᠲᠡᠦᠬᠡᠨ

ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ

ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ ᠴᠢᠩᠭᠠᠷᠠᠵᠤ᠂

ᠨᠠᠮ ᠢ ᠬᠠᠮᠢᠶᠠᠷᠴᠤ ᠨᠠᠮ ‍ᠢ‌ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ

ᠬᠤᠪᠢᠷᠠᠭᠤᠯᠵᠤ᠂ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ

ᠲᠠᠰᠤᠷᠠᠯᠳᠠ‌ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ‌ᠬᠤᠪᠢᠷᠠᠬᠤ

ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃

ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ‍ᠤ‌ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ

ᠭᠦᠢᠴᠡᠳ ᠨᠤᠲᠠᠯᠠᠬᠤ ᠶᠢᠨ ᠬᠠᠮᠲᠤ᠂ ᠮᠠᠨ ‍ᠤ‌ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂

ᠴᠥᠭᠡᠨ ᠪᠤᠰᠤ ᠬᠦᠴᠢᠷᠳᠡᠯ ᠪᠠ‌ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃

ᠡᠭᠦᠨ ᠳ᠋ᠦ‌ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ ᠮᠥᠨ

ᠲᠣᠪᠣᠶᠢᠮ᠎ᠠ‌ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ ᠰᠠᠭᠠᠳ‌ᠬᠤᠷᠢᠭ᠎ᠠ

ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ‍ᠦᠨ‌‍ᠰᠢᠨ᠎ᠡ ᠶᠢ ᠡᠭᠦᠳᠭᠦ ᠴᠢᠳᠠᠪᠤᠷᠢ

ᠪᠠᠰᠠ ᠴᠢᠩᠭ᠎ᠠ ᠪᠢᠰᠢ ᠪᠠᠶᠢᠨ᠎ᠠ ︔ ᠠᠮᠤ ᠪᠤᠳᠠᠭ᠎ᠠ᠂ ᠡᠨᠧᠷᠭᠢ᠂ ᠠᠵᠤ‌ᠦᠢᠯᠡᠰ ᠤᠨ ᠬᠡᠯᠬᠢᠶ᠎ᠡ ᠬᠠᠩᠭᠠᠯᠭ᠎ᠠ ᠶᠢᠨ

ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ‌‍ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ

ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ‌‍ᠶᠡᠭᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔

ᠭᠤᠣᠯᠳᠠᠯᠭ᠎ᠠ ᠲᠠᠢ ᠬᠦᠷᠢᠶᠡᠨ ‍ᠦ‌ᠥᠭᠡᠷᠡᠴᠢᠯᠡᠯᠲᠡ ᠳᠤ ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ

ᠴᠢᠬᠤᠯᠠᠲᠠᠢ‌‍ᠪᠠᠶᠢᠨ᠎ᠠ ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ ᠥᠷᠢᠰᠦᠯᠳᠦᠭᠡᠨ

ᠣᠷᠣᠰᠢᠵᠤ‌‍ᠪᠠᠶᠢᠨ᠎ᠠ ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ

ᠬᠤᠪᠢᠶᠠᠷᠢᠯᠠᠯᠲᠠ ᠵᠢᠨ‌ᠵᠥ᠋ᠷᠢᠶ᠎ᠡ ᠮᠥᠨ ᠯᠡ ᠨᠡᠯᠢᠶᠡᠳ ᠶᠡᠭᠡ ᠪᠠᠶᠢᠨ᠎ᠠ ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ

ᠬᠥᠮᠦᠵᠢᠯ᠂ᠡᠮ ᠡᠮᠨᠡᠯᠭᠡ᠂ ᠨᠠᠶᠢᠳᠠᠨ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ‌‍ᠲ᠋ᠠᠯ᠎ᠠ ᠪᠠᠷ

ᠴᠥᠭᠡᠨ ᠪᠤᠰᠤ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ ︔ ᠠᠮᠢ ᠠᠬᠤᠢ ᠣᠷᠴᠢᠨ‌‍ᠲ᠋ᠣᠭᠤᠷᠢᠨ ᠤ ᠬᠠᠮᠠᠭᠠᠯᠠᠯᠲᠠ ᠶᠢᠨ

ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ ︔ ᠵᠠᠷᠢᠮ ᠨᠠᠮ ‍ᠤᠨ‌‍ᠭᠡᠰᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ ᠵᠣᠷᠢᠭ

ᠰᠠᠨᠠᠭ᠎ᠠ ᠪᠠᠷ ᠳᠤᠲᠠᠮᠠᠭ᠂ ᠲᠡᠮᠡᠴᠡᠯ ‍ᠦᠨ‌ᠡᠷᠳᠡᠮ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ

ᠬᠦᠷᠦᠯᠴᠡᠬᠦ ᠦᠭᠡᠢ‌‍ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ

ᠪᠠᠶᠢᠨ᠎ᠠ ︔ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ‌‍ᠪᠠᠶᠢᠬᠤ

ᠵᠡᠷᠭᠡ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ ᠠᠪᠴᠤ‌‍ᠰᠢᠢᠳᠪᠦᠷᠢᠯᠡᠭᠰᠡᠨ ᠪᠠᠶᠢᠨ᠎ᠠ᠂

ᠬᠤᠶᠢᠰᠢᠳᠠ ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ‌‍ᠬᠡᠷᠡᠭᠲᠡᠢ᠃

ᠨᠥᠬᠦᠳ ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ‌ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ ᠲᠦᠮᠡᠨ

ᠬᠠᠮᠲᠤ ᠪᠠᠷ ᠮᠡᠷᠡᠶᠢᠵᠦ ᠪᠠᠶᠢᠭᠠᠳ ᠣᠯᠣᠭᠰᠠᠨ‌‍ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ ᠪᠠᠶᠢᠭᠠᠳ

ᠣᠯᠣᠭᠰᠠᠨ ᠶᠤᠮ︕ ᠠᠳᠡ ᠪᠢ‌‍ᠲ᠋ᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ

ᠳᠤᠮᠳᠠᠳᠤ ᠤᠯᠤᠰ ᠤᠨ ᠡᠪ‌ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ

ᠲᠦᠮᠡᠨ᠂ ᠡᠯ᠎ᠡ‌ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠠ ᠡᠯ᠎ᠡ ᠡᠲᠡᠭᠡᠳ ᠤᠨ ᠡᠬᠡ ᠣᠷᠣᠨᠴᠢ

ᠬᠥᠮᠥᠰ᠂ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ᠂ ᠣᠣᠮᠧᠨ ᠤᠨᠴᠠᠭᠠᠢ

ᠵᠠᠰᠠᠭ‌ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ ᠳᠡᠭᠦᠦ ᠨᠠᠷ ᠵᠢᠴᠢ ᠥᠷᠭᠡᠨ ᠤᠯᠠᠨ‌ᠬᠠᠷᠢᠶᠠᠲᠤ

ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠵᠢ‌ᠬᠠᠯᠠᠮᠵᠢᠯᠠᠨ ᠳᠡᠮᠵᠢᠭᠰᠡᠨ ᠡᠯ᠎ᠡ

ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠵᠶ᠋ᠠᠨ‌‍ᠲ᠋ᠡᠪᠰᠢᠭᠦᠯᠦᠶ᠎ᠡ︕

ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ‌ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ

ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ‌‍ᠲ᠋ᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂

ᠳᠤᠮᠳᠠᠳᠤ ᠶᠢᠨ ᠦᠨᠳᠦᠰᠦᠲᠡᠨ ‍ᠦ‌‍ᠬᠥ᠋ᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃

ᠵᠠᠭᠤᠨ ᠵᠢᠯ ‍ᠦᠨ‌‍ᠲ᠋ᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ

ᠬᠤᠪᠢᠰᠬᠠᠯᠲᠤ‌‍ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ

ᠤᠯᠤᠰ‌‍ᠲ᠋ᠦ᠋ᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ

ᠲᠦᠮᠡᠨ ‍ᠢ‌ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ

ᠪᠣᠯᠣᠨ‌ᠠᠷᠠᠳ ᠲᠦᠮᠡᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ‌ᠬᠠᠮᠲᠤ

ᠨᠠᠮ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ‌ᠢᠮᠠᠭᠲᠠ ᠴᠠᠭ ᠦᠶ᠎ᠡ ᠶᠢᠨ

ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ‌ᠵᠦ᠋ᠢᠯ ᠤᠨ ᠠᠶᠤᠯ ᠲᠦᠭᠰᠢᠭᠦᠷᠢ ᠪᠣᠯᠣᠨ

ᠰᠢᠯᠭᠠᠯᠲᠠ ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ‌‍ᠪᠦ᠋ᠭᠦ ᠤᠯᠤᠰ ᠤᠨ ᠠᠷᠠᠳ ᠲᠦᠮᠡᠨ ᠤ ᠲᠦᠰᠢᠭ

ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠶ‌ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ

ᠠᠬᠢᠴᠠ ᠳᠤᠮᠳᠠ ᠢᠮᠠᠭᠲᠠ ᠪᠠᠲᠤ ᠴᠢᠩᠭ᠎ᠠ‌ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ ᠠᠷᠠᠳ

ᠲᠦᠮᠡᠨ ᠤ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ᠲᠡᠮᠡᠴᠡᠯ ᠤᠨ ᠵᠣᠷᠢᠭ ᠰᠠᠨᠠᠭ᠎ᠠ ᠨᠡᠩ

ᠴᠤᠭ ᠪᠠᠳᠠᠷᠠᠩᠭᠤᠢ ᠪᠣᠯᠵᠤ᠂ ᠯᠠᠪᠲᠠᠢ ᠢᠯᠠᠯᠲᠠ ᠣᠯᠬᠤ ᠢᠲᠡᠭᠡᠯ‌ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ ᠴᠢᠩᠭ᠎ᠠ

ᠲᠡᠦᠬᠡ ᠶᠢᠨ ᠤᠬᠠᠮᠰᠠᠷ ᠪᠣᠯᠣᠨ ᠰᠠᠨᠠᠭᠠᠴᠢᠯᠠᠭᠠᠲᠤ‌ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ

ᠨᠠᠮ ᠪᠣᠯᠣᠨ ᠳᠤᠮᠳᠠᠳᠤ‌ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂

ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ‌‍ᠲ᠋ᠡᠭᠦᠯᠳᠡᠷ ᠢᠶᠠᠷ

ᠠᠬᠢᠭᠤᠯᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ‍ᠤᠨ‌ᠣᠳᠣᠬᠢᠴᠢᠯᠠᠬᠤ ᠪᠦᠲᠦᠭᠡᠨ ᠪᠠᠶᠢᠭᠤᠯᠤᠯᠲᠠ

ᠭᠦᠨᠵᠡᠭᠡᠶᠢᠷᠡᠨ ᠠᠬᠢᠵᠤ᠂ ᠠᠵᠤ ᠠᠬᠤᠢ ᠶᠢᠨ ᠲᠦᠷᠭᠡᠨ ᠬᠥᠭᠵᠢᠯᠲᠡ‌‍ᠪᠠ ᠨᠡᠶᠢᠭᠡᠮ ᠤᠨ ᠤᠷᠲᠤ ᠬᠤᠭᠤᠴᠠᠭᠠᠨ ᠤ

ᠲᠣᠭᠲᠠᠭᠤᠨ ᠪᠠᠶᠢᠳᠠᠯ ᠭᠡᠬᠦ ᠬᠤᠶᠠᠷ ᠶᠡᠭᠡ ᠭᠠᠶᠢᠬᠠᠮᠰᠢᠭ ᠤᠨ ᠰᠢᠨ᠎ᠡ‌ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ

ᠬᠥᠭᠵᠢᠯᠲᠡ ᠨᠡᠩ ᠪᠠᠲᠤ ᠪᠠᠬᠢ ᠪᠣᠳᠠᠰ ‍ᠤᠨ‌‍ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ

ᠪᠣᠯᠵᠤ᠂ ᠳᠤᠮᠳᠠᠳᠤ ᠵᠢᠨ‌ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ

ᠲᠡᠦᠬᠡᠨ‌ᠠᠬᠢᠴᠠ ᠳᠤ ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ‍ᠤ‌‍ᠲ᠋ᠤᠮᠳᠠᠳᠤ

ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠵᠢ‌‍ᠪᠡᠶᠡᠯᠡᠭᠦᠯᠬᠦ ᠳᠤ ᠰᠢᠨ᠎ᠡ ᠰᠣᠩᠭᠤᠯᠲᠠ ᠶᠢ ᠬᠠᠩᠭᠠᠵᠤ᠂

ᠳᠤᠮᠳᠠᠳᠤ ᠤᠯᠤᠰ ᠤᠨ ᠡᠪ ᠬᠠᠮᠲᠤ ᠨᠠᠮ ᠪᠠ‌‍ᠲ᠋ᠤᠮᠳᠠᠳᠤ ᠤᠯᠤᠰ ᠤᠨ ᠠᠷᠠᠳ ᠲᠦᠮᠡᠨ ᠬᠥᠮᠥᠨ ᠲᠥᠷᠥᠯᠬᠢᠲᠡᠨ ᠳᠤ

ᠲᠤᠯᠭᠠᠷᠠᠵᠤ ᠪᠠᠶᠢᠭ᠎ᠠ ᠬᠠᠮᠲᠤ ᠵᠢᠨ‌ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ

ᠤᠶᠤᠨ ᠤᠬᠠᠭᠠᠨ᠂ᠳᠤᠮᠳᠠᠳᠤ ᠤᠯᠤᠰ ᠤᠨ ᠲᠥᠰᠥᠯ᠂ ᠳᠤᠮᠳᠠᠳᠤ ᠤᠯᠤᠰ ᠤᠨ ᠬᠦᠴᠦᠨ ᠢ ᠬᠠᠩᠭᠠᠵᠤ᠂ ᠬᠥᠮᠥᠨ

ᠲᠥᠷᠥᠯᠬᠢᠲᠡᠨ ‍ᠦ‌ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ

ᠨᠡᠮᠡᠷᠢ‌ᠦᠵᠡᠭᠦᠯᠪᠡ︕

ᠬᠤᠶᠠᠷ᠂ ᠮᠠᠷᠺᠰ ᠤᠨ ᠦᠵᠡᠯ ᠢ ᠳᠤᠮᠳᠠᠳᠤ‌ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ

ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ‌ᠤᠯᠤᠰ ᠢᠶᠠᠨ ᠪᠠᠶᠢᠭᠤᠯᠬᠤ᠂ ᠨᠠᠮ ᠢᠶᠠᠨ ᠮᠠᠨᠳᠤᠭᠤᠯᠵᠤ