︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ | ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ︵ᠲᠢᠩᠬᠢᠮ ᠤᠨ ﹇2020﹈ 24 ᠳ᠋ᠦ᠋ᠭᠡᠷ ᠲᠣᠭᠠᠲᠤ ᠪᠢᠴᠢᠭ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ | ᠪᠦᠯᠬᠦᠮ ᠤᠨ ᠠᠮᠢᠵᠢᠷᠠᠯ ᠤᠨ ᠬᠦᠴᠦᠨ ᠢ ᠭᠦᠢᠴᠡᠳ ᠬᠦᠭᠵᠢᠭᠡᠨ᠂ ᠤᠯᠤᠰ ᠤᠨ ᠥᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠵᠣᠬᠢᠶᠠᠨ ᠪᠦᠲᠦᠭᠡᠵᠦ ᠲᠣᠭᠯᠠᠬᠤ ᠶᠠᠰᠤ ᠴᠢᠨᠠᠷ᠂ ᠬᠠᠮᠢᠶᠠᠷᠤᠯᠲᠠ ᠶᠢᠨ ᠬᠢᠷᠢ | ᠲᠦᠪᠰᠢᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠦᠭᠡ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ | ᠳᠤᠷᠠᠳᠪᠠ᠃ | ᠨᠢᠭᠡ ᠳᠤ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠤᠨ᠎ᠠ | ︵ᠨᠢᠭᠡ︶ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ | ᠪᠦᠯᠬᠦᠮ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ ᠲᠤᠯᠭᠠᠭᠤᠷᠢ ᠬᠦᠴᠦᠨ | ᠮᠥᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ᠂ ᠰᠣᠶᠣᠯ ᠤᠨ ᠠᠵᠤ ᠦᠢᠯᠡᠰ ᠢ ᠬᠥᠭᠵᠢᠭᠦᠯᠬᠦ | ᠴᠢᠬᠤᠯᠠ ᠬᠦᠴᠦᠨ ᠮᠥᠨ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠦᠷᠢᠶᠡᠯᠡᠩ ᠪᠦᠯᠬᠦᠮ ᠨᠢ ︽ | ᠳᠠᠭᠠᠭᠤᠯᠤᠭᠴᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠣᠨᠴᠠᠯᠢᠭᠲᠤ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ | ᠰᠡᠳᠦᠪᠲᠦ ᠴᠢᠨᠠᠷᠲᠠᠢ ᠵᠣᠬᠢᠶᠠᠨ ᠪᠦᠲᠦᠭᠡᠵᠦ ᠲᠣᠭᠯᠠᠬᠤ ᠡᠭᠦᠷᠭᠡ ᠶᠢ ᠢᠳᠡᠪᠬᠢᠲᠡᠢ ᠡᠭᠦᠷᠭᠡᠯᠡᠨ ᠳᠠᠭᠠᠭᠠᠵᠤ᠂ ᠠᠶᠢᠮᠠᠭ | ᠬᠤᠲᠠ᠂ ᠬᠤᠰᠢᠭᠤ ᠰᠢᠶᠠᠨ ᠤ ᠱᠠᠲᠤᠨ ᠤ ᠬᠦᠷᠢᠶᠡᠯᠡᠩ ᠪᠦᠯᠬᠦᠮ ᠤᠨ ᠲᠤᠬᠠᠶᠢᠯᠠᠭᠰᠠᠨ ᠠᠵᠢᠯ ᠤᠨ | ᠵᠢᠯᠣᠭᠤᠳᠤᠯᠭ᠎ᠠ ᠶᠢ ᠦᠨᠡᠨ ᠬᠦ ᠴᠢᠩᠭᠠᠳᠬᠠᠨ᠂ ᠪᠥᠬᠦ ᠣᠷᠣᠨ ᠤ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠵᠦ | ᠦᠢᠯᠡᠳᠪᠦᠷᠢᠯᠡᠬᠦ ᠶᠢᠨ ᠳᠠᠭᠠᠭᠤᠯᠤᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠶᠢᠮᠠᠭ ᠬᠤᠳᠠ ᠶᠢᠨ | ᠬᠠᠷᠢᠶ᠎ᠠ ᠬᠦᠷᠢᠶᠡᠯᠡᠩ ᠪᠦᠯᠬᠦᠮ ᠤᠨ ᠬᠢᠨ ᠲᠤᠰ ᠪᠡᠶ᠎ᠡ ᠶᠢᠨ ᠤᠷᠠᠯᠢᠭ ᠤᠨ ᠲᠣᠭᠯᠠᠯᠲᠠ ᠶᠢᠨ ᠣᠨᠴᠠᠯᠢᠭ ᠲᠤ ᠪᠠᠨ | ᠦᠨᠳᠦᠰᠦᠯᠡᠨ᠂ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠣᠷᠣᠨ | ᠪᠦᠰᠡ ᠶᠢᠨ ᠳᠠᠪᠠᠭᠤᠯᠢᠭ ᠤᠷᠠᠯᠢᠭ ᠤᠨ ᠲᠦᠷᠦᠯ ᠵᠦᠢᠯ ᠢ ᠬᠦᠴᠦᠷᠬᠡᠭᠵᠢᠭᠦᠯᠦᠨ᠂ ᠲᠤᠰ ᠭᠠᠵᠠᠷ ᠣᠷᠣᠨ ᠤ ᠪᠠᠨ | ᠦᠨᠳᠦᠰᠦᠨ ᠱᠠᠲᠤᠨ ᠤ ᠤᠷᠠᠯᠢᠭ ᠤᠨ ᠬᠦᠷᠢᠶᠡᠯᠡᠩ ᠪᠦᠯᠬᠦᠮ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ | ᠡᠩᠨᠡᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠤᠶᠤᠨ ᠤ ᠰᠣᠶᠣᠯ ᠤᠨ | ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠶ᠎ᠠ | ᠬᠦᠷᠢᠶᠡᠯᠡᠩ ᠪᠦᠯᠬᠦᠮ ᠤᠳ ᠦᠨᠳᠦᠰᠦᠨ ᠱᠠᠲᠤᠨ ᠤ ᠤᠬᠠᠭᠤᠯᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠦᠨᠳᠦᠰᠦᠨ ᠱᠠᠲᠤᠨ ᠳᠤ | ᠦᠢᠯᠡᠴᠢᠯᠡᠬᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠬᠤ᠂ ᠤᠷᠠᠯᠢᠭ ᠢ ᠲᠦᠭᠡᠮᠡᠯᠵᠢᠭᠦᠯᠬᠦ ᠵᠡᠷᠭᠡ | ᠡᠭᠦᠷᠭᠡ ᠴᠢᠳᠠᠪᠤᠷᠢ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ | ︵ᠬᠤᠶᠠᠷ︶ ᠠᠵᠢᠯ ᠦᠢᠯᠡᠰ ᠤᠨ ᠨᠢᠭᠡᠴᠢ ᠶᠢᠨ ᠰᠢᠨᠵᠢ ᠴᠢᠨᠠᠷ ᠢ ᠬᠠᠳᠠᠭᠠᠯᠠᠭᠰᠠᠨ ᠤᠯᠤᠰ ᠤᠨ ᠥᠮᠴᠢᠯᠡᠯᠲᠦ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠰᠢᠨᠵᠢ ᠴᠢᠨᠠᠷ ᠲᠠᠢ ᠤᠯᠤᠰ ᠤᠨ ᠦᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ᠂ | ᠠᠵᠢᠯᠲᠠᠨ ᠤ ᠶᠠᠪᠤᠳᠠᠯ᠂ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ | ᠬᠦᠴᠦᠯᠡᠨ ᠠᠷᠢᠯᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ | ︾ ᠢ ᠭᠦᠨᠵᠡᠭᠡᠢ ᠬᠡᠷᠡᠭᠵᠢᠭᠦᠯᠦᠨ᠂ ᠤᠯᠠᠭᠠᠨᠮᠥ᠋ᠴᠢᠷ ᠢ ᠬᠢᠨᠠᠨ ᠰᠢᠯᠭᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠨ᠂ | ᠬᠥᠳᠡᠯᠦᠩᠭᠦᠢ ᠪᠠᠷ ᠬᠠᠮᠢᠶᠠᠷᠬᠤ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠶᠢ ᠬᠡᠷᠡᠭᠵᠢᠭᠦᠯᠦᠨ᠂ | ᠤᠯᠠᠭᠠᠨᠮᠥ᠋ᠴᠢᠷ ᠤᠨ ᠠᠮᠢᠵᠢᠷᠠᠯ ᠤᠨ ᠬᠦᠴᠦᠨ ᠪᠠ ᠡᠭᠦᠳᠦᠨ ᠪᠦᠲᠦᠭᠡᠵᠦ ᠰᠢᠨ᠎ᠡ ᠶᠢ ᠡᠭᠦᠳᠬᠦ ᠴᠢᠳᠠᠪᠤᠷᠢ ᠶᠢ | ᠭᠦᠢᠴᠡᠳ ᠬᠥᠭᠵᠢᠭᠡᠨ᠎ᠡ᠃ ᠦᠨᠳᠦᠰᠦᠨ ᠱᠠᠲᠤᠨ ᠳᠤ ᠬᠠᠨᠳᠤᠭᠤᠯᠤᠨ ᠰᠣᠶᠣᠯ ᠤᠨ ᠦᠢᠯᠡᠴᠢᠯᠡᠭᠡ ᠬᠠᠩᠭᠠᠬᠤ ᠡᠯ᠎ᠡ | ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠤᠯᠠᠭᠠᠨᠮᠥ᠋ᠴᠢᠷ +︾ ᠪᠠᠷ ᠣᠷᠣᠨ ᠤ ᠰᠢᠭᠤᠳ | ᠬᠠᠷᠢᠶ᠎ᠠ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠤᠯᠤᠰ ᠤᠨ | ᠥᠮᠴᠢᠯᠡᠯᠲᠦ ᠤᠷᠠᠨ ᠰᠠᠶᠢᠬᠠᠨ ᠤ ᠬᠦᠷᠢᠶᠡᠯᠡᠩ ᠪᠦᠯᠬᠦᠮ ᠢ ᠳᠠᠶᠢᠴᠢᠯᠠᠨ᠂ ︽ᠤᠳᠬ᠎ᠠ ᠤᠷᠠᠯᠢᠭ ᠤᠨ ᠬᠥᠩᠭᠡᠨ | ᠮᠣᠷᠢᠲᠤ ᠴᠡᠷᠢᠭ︾ ᠤᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠵᠤ᠂ | ᠦᠨᠳᠦᠰᠦᠨ ᠱᠠᠲᠤᠨ ᠤ ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ᠂ ᠣᠨᠣᠯ ᠢ ᠤᠬᠠᠭᠤᠯᠤᠨ | ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠭᠡᠮᠡᠯᠵᠢᠭᠦᠯᠬᠦ ᠵᠡᠷᠭᠡ ᠶᠡᠷᠦᠩᠬᠡᠶᠢᠯᠡᠭᠰᠡᠨ | ᠦᠢᠯᠡᠴᠢᠯᠡᠭᠡ ᠬᠠᠩᠭᠠᠵᠤ᠂ ᠥᠪᠥᠷ ᠮᠣᠩᠭᠤᠯ ᠤᠨ ᠣᠨᠴᠠᠯᠢᠭ ᠲᠠᠢ ᠭᠤᠷᠪᠠᠨ ᠱᠠᠲᠤᠨ ᠤ ᠤᠯᠤᠰ ᠤᠨ ᠥᠮᠴᠢᠯᠡᠯᠲᠦ | ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠯᠳᠦᠭᠦᠯᠬᠦ ᠶᠢ ᠠᠬᠢᠭᠤᠯᠤᠨ᠎ᠠ᠃ | ︵ᠭᠤᠷᠪᠠ︶ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠢ ᠠᠵᠤ ᠠᠬᠤᠶᠢᠯᠠᠯ | ᠪᠣᠯᠭᠠᠨ ᠬᠤᠪᠢᠷᠠᠭᠤᠯᠬᠤ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠪᠣᠯᠵᠤ ᠬᠤᠪᠢᠷᠠᠨ | ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ | ᠴᠢᠩᠭᠠᠳᠬᠠᠵᠤ᠂ ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠳᠤ | ᠬᠤᠯᠪᠣᠭᠳᠠᠭᠰᠠᠨ ᠭᠠᠵᠠᠷ ᠰᠢᠷᠣᠢ᠂ ᠭᠡᠷ ᠪᠠᠶᠢᠰᠢᠩ ᠵᠡᠷᠭᠡ ᠡᠳ᠋ ᠬᠥᠷᠥᠩᠭᠡ ᠶᠢ ᠯᠠᠪᠳᠠᠭᠤᠨ ᠢᠶᠠᠷ ᠰᠢᠢᠳᠪᠦᠷᠢᠯᠡᠨ᠂ | ᠤᠤᠯ ᠤᠨ ᠠᠵᠢᠯ ᠦᠢᠯᠡᠰ ᠤᠨ ᠣᠷᠣᠨ ᠲᠤᠭ᠎ᠠ ᠶᠢᠨ ᠠᠵᠢᠯᠲᠠᠨ ᠢ ᠲᠣᠬᠢᠲᠠᠢ ᠲᠦᠪᠬᠢᠨᠡᠭᠦᠯᠵᠦ᠂ ᠲᠥᠷᠥ ᠶᠢᠨ | ᠪᠣᠳᠣᠯᠭ᠎ᠠ ᠶᠢᠨ ᠲᠣᠭᠲᠠᠭᠠᠯ ᠶᠣᠰᠣᠭᠠᠷ ᠲᠡᠳᠡᠨ ᠤ ᠴᠠᠯᠢᠩ ᠠᠰᠠᠷᠠᠮᠵᠢ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠣᠷᠣᠨ ᠰᠠᠭᠤᠴᠠ ᠶᠢᠨ ᠨᠥᠬᠦᠪᠦᠷᠢ ᠵᠡᠷᠭᠡ ᠦᠨᠳᠦᠰᠦᠨ ᠣᠯᠭᠤᠮᠵᠢ ᠶᠢ ᠪᠠᠲᠤᠯᠠᠨ᠂ | ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠤᠨ ᠣᠷᠣᠯᠭ᠎ᠠ ᠶᠢᠨ | ᠬᠤᠪᠢᠶᠠᠷᠢᠯᠠᠯᠲᠠ ᠶᠢᠨ ᠥᠭᠡᠷᠡᠴᠢᠯᠡᠯᠲᠡ᠂ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠲᠣᠭᠲᠠᠭᠠᠬᠤ᠂ | ᠨᠥᠬᠦᠪᠦᠷᠢ ᠨᠡᠮᠡᠵᠦ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠠᠴᠠ ᠪᠠᠨ ᠠᠮᠠᠷᠠᠭᠰᠠᠳ ᠤᠨ | ᠠᠵᠢᠯ ᠠᠴᠠ ᠪᠠᠨ ᠠᠮᠠᠷᠠᠭᠰᠠᠨ ᠣᠯᠭᠤᠮᠵᠢ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢ ᠳᠡᠮᠵᠢᠨ᠎ᠡ᠃ ᠠᠵᠤ | ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠤᠨ ︽ᠬᠠᠭᠤᠴᠢᠨ | ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ︾ ᠶᠢᠨ ᠵᠠᠷᠴᠢᠮ ᠶᠣᠰᠣᠭᠠᠷ ᠪᠥᠬᠦ | ᠠᠵᠢᠯᠲᠠᠨ ᠢ ᠤᠷᠢᠨ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠬᠠᠤᠯᠢ ᠶᠣᠰᠣᠭᠠᠷ ᠲᠣᠭᠯᠠᠯᠲᠠ ᠶᠢᠨ ᠠᠵᠢᠯᠲᠠᠳ ᠲᠠᠢ | ᠬᠥᠳᠡᠯᠮᠦᠷᠢ ᠶᠢᠨ ᠭᠡᠷ᠎ᠡ ᠲᠣᠭᠲᠠᠬᠤ ᠶᠢ ᠳᠡᠮᠵᠢᠨ᠎ᠡ᠃ ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ | ᠦᠭᠡᠷᠡᠴᠢᠯᠡᠭᠰᠡᠨ ᠬᠦᠷᠢᠶᠡᠯᠡᠩ ᠪᠦᠯᠬᠦᠮ ᠤᠨ ᠨᠠᠷᠠᠲᠤ ᠬᠥᠮᠥᠰ ᠭᠠᠷᠮᠠᠭᠠᠢ ᠬᠥᠮᠥᠰ ᠤᠷᠠᠯᠢᠭ ᠤᠨ ᠳᠡᠭᠡᠳᠦ | ᠰᠤᠷᠭᠠᠭᠤᠯᠢ᠂ ᠤᠷᠠᠯᠢᠭ ᠤᠨ ᠰᠤᠳᠤᠯᠭᠠᠨ ᠤ ᠬᠦᠷᠢᠶᠡᠯᠡᠩ ︵ᠭᠠᠵᠠᠷ︶ ᠳᠤ ᠣᠴᠢᠵᠤ ᠲᠤᠰᠢᠶᠠᠯ ᠬᠠᠪᠰᠤᠷᠭᠠᠬᠤ | ᠪᠤᠶᠤ ᠲᠤᠰᠢᠶᠠᠯ ᠬᠠᠷᠢᠭᠤᠴᠠᠬᠤ ᠶᠢ ᠳᠡᠮᠵᠢᠨ᠎ᠡ᠃ ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ | ᠦᠭᠡᠷᠡᠴᠢᠯᠡᠭᠰᠡᠨ ᠬᠦᠷᠢᠶᠡᠯᠡᠩ ᠪᠦᠯᠬᠦᠮ ᠲᠠᠷᠢᠶᠠᠯᠠᠬᠤ ᠮᠠᠯᠵᠢᠬᠤ ᠣᠷᠣᠨ ᠳᠤ ᠲᠣᠭᠯᠠᠯᠲᠠ ᠶᠢᠨ ᠤᠷᠠᠯᠢᠭ ᠤᠨ ᠵᠠᠬ᠎ᠠ | ᠳᠡᠯᠭᠡᠭᠦᠷ ᠢ ᠥᠷᠭᠡᠳᠬᠡᠬᠦ ᠶᠢ ᠳᠡᠮᠵᠢᠨ᠎ᠡ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠥᠷᠨᠢᠭᠦᠯᠬᠦ ᠳᠤ ᠨᠢ ᠳᠡᠮᠵᠢᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ | ᠪᠣᠯᠵᠤ ᠬᠤᠪᠢᠷᠠᠨ ᠳᠦᠷᠢᠮ ᠢᠶᠠᠨ ᠦᠭᠡᠷᠡᠴᠢᠯᠡᠭᠰᠡᠨ ᠬᠦᠷᠢᠶᠡᠯᠡᠩ ᠪᠦᠯᠬᠦᠮ ᠤᠨ ᠣᠯᠣᠭᠰᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠲᠣᠭᠯᠠᠯᠲᠠ ᠶᠢᠨ ᠣᠷᠣᠯᠭ᠎ᠠ ᠶᠢ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢᠶᠠᠷ ᠵᠠᠷᠤᠵᠤ | ᠪᠣᠯᠣᠨ᠎ᠠ᠃ ᠪᠤᠰᠤᠳ ᠰᠣᠶᠣᠯ ᠤᠨ ᠪᠠᠶᠢᠭᠤᠯᠤᠮᠵᠢ ᠳᠤ ᠬᠤᠪᠢᠶᠠᠷᠢᠯᠠᠨ ᠣᠷᠣᠭᠤᠯᠤᠭᠰᠠᠨ ᠮᠥᠷᠲᠡᠭᠡᠨ | ᠪᠠᠶᠢᠭᠤᠯᠤᠮᠵᠢ ᠪᠠᠨ ᠨᠢᠭᠡᠨᠲᠡ ᠬᠦᠴᠦᠨ ᠦᠭᠡᠢ ᠪᠣᠯᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠷᠢᠶ᠎ᠠ ᠬᠦᠷᠢᠶᠡᠯᠡᠩ ᠪᠦᠯᠬᠦᠮ ᠳᠤ᠂ ᠨᠥᠬᠦᠴᠡᠯ ᠳᠤ ᠨᠡᠶᠢᠴᠡᠪᠡᠯ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠭᠠᠷᠭᠠᠬᠤ | ᠵᠥᠪᠰᠢᠶᠡᠷᠡᠯ ᠤᠨ ᠦᠨᠡᠮᠯᠡᠯ ᠬᠢᠨᠠᠨ ᠣᠯᠭᠤᠵᠤ ᠪᠣᠯᠣᠨ᠎ᠠ᠃ ᠠᠵᠤ ᠠᠬᠤᠶᠢᠯᠠᠯ ᠪᠣᠯᠵᠤ ᠬᠤᠪᠢᠷᠠᠨ ᠳᠦᠷᠢᠮ ᠢᠶᠠᠨ | ᠦᠭᠡᠷᠡᠴᠢᠯᠡᠭᠰᠡᠨ ᠬᠦᠷᠢᠶᠡᠯᠡᠩ ᠪᠦᠯᠬᠦᠮ ᠢ ᠬᠠᠤᠯᠢ ᠶᠢᠨ ᠬᠥᠮᠥᠨ ᠵᠠᠰᠠᠬᠤ ᠪᠦᠲᠦᠴᠡ ᠶᠢ ᠲᠡᠭᠦᠯᠳᠡᠷᠵᠢᠭᠦᠯᠵᠦ᠂ | ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠲᠠᠲᠠᠵᠤ ᠣᠷᠣᠭᠤᠯᠤᠨ᠎ᠠ᠃ | ︵ᠳᠥᠷᠪᠡ︶ ᠲᠣᠭᠯᠠᠯᠲᠠ ᠶᠢᠨ ᠤᠷᠠᠯᠢᠭ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ | ᠪᠤᠵᠠᠭᠠᠶᠢᠷᠠᠬᠤ ᠶᠢ ᠲᠡᠳᠬᠦᠨ ᠳᠡᠮᠵᠢᠨ᠎ᠡ᠃ ᠲᠣᠭᠯᠠᠯᠲᠠ ᠶᠢᠨ ᠤᠷᠠᠯᠢᠭ ᠤᠨ ᠠᠵᠤ ᠠᠬᠤᠶᠢᠯᠠᠯ ᠤᠨ ᠳᠣᠲᠣᠭᠠᠳᠤ ᠶᠢᠨ | ᠠᠵᠢᠯᠯᠠᠭᠠᠨ ᠤ ᠲᠣᠭᠲᠠᠴᠠ ᠪᠠ ᠡᠵᠡᠩᠨᠡᠯᠲᠡ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠰᠣᠶᠣᠯ ᠤᠨ ᠠᠵᠤ ᠠᠬᠤᠶᠢᠯᠠᠯ ᠤᠨ ᠣᠨᠴᠠᠯᠢᠭ ᠢ ᠢᠯᠡᠷᠡᠭᠦᠯᠦᠭᠰᠡᠨ᠂ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠤᠨ ᠱᠠᠭᠠᠷᠳᠠᠯᠭ᠎ᠠ ᠳᠤ ᠨᠡᠶᠢᠴᠡᠭᠰᠡᠨ ᠡᠳ᠋ ᠬᠥᠷᠥᠩᠭᠡ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠ | ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠲᠦᠷᠭᠡᠪᠴᠢᠯᠡᠨ ᠪᠤᠢ ᠪᠣᠯᠭᠠᠨ᠎ᠠ᠃ ᠡᠯ᠎ᠡ ᠲᠥᠷᠥᠯ ᠤᠨ ᠬᠥᠷᠥᠩᠭᠡ | ᠬᠠᠤᠯᠢ ᠶᠣᠰᠣᠭᠠᠷ ᠪᠡᠯᠡ ᠣᠷᠣᠭᠤᠯᠬᠤ᠂ ᠬᠤᠪᠢ ᠡᠵᠡᠮᠳᠡᠬᠦ᠂ ᠬᠤᠪᠢ ᠣᠷᠣᠭᠤᠯᠬᠤ᠂ ᠨᠡᠶᠢᠯᠡᠭᠦᠯᠦᠨ ᠬᠤᠳᠠᠯᠳᠤᠨ | ᠠᠪᠬᠤ᠂ ᠳᠠᠬᠢᠨ ᠵᠣᠬᠢᠶᠠᠨ ᠪᠠᠶᠢᠭᠤᠯᠬᠤ᠂ ᠲᠥᠷᠥᠯ ᠵᠦᠢᠯ ᠢᠶᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠬᠤᠪᠢ ᠣᠷᠣᠭᠤᠯᠬᠤ ᠳᠦᠷᠢᠮ ᠤᠨ | ᠥᠭᠡᠷᠡᠴᠢᠯᠡᠯᠲᠡ ᠪᠠ ᠤᠷᠠᠨ ᠰᠠᠶᠢᠬᠠᠨ ᠤ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ᠎ᠠ᠃ ᠲᠣᠭᠯᠠᠯᠲᠠ ᠶᠢᠨ | ᠤᠷᠠᠯᠢᠭ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢᠮ ᠢ | ᠲᠡᠭᠦᠯᠳᠡᠷᠵᠢᠭᠦᠯᠵᠦ᠂ ᠲᠣᠭᠯᠠᠯᠲᠠ ᠶᠢᠨ ᠤᠷᠠᠯᠢᠭ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠵᠣᠬᠢᠶᠠᠨ ᠪᠦᠲᠦᠭᠡᠬᠦ ᠵᠥᠪ ᠤᠳᠤᠷᠢᠳᠤᠮᠵᠢ ᠶᠢ ᠪᠠᠷᠢᠮᠲᠠᠯᠠᠨ᠂ ᠨᠡᠩ ᠤᠯᠠᠨ ᠰᠢᠯᠢᠳᠡᠭ ᠪᠦᠲᠦᠭᠡᠯ ᠢᠶᠠᠷ ︽ᠦᠨᠡᠨ | ᠰᠠᠶᠢᠬᠠᠨ ᠴᠠᠶᠢᠯᠭᠠᠨ︾ ᠢ ᠳᠠᠮᠵᠢᠭᠤᠯᠤᠨ᠎ᠠ᠃ ᠨᠡᠯᠢᠶᠡᠳ ᠴᠢᠩᠭ᠎ᠠ ᠥᠷᠢᠰᠦᠯᠳᠦᠬᠦ ᠴᠢᠳᠠᠯ ᠲᠠᠢ ᠨᠢᠭᠡ ᠪᠦᠯᠦᠭ | ᠲᠣᠭᠯᠠᠯᠲᠠ ᠶᠢᠨ ᠤᠷᠠᠯᠢᠭ ᠤᠨ ᠭᠤᠣᠯᠯᠠᠭᠴᠢ ᠠᠵᠤ ᠠᠬᠤᠶᠢᠯᠠᠯ ᠢ ᠬᠥᠮᠥᠵᠢᠭᠦᠯᠦᠨ᠎ᠡ᠃ ᠨᠥᠬᠦᠴᠡᠯ ᠳᠤ ᠨᠡᠶᠢᠴᠡᠬᠦ | ᠲᠣᠭᠯᠠᠯᠲᠠ ᠶᠢᠨ ᠤᠷᠠᠯᠢᠭ ᠤᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ | ᠵᠣᠷᠢᠭᠵᠢᠭᠤᠯᠤᠨ᠎ᠠ᠃ | ᠬᠤᠶᠠᠷ ᠲᠤ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠳᠣᠲᠣᠭᠠᠳᠤ ᠶᠢᠨ ᠬᠦᠳᠡᠯᠭᠡᠬᠦ ᠬᠦᠴᠦᠨ ᠢ ᠬᠥᠭᠵᠢᠭᠡᠨ᠎ᠡ | ︵ᠲᠠᠪᠤ︶ ᠲᠣᠭᠯᠠᠯᠲᠠ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠥᠬᠦ ᠠᠵᠢᠯᠲᠠᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠠᠬᠢᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ | ᠰᠢᠯᠢᠳᠡᠭ ᠪᠦᠲᠦᠮᠵᠢ ᠭᠠᠷᠭᠠᠭᠰᠠᠳ ᠲᠤ ᠡᠯᠪᠡᠭ ᠬᠠᠷᠠᠮᠵᠢ ᠣᠯᠭᠤᠬᠤ ᠶᠢ ᠪᠠᠷᠢᠮᠲᠠᠯᠠᠨ᠂ ᠴᠠᠯᠢᠩ ᠤᠨ ᠶᠡᠷᠦᠩᠬᠡᠢ | ᠬᠡᠮᠵᠢᠶᠡᠨ ᠤ ᠬᠡᠪᠴᠢᠶᠡᠨ ᠳᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠠ ᠲᠣᠪᠣᠶᠢᠮ᠎ᠠ ᠠᠮᠵᠢᠯᠲᠠ | ᠭᠠᠷᠭᠠᠭᠰᠠᠨ ᠴᠢᠳᠠᠪᠤᠷᠢᠲᠠᠨ ᠲᠡᠶᠢᠰᠢ᠂ ᠨᠢᠭᠡᠳᠦᠭᠡᠷ ᠹᠷᠣᠨᠲ ᠤᠨ ᠲᠣᠭᠯᠠᠭᠴᠢ ᠲᠡᠶᠢᠰᠢ᠂ ᠵᠠᠩᠭᠢᠯᠠᠭ᠎ᠠ ᠶᠢᠨ ᠠᠵᠢᠯ ᠤᠨ | ᠪᠠᠶᠢᠷᠢ ᠪᠠ ᠣᠨᠴᠠᠭᠠᠢ ᠠᠵᠢᠯ ᠤᠨ ᠪᠠᠶᠢᠷᠢ ᠲᠡᠶᠢᠰᠢ ᠬᠡᠯᠪᠡᠶᠢᠯᠭᠡᠨ᠎ᠡ᠃ ᠲᠣᠭᠯᠠᠯᠲᠠ ᠶᠢᠨ ᠲᠤᠭ᠎ᠠ ᠬᠡᠮᠵᠢᠶ᠎ᠡ᠂ ᠶᠠᠰᠤ | ᠴᠢᠨᠠᠷ ᠵᠡᠷᠭᠡ ᠬᠦᠴᠦᠨ ᠵᠦᠢᠯ ᠳᠤ ᠦᠨᠳᠦᠰᠦᠯᠡᠨ᠂ ᠠᠵᠢᠯ ᠦᠢᠯᠡᠰ ᠤᠨ ᠨᠢᠭᠡᠴᠢ ᠶᠢᠨ ᠰᠢᠨᠵᠢ ᠴᠢᠨᠠᠷ ᠢ | ᠬᠠᠳᠠᠭᠠᠯᠠᠭᠰᠠᠨ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠠᠵᠢᠯ ᠤᠨ ᠦᠷ᠎ᠡ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠪᠠᠶᠢᠭᠤᠯᠭ᠎ᠠ ᠶᠢᠨ | ᠳᠣᠲᠣᠭᠠᠳᠤ ᠳᠤ ᠪᠠᠨ ᠬᠤᠪᠢᠶᠠᠷᠢᠯᠠᠬᠤ ᠳᠤ ᠬᠡᠷᠡᠭᠴᠡᠭᠡ ᠳᠤ ᠪᠠᠨ ᠦᠨᠳᠦᠰᠦᠯᠡᠨ ᠵᠣᠬᠢᠶᠠᠨ ᠪᠦᠲᠦᠭᠡᠬᠦ᠂ ᠲᠣᠭᠯᠠᠯᠲᠠ | ᠭᠠᠷᠭᠠᠬᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠨᠥᠬᠦᠪᠦᠷᠢ ᠥᠭᠬᠦ ᠵᠡᠷᠭᠡ ᠴᠠᠯᠢᠩ ᠤᠨ ᠲᠥᠷᠥᠯ | ᠵᠦᠢᠯ ᠢ ᠭᠠᠷᠭᠠᠵᠤ ᠪᠣᠯᠣᠨ᠎ᠠ᠃ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠬᠡᠯᠡᠯᠴᠡᠭᠡᠷ ᠤᠨ ᠴᠠᠯᠢᠩ᠂ ᠲᠦᠷᠦᠯ ᠵᠦᠢᠯ ᠤᠨ ᠴᠠᠯᠢᠩ᠂ ᠵᠢᠯ ᠤᠨ ᠴᠠᠯᠢᠩ ᠤᠨ ᠳᠦᠷᠢᠮ ᠵᠡᠷᠭᠡ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠤᠷᠰᠢᠨ ᠬᠡᠷᠡᠭᠵᠢᠭᠦᠯᠬᠦ ᠶᠢ ᠵᠥᠪᠰᠢᠶᠡᠷᠡᠨ᠎ᠡ᠃ ᠤᠯᠤᠰ ᠤᠨ ᠥᠮᠴᠢᠯᠡᠯᠲᠦ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠮᠡᠷᠭᠡᠵᠢᠯ ᠤᠨ ᠴᠣᠯᠠ ᠤᠷᠢᠨ ᠬᠡᠷᠡᠭᠯᠡᠬᠦ ᠳᠦᠷᠢᠮ ᠳᠤ | ᠥᠭᠡᠷᠡᠴᠢᠯᠡᠯᠲᠡ ᠬᠢᠵᠦ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ ᠵᠣᠬᠢᠰᠲᠠᠢ | ᠲᠣᠬᠢᠷᠠᠭᠤᠯᠤᠨ᠂ ᠨᠥᠬᠦᠴᠡᠯ ᠲᠠᠢ ᠬᠦᠷᠢᠶᠡᠯᠡᠩ ᠪᠦᠯᠬᠦᠮ ᠳᠤ ᠤᠷᠠᠯᠢᠭ ᠤᠨ ᠴᠣᠯᠠ ᠶᠢᠨ ᠳᠦᠷᠢᠮ ᠪᠠ ᠳᠦᠷᠢ ᠶᠢᠨ | ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠷᠠᠯᠢᠭ ᠤᠨ ᠴᠣᠯᠠ ᠶᠢᠨ ᠵᠡᠷᠭᠡ ᠳᠡᠰ ᠢ ᠲᠣᠭᠯᠠᠯᠲᠠ ᠶᠢᠨ | ᠠᠵᠢᠯᠲᠠᠨ ᠤ ᠠᠵᠢᠯ ᠤᠨ ᠦᠷ᠎ᠡ ᠪᠦᠲᠦᠮᠵᠢ ᠶᠢᠨ ᠴᠠᠯᠢᠩ ᠲᠠᠢ ᠬᠤᠯᠪᠣᠭᠳᠠᠭᠤᠯᠤᠨ᠎ᠠ᠃ ᠼᠢᠷᠺ᠂ ᠪᠥᠵᠢᠭ᠂ | ᠦᠯᠢᠶᠡᠭᠦᠷ ᠬᠥᠭᠵᠢᠮ᠂ ᠳᠠᠭᠤᠷᠢ ᠵᠡᠷᠭᠡ ᠣᠨᠴᠠᠭᠠᠶ ᠠᠵᠢᠯ ᠤᠨ ᠪᠠᠶᠢᠷᠢ ᠶᠢᠨ ᠲᠣᠭᠯᠠᠭᠴᠢᠳ ᠢ ᠪᠠᠲᠤᠯᠠᠬᠤ | ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠦᠮᠴᠢᠯᠡᠯᠲᠦ ᠤᠷᠠᠨ ᠰᠠᠶᠢᠬᠠᠨ ᠤ ᠬᠦᠷᠢᠶᠡᠯᠡᠩ | ᠪᠦᠯᠬᠦᠮ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠤᠭᠤᠯᠵᠤ᠂ ᠬᠥᠮᠥᠨ ᠤ | ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠤᠨ᠂ ᠠᠵᠢᠯ | ᠮᠡᠷᠭᠡᠵᠢᠯ ᠤᠨ ᠭᠡᠮᠲᠦᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠨᠴᠠᠭᠠᠶ ᠠᠵᠢᠯ ᠤᠨ | ᠪᠠᠶᠢᠷᠢ ᠶᠢᠨ ᠲᠣᠭᠯᠠᠭᠴᠢ ᠶᠢᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠵᠤ᠂ ᠲᠡᠳᠡᠨ ᠤ ᠠᠵᠢᠯ ᠤᠨ ᠪᠠᠶᠢᠷᠢ | ᠰᠣᠯᠢᠵᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠤᠷᠠᠯᠢᠭ ᠤᠨ ᠬᠥᠮᠦᠵᠢᠯ᠂ | ᠤᠷᠠᠯᠢᠭ ᠤᠨ ᠤᠳᠤᠷᠢᠳᠤᠭᠠᠴᠢ ︵ᠰᠤᠷᠭᠠᠭᠴᠢ︶᠂ ᠤᠷᠠᠯᠢᠭ ᠤᠨ ᠲᠦᠭᠡᠮᠡᠯᠵᠢᠭᠦᠯᠦᠯᠲᠡ ᠶᠢᠨ ᠪᠣᠯᠪᠠᠰᠤᠷᠠᠯ ᠵᠡᠷᠭᠡ | ᠠᠵᠢᠯ ᠡᠷᠭᠢᠯᠡᠬᠦ ᠶᠢ ᠨᠢ ᠳᠡᠮᠵᠢᠨ᠎ᠡ᠃ | ︵ᠵᠢᠷᠭᠤᠭ᠎ᠠ︶ ᠳᠣᠲᠣᠭᠠᠳᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠨᠠᠮ ᠤᠨ | ᠵᠣᠬᠢᠶᠠᠨ ᠪᠠᠶᠢᠭᠤᠯᠤᠯᠲᠠ ᠤᠳᠤᠷᠢᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠬᠡᠷᠡᠭ | ᠶᠠᠪᠤᠳᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠵᠤ᠂ ᠲᠠᠶᠢᠰᠠᠨ ᠤ ᠤᠷᠠᠯᠢᠭ ᠤᠨ ᠪᠦᠲᠦᠭᠡᠯ ᠤᠨ | ᠠᠭᠤᠯᠭ᠎ᠠ ᠵᠡᠷᠭᠡ ᠲᠠᠯ᠎ᠠ ᠪᠠᠷ ᠬᠢᠨᠠᠯᠲᠠ ᠪᠠᠨ ᠴᠢᠩᠭᠠᠳᠬᠠᠬᠤ ᠬᠡᠷᠡᠭᠲᠠᠢ᠃ ᠤᠯᠤᠰ ᠤᠨ ᠥᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠴᠢᠬᠤᠯᠠ ᠶᠡᠭᠡ ᠭᠤᠣᠯ ᠰᠡᠳᠦᠪᠲᠦ ᠵᠣᠬᠢᠶᠠᠨ ᠪᠦᠲᠦᠭᠡᠬᠦ ᠵᠦᠢᠯᠡᠰ ᠢ ᠲᠣᠭᠲᠠᠭᠠᠬᠤ᠂ ᠪᠦᠯᠬᠦᠮ | ᠨᠡᠶᠢᠲᠡ ᠶᠢ ᠲᠣᠭᠲᠠᠭᠠᠬᠤ᠂ ᠵᠠᠷᠤᠳᠠᠯ ᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠠᠢ᠃ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠢ ᠵᠢᠯᠣᠭᠤᠳᠤᠨ ᠤᠷᠠᠯᠢᠭ ᠤᠨ ᠵᠥᠪᠯᠡᠯ ᠤᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠭᠤᠣᠯ ᠰᠡᠳᠦᠪᠲᠦ ᠵᠣᠬᠢᠶᠠᠨ ᠪᠦᠲᠦᠭᠡᠬᠦ ᠲᠥᠷᠥᠯ ᠵᠦᠢᠯ ᠤᠨ | ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠴᠢᠬᠤᠯᠠ ᠶᠡᠭᠡ ᠭᠤᠣᠯ ᠰᠡᠳᠦᠪᠲᠦ ᠵᠦᠴᠦᠭᠡ ᠶᠢᠨ ᠪᠦᠲᠦᠭᠡᠯ ᠤᠨ | ᠵᠣᠬᠢᠶᠠᠨ ᠪᠦᠲᠦᠭᠡᠯᠭᠡ ᠶᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠵᠣᠬᠢᠶᠠᠨ ᠪᠦᠲᠦᠭᠡᠬᠦ ᠶᠠᠰᠤ ᠴᠢᠨᠠᠷ ᠢ | ᠪᠠᠲᠤᠯᠠᠬᠤ ᠬᠡᠷᠡᠭᠲᠠᠢ᠃ ᠠᠵᠢᠯᠲᠠᠨ ︵ᠲᠥᠯᠥᠭᠡᠯᠡᠭᠴᠢᠳ︶ ᠤ ᠶᠡᠭᠡ ᠬᠤᠷᠠᠯ ᠤᠨ ᠡᠭᠦᠷᠭᠡ ᠴᠢᠳᠠᠪᠤᠷᠢ ᠶᠢ ᠪᠠᠳᠠᠷᠠᠭᠤᠯᠵᠤ | ᠂ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠠᠢ᠃ ᠤᠯᠤᠰ ᠤᠨ ᠥᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠴᠢᠬᠤᠯᠠ ᠲᠣᠭᠯᠠᠭᠴᠢᠳ ᠤᠨ ᠲᠥᠯᠥᠭᠡᠯᠡᠭᠴᠢ ᠶᠢ ᠡᠯᠰᠡᠨ ᠠᠪᠴᠤ | ᠡᠵᠡᠩᠨᠡᠯᠲᠡ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠭᠤᠯᠬᠤ ᠶᠢ | ᠵᠣᠷᠢᠭᠵᠢᠭᠤᠯᠤᠨ᠎ᠠ ᠃ | ︵ᠳᠣᠯᠤᠭ᠎ᠠ︶ ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠯ᠎ᠠ | ᠨᠤᠲᠤᠭ ᠤᠨ ᠭᠠᠷᠮᠠᠭᠠᠢ ᠴᠢᠳᠠᠪᠤᠷᠢᠲᠠᠨ ᠤ ᠢᠨᠵᠧᠨᠧᠷᠢᠩ ᠤᠨ ᠬᠠᠮᠤᠷᠬᠤ ᠬᠡᠪᠴᠢᠶᠡᠨ ᠳᠤ ᠲᠣᠰ ᠭᠠᠵᠠᠷ ᠣᠷᠣᠨ ᠤ | ᠤᠳᠬ᠎ᠠ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠲᠠᠶᠢᠰᠠᠨ ᠤ | ᠤᠷᠠᠯᠢᠭ ᠤᠨ ᠬᠦᠷᠢᠶᠡᠨ ᠳᠤ ᠬᠢ ᠳᠠᠭᠠᠭᠤᠯᠤᠭᠴᠢ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠵᠦᠴᠦᠭᠡ | ᠨᠠᠶᠢᠷᠠᠭᠤᠯᠬᠤ᠂ ᠠᠶ᠎ᠠ ᠵᠣᠬᠢᠶᠠᠬᠤ᠂ ᠤᠳᠤᠷᠢᠳᠤᠭᠠᠴᠢ᠂ ᠲᠣᠭᠯᠠᠭᠴᠢ᠂ ᠬᠡᠷᠡᠯᠳᠦᠭᠦᠯᠦᠭᠴᠢ᠂ ᠲᠠᠶᠢᠰᠠᠨ ᠤ ᠤᠷᠠᠯᠢᠭ | ᠤᠨ ᠮᠡᠷᠭᠡᠵᠢᠯᠲᠡᠨ᠂ ᠵᠦᠴᠦᠭᠡ ᠶᠢᠨ ᠦᠢᠯᠡᠴᠢᠯᠡᠭᠡ᠂ ᠲᠠᠶᠢᠰᠠᠨ ᠤ ᠬᠢᠨᠠᠯᠲᠠ ᠵᠡᠷᠭᠡ ᠴᠢᠳᠠᠪᠤᠷᠢᠲᠠᠨ ᠢᠯᠠᠩᠭᠤᠶ᠎ᠠ | ᠵᠠᠯᠠᠭᠤ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠶ᠎ᠠ | ᠬᠦᠷᠢᠶᠡᠯᠡᠩ ᠪᠦᠯᠬᠦᠮ ᠤᠨ ᠵᠣᠬᠢᠶᠠᠨ ᠪᠦᠲᠦᠭᠡᠬᠦ ᠴᠢᠳᠠᠪᠤᠷᠢᠲᠠᠨ ᠢ ᠶᠡᠬᠡᠪᠡᠷ ᠲᠡᠳᠬᠦᠨ ᠬᠥᠮᠥᠵᠢᠭᠦᠯᠦᠨ᠎ᠡ᠃ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠴᠢᠳᠠᠪᠤᠷᠢᠲᠠᠨ ᠬᠥᠮᠥᠵᠢᠭᠦᠯᠬᠦ | ᠲᠥᠯᠥᠪᠯᠡᠭᠡ ᠪᠠ ᠪᠣᠯᠪᠠᠰᠤᠷᠠᠯ ᠤᠨ ᠳᠦᠷᠢᠮ ᠢ ᠲᠣᠭᠲᠠᠭᠠᠬᠤ ᠶᠢ ᠵᠢᠯᠤᠭᠤᠳᠴᠤ᠂ ᠲᠣᠭᠯᠠᠭᠴᠢᠳ ᠲᠤ ᠠᠵᠢᠯ ᠤᠨ | ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠪᠠ ᠠᠵᠢᠯ ᠣᠯᠬᠤ ᠮᠡᠷᠭᠡᠵᠢᠯ ᠴᠢᠳᠠᠪᠤᠷᠢ ᠶᠢᠨ | ᠪᠣᠯᠪᠠᠰᠤᠷᠠᠯ ᠬᠠᠩᠭᠠᠨ᠎ᠠ᠃ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠳᠡᠭᠡᠳᠦ | ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠴᠢᠳᠠᠪᠤᠷᠢᠲᠠᠨ ᠢ ᠬᠠᠮᠲᠤᠷᠠᠨ | ᠬᠥᠮᠥᠵᠢᠭᠦᠯᠬᠦ ᠠᠵᠢᠯ ᠥᠷᠨᠢᠭᠦᠯᠬᠦ ᠶᠢ ᠠᠬᠢᠭᠤᠯᠵᠤ᠂ ᠨᠥᠬᠦᠴᠡᠯ ᠲᠠᠢ ᠤᠯᠤᠰ ᠤᠨ ᠥᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠤᠷᠠᠯᠢᠭ ᠤᠨ ᠪᠣᠯᠪᠠᠰᠤᠷᠠᠯ ᠤᠨ ᠰᠤᠷᠭᠠᠭᠤᠯᠢ ᠡᠷᠭᠢᠯᠡᠬᠦ ᠶᠢ ᠳᠡᠮᠵᠢᠨ᠎ᠡ᠃ | ᠰᠢᠯᠢᠳᠡᠭ ᠴᠢᠳᠠᠪᠤᠷᠢᠲᠠᠨ ᠤ ᠤᠯᠤᠰ ᠤᠨ ᠭᠠᠳᠠᠭᠠᠳᠤ ᠳᠣᠲᠣᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠤᠨ᠎ᠠ᠃ | ᠭᠤᠷᠪᠠ᠂ ᠰᠢᠯᠢᠳᠡᠭ ᠵᠦᠴᠦᠭᠡ ᠶᠢᠨ ᠵᠣᠬᠢᠶᠠᠯ ᠵᠣᠬᠢᠶᠠᠨ ᠪᠦᠲᠦᠭᠡᠬᠦ ᠶᠢ ᠲᠡᠳᠬᠦᠨ ᠳᠡᠮᠵᠢᠬᠦ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ | ︵ᠨᠠᠢᠮᠠ︶ ᠵᠣᠬᠢᠶᠠᠨ ᠪᠦᠲᠦᠭᠡᠬᠦ ᠵᠥᠪ ᠤᠳᠤᠷᠢᠳᠤᠮᠵᠢ ᠶᠢ ᠪᠠᠷᠢᠮᠲᠠᠯᠠᠨ᠎ᠠ᠃ ᠨᠠᠮ ᠤᠨ ᠤᠳᠬ᠎ᠠ | ᠤᠷᠠᠯᠢᠭ ᠤᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ | ᠤᠳᠤᠷᠢᠳᠤᠮᠵᠢ ᠶᠢ ᠪᠠᠷᠢᠮᠲᠠᠯᠠᠵᠤ᠂ ᠤᠷᠠᠯᠢᠭ ᠤᠨ ᠵᠢᠮ᠎ᠡ ᠶᠣᠰᠣ ᠶᠢ ᠵᠢᠷᠤᠮᠯᠠᠭᠰᠠᠨ᠂ ᠲᠠᠶᠢᠰᠠᠨ ᠤ ᠤᠷᠠᠯᠢᠭ ᠤᠨ | ᠣᠨᠴᠠᠯᠢᠭ ᠲᠤ ᠨᠡᠶᠢᠴᠡᠭᠰᠡᠨ ᠰᠢᠯᠢᠳᠡᠭ ᠪᠦᠲᠦᠭᠡᠯ ᠢ ᠶᠡᠭᠡ ᠪᠠᠷ ᠵᠣᠬᠢᠶᠠᠨ᠂ ᠭᠤᠣᠯ ᠬᠦᠭ ᠠᠶᠠᠰ ᠢ ᠨᠡᠩ ᠰᠠᠶᠢᠲᠤᠷ | ᠴᠤᠤᠷᠢᠶᠠᠲᠤᠭᠤᠯᠵᠤ᠂ ᠢᠳᠡᠪᠬᠢ ᠬᠦᠴᠦᠨ ᠢ ᠨᠡᠩ ᠰᠠᠶᠢᠲᠤᠷ ᠤᠯᠠᠮᠵᠢᠯᠠᠬᠤ ᠬᠡᠷᠡᠭᠲᠠᠢ᠃ ᠳᠤᠮᠳᠠᠳᠤ ᠶᠢᠨ | ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠪᠣᠳᠠᠲᠤ ᠠᠬᠤᠢ ᠶᠢᠨ ᠰᠡᠳᠦᠪ᠂ ᠡᠬᠡ ᠣᠷᠣᠨᠴᠢ ᠦᠵᠡᠯ ᠤᠨ | ᠰᠡᠳᠦᠪ᠂ ᠴᠢᠬᠤᠯᠠ ᠶᠡᠭᠡ ᠬᠤᠪᠢᠰᠬᠠᠯ ᠪᠠ ᠲᠡᠦᠬᠡ ᠶᠢᠨ ᠰᠡᠳᠦᠪ᠂ ᠵᠠᠯᠠᠭᠤᠴᠤᠳ ᠪᠠᠭᠠᠴᠤᠳ ᠤᠨ ᠰᠡᠳᠦᠪ᠂ | ᠴᠡᠷᠢᠭ ᠤᠨ ᠶᠠᠪᠤᠳᠠᠯ ᠤᠨ ᠰᠡᠳᠦᠪ ᠵᠡᠷᠭᠡ ᠵᠦᠴᠦᠭᠡ ᠶᠢᠨ ᠵᠣᠬᠢᠶᠠᠯ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠨ᠎ᠠ᠃ | ᠰᠢᠯᠢᠳᠡᠭ ᠤᠯᠠᠮᠵᠢᠯᠠᠯᠲᠤ ᠰᠣᠩᠭᠤᠳᠠᠭ ᠵᠦᠴᠦᠭᠡ ᠶᠢᠨ ᠵᠣᠬᠢᠶᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ ᠶᠢ ᠴᠢᠩᠭᠠᠳᠬᠠᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢᠶᠠᠨ | ᠬᠠᠶᠢᠷᠠᠯᠠᠬᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠵᠡᠷᠭᠡ ᠴᠠᠭ | ᠦᠶ᠎ᠡ ᠶᠢᠨ ᠭᠤᠣᠯ ᠰᠡᠳᠦᠪ ᠤᠨ ᠲᠣᠭᠤᠷᠢᠨ ᠳᠤ ᠶᠠᠰᠤ ᠰᠢᠷᠪᠦᠰᠦ ᠲᠠᠢ᠂ ᠶᠣᠰᠣ ᠮᠣᠷᠠᠯ ᠲᠠᠢ᠂ ᠬᠠᠯᠠᠭᠤᠨ ᠳᠤᠯᠠᠭᠠᠨ | ᠰᠡᠳᠬᠢᠯᠭᠡ ᠲᠠᠢ ᠰᠣᠳᠣᠨ ᠪᠦᠲᠦᠭᠡᠯ ᠢ ᠦᠷᠭᠦᠯᠵᠢᠯᠡᠨ ᠡᠭᠦᠳᠦᠨ ᠪᠦᠲᠦᠭᠡᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠲᠣᠭᠤᠷᠢᠨ ᠳᠤ᠂ ᠦᠨᠳᠦᠰᠦᠲᠡᠨ ᠤ | ᠪᠦᠯᠬᠦᠮᠳᠡᠯ ᠤᠨ ᠭᠤᠣᠯ ᠰᠡᠳᠦᠪᠲᠦ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠲᠤᠰᠬᠠᠭᠰᠠᠨ᠂ ᠤᠳᠤ ᠦᠶ᠎ᠡ ᠶᠢᠨ ᠪᠣᠯᠪᠠᠰᠤᠨ ᠢ | ᠠᠭᠤᠰᠤᠯᠴᠠᠭᠤᠯᠤᠭᠰᠠᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠦᠲᠦᠭᠡᠯ ᠢ ᠨᠡᠩ ᠤᠯᠠᠨ ᠭᠠᠷᠭᠠᠨ᠎ᠠ | ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠤᠨ ᠦᠷ᠎ᠡ ᠠᠰᠢᠭ ᠪᠠ ᠠᠵᠤ | ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠦᠭᠦᠯᠦᠭᠰᠡᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠨᠡᠶᠢᠭᠡᠮ ᠤᠨ ᠦᠷ᠎ᠡ ᠠᠰᠢᠭ ᠢ | ᠦᠨᠡᠯᠡᠵᠦ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ᠎ᠠ᠃ | ︵ᠶᠢᠰᠦ︶ ᠰᠢᠯᠢᠳᠡᠭ ᠵᠦᠴᠦᠭᠡ ᠶᠢ ᠵᠤᠬᠢᠶᠠᠨ ᠪᠦᠲᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ | ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠤᠷᠠᠯᠢᠭ ᠤᠨ ᠪᠦᠲᠦᠭᠡᠯ ᠤᠨ ᠵᠦᠴᠦᠭᠡ ᠶᠢᠨ | ᠵᠤᠬᠢᠶᠠᠯ᠂ ᠪᠠᠷᠢᠮᠵᠢᠶ᠎ᠠ ᠳᠡᠪᠲᠡᠷ᠂ ᠲᠤᠭᠯᠠᠯᠲᠠ ᠶᠢᠨ ᠳᠡᠪᠲᠡᠷ ᠵᠡᠷᠭᠡ ᠰᠠᠭᠤᠷᠢ ᠴᠢᠨᠠᠷᠲᠠᠢ ᠵᠣᠬᠢᠶᠠᠨ ᠪᠦᠲᠦᠭᠡᠯᠭᠡ᠂ | ᠤᠤᠭᠠᠯ ᠡᠭᠦᠳᠦᠯᠲᠡ ᠶᠢᠨ ᠴᠢᠳᠠᠪᠤᠷᠢ ᠪᠠᠨ ᠴᠢᠩᠭᠠᠳᠬᠠᠬᠤ ᠶᠢ ᠲᠡᠮᠵᠢᠵᠤ᠂ ᠤᠳᠬ᠎ᠠ ᠤᠷᠠᠯᠢᠭ ᠤᠨ ᠲᠦᠷᠦᠯ | ᠵᠦᠢᠯᠡᠰ ᠢ ᠨᠡᠪᠴᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠢᠯᠢᠳᠡᠭ ᠵᠦᠴᠦᠭᠡ ᠶᠢᠨ ᠵᠣᠬᠢᠶᠠᠯ | ᠪᠠ ᠰᠢᠯᠢᠳᠡᠭ ᠵᠤᠬᠢᠶᠠᠨ ᠨᠠᠶᠢᠷᠠᠭᠤᠯᠬᠤ ᠴᠢᠳᠠᠪᠤᠷᠢᠲᠠᠨ ᠢ ᠭᠤᠣᠯᠳᠠᠯᠭ᠎ᠠ ᠲᠠᠢ ᠪᠠᠷ ᠲᠡᠳᠬᠦᠨ ᠲᠡᠮᠵᠢᠵᠤ᠂ ᠤᠯᠤᠰ ᠤᠨ | ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠦᠬᠦ ᠤᠯᠤᠰ ᠠᠴᠠ ᠲᠣᠭᠯᠠᠵᠤ ᠪᠣᠯᠪᠠᠰᠤᠷᠠᠭ᠎ᠠ | ᠦᠭᠡᠢ ᠰᠢᠯᠢᠳᠡᠭ ᠤᠷᠠᠯᠢᠭ ᠤᠨ ᠪᠦᠲᠦᠭᠡᠯ ᠡᠯᠰᠡᠬᠦ ᠶᠢ ᠵᠣᠷᠢᠭᠵᠢᠭᠤᠯᠤᠨ᠎ᠠ᠃ ᠨᠡᠶᠢᠭᠡᠮ ᠤᠨ ᠬᠦᠴᠦᠨ ᠤ | ᠵᠦᠴᠦᠭᠡ ᠶᠢᠨ ᠵᠣᠬᠢᠶᠠᠯ ᠵᠣᠬᠢᠶᠠᠨ ᠪᠦᠲᠦᠭᠡᠬᠦ ᠳᠤ ᠣᠷᠤᠯᠴᠠᠬᠤ ᠶᠢ ᠵᠣᠷᠢᠭᠵᠢᠭᠤᠯᠵᠤ᠂ ᠤᠯᠤᠰ ᠤᠨ ᠦᠮᠴᠢᠯᠡᠯᠲᠦ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠵᠦᠴᠦᠭᠡ ᠶᠢᠨ ᠵᠣᠬᠢᠶᠠᠯ ᠬᠡᠪᠯᠡᠯ ᠤᠨ ᠡᠷᠬᠡ ᠶᠢ ᠬᠤᠳᠠᠯᠳᠤᠨ | ᠠᠪᠴᠤ ᠲᠤᠭᠯᠠᠬᠤ ᠶᠢ ᠵᠤᠷᠢᠭᠵᠢᠭᠤᠯᠤᠨ᠎ᠠ ᠃ | ︵ᠠᠷᠪᠠ︶ ᠤᠷᠠᠯᠢᠭ ᠤᠨ ᠵᠣᠬᠢᠶᠠᠨ ᠪᠦᠲᠦᠭᠡᠯᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠭᠡᠷ᠎ᠡ | ᠲᠣᠭᠲᠠᠨ ᠵᠣᠬᠢᠶᠠᠨ ᠪᠦᠲᠦᠭᠡᠬᠦ᠂ ᠳᠠᠭᠠᠭᠠᠴᠢᠯᠠᠯᠲᠠ ᠵᠠᠷᠯᠠᠨ ᠵᠣᠬᠢᠶᠠᠨ ᠪᠦᠲᠦᠭᠡᠬᠦ᠂ ᠭᠠᠵᠠᠷ ᠣᠷᠣᠨ ᠪᠠ ᠠᠵᠢᠯ | ᠲᠥᠷᠥᠯ ᠠᠯᠤᠰᠯᠠᠨ ᠬᠠᠮᠲᠤᠷᠠᠨ ᠵᠣᠬᠢᠶᠠᠨ ᠪᠦᠲᠦᠭᠡᠬᠦ᠂ ᠬᠠᠮᠲᠤᠷᠠᠨ ᠪᠣᠭᠤᠮᠲᠠ ᠰᠢᠪᠲᠤᠯᠤᠨ ᠵᠣᠬᠢᠶᠠᠨ ᠪᠦᠲᠦᠭᠡᠬᠦ | ᠵᠡᠷᠭᠡ ᠲᠣᠭᠲᠠᠴᠠ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠪᠠ ᠠᠶᠢᠮᠠᠭ ᠬᠤᠲᠠ ᠶᠢᠨ ᠬᠠᠷᠢᠶ᠎ᠠ ᠬᠦᠷᠢᠶᠡᠯᠡᠩ ᠪᠦᠯᠬᠦᠮ ᠤᠨ ᠤᠷᠠᠯᠢᠭ ᠤᠨ ᠵᠣᠬᠢᠶᠠᠨ ᠪᠦᠲᠦᠭᠡᠬᠦ ᠲᠥᠪ | ᠪᠤᠶᠤ ᠡᠭᠦᠳᠦᠨ ᠪᠦᠲᠦᠭᠡᠬᠦ ᠰᠤᠳᠤᠯᠭᠠᠨ ᠤ ᠲᠠᠰᠤᠭ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠷᠢᠶ᠎ᠠ ᠬᠦᠷᠢᠶᠡᠯᠡᠩ ᠪᠦᠯᠬᠦᠮ ᠤᠨ ᠵᠣᠬᠢᠶᠠᠨ ᠪᠦᠲᠦᠭᠡᠬᠦ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ | ᠨᠥᠬᠦᠴᠡᠯ ᠲᠠᠢ ᠬᠦᠷᠢᠶᠡᠯᠡᠩ ᠪᠦᠯᠬᠦᠮ ᠤᠨ ᠨᠠᠷᠠᠲᠤ ᠬᠥᠮᠥᠨ ᠨᠠᠷᠠᠲᠤ ᠪᠠᠭᠰᠢ ᠶᠢᠨ ᠵᠣᠬᠢᠶᠠᠨ ᠪᠦᠲᠦᠭᠡᠬᠦ ᠠᠵᠢᠯ ᠤᠨ | ᠲᠠᠰᠤᠭ ᠪᠠᠶᠢᠭᠤᠯᠬᠤ ᠶᠢ ᠳᠡᠮᠵᠢᠨ᠎ᠡ᠃ ᠵᠦᠴᠦᠭᠡ ᠶᠢᠨ ᠵᠣᠬᠢᠶᠠᠯ ᠵᠣᠬᠢᠶᠠᠬᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠰᠢᠯᠢᠳᠡᠭ ᠵᠦᠴᠦᠭᠡ ᠶᠢᠨ ᠵᠤᠬᠢᠶᠠᠯ ᠤᠨ ᠲᠠᠨᠢᠯᠴᠠᠭᠤᠯᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ | ︵ᠠᠷᠪᠠᠨ ᠨᠢᠭᠡ︶ ︽ᠠᠮᠢᠳᠤᠷᠠᠯ ᠳᠤ ᠭᠦᠨᠵᠡᠭᠡᠶᠢᠷᠡᠵᠦ · ᠠᠷᠠᠳ ᠲᠦᠮᠡᠨ ᠤ ᠳᠤᠮᠳᠠ ᠦᠨᠳᠦᠰᠦᠯᠡᠬᠦ︾ | ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ︽ᠠᠮᠢᠳᠤᠷᠠᠯ ᠳᠤ ᠭᠦᠨᠵᠡᠭᠡᠶᠢᠷᠡᠵᠦ · ᠠᠷᠠᠳ ᠲᠦᠮᠡᠨ ᠤ ᠳᠤᠮᠳᠠ | ᠦᠨᠳᠦᠰᠦᠯᠡᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠤᠣᠯ ᠡᠭᠦᠳᠦᠨ ᠪᠦᠲᠦᠭᠡᠭᠴᠢᠳ ᠤᠨ ᠮᠠᠯᠵᠢᠬᠤ ᠲᠠᠷᠢᠶᠠᠯᠠᠬᠤ ᠣᠷᠣᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ | ᠂ ᠰᠤᠷᠭᠠᠭᠤᠯᠢ᠂ ᠴᠡᠷᠢᠭ ᠤᠨ ᠬᠤᠸᠠᠷᠠᠨ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ | ᠠᠮᠢᠳᠤᠷᠠᠯ ᠢ ᠣᠶᠢᠯᠠᠭᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠰᠢᠯᠢᠳᠡᠭ ᠪᠦᠲᠦᠭᠡᠯ ᠢ ᠵᠠᠯᠭᠠᠭ᠎ᠠ ᠪᠠᠷ | ᠵᠣᠬᠢᠶᠠᠨ ᠪᠦᠲᠦᠭᠡᠵᠦ ᠭᠠᠷᠭᠠᠭᠰᠠᠨ ᠭᠤᠣᠯ ᠡᠭᠦᠳᠦᠨ ᠪᠦᠲᠦᠭᠡᠭᠴᠢᠳ ᠲᠤ ᠱᠠᠩᠨᠠᠯ ᠪᠠ ᠨᠥᠬᠦᠪᠦᠷᠢ ᠣᠯᠭᠤᠵᠤ᠂ | ᠰᠢᠯᠢᠳᠡᠭ ᠤᠤᠭᠠᠯ ᠡᠭᠦᠳᠦᠯᠲᠡ ᠶᠢᠨ ᠪᠦᠲᠦᠭᠡᠯ ᠢ ᠲᠡᠳᠬᠦᠬᠦ ᠪᠠ ᠵᠣᠭᠤᠰ ᠮᠥᠩᠭᠦ ᠪᠠᠷ ᠲᠤᠰᠠᠯᠠᠨ᠎ᠠ᠃ | ᠤᠯᠠᠭᠠᠨᠮᠥ᠋ᠴᠢᠷ ᠤᠨ ᠭᠡᠰᠢᠭᠦᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠴᠡᠭ ᠲᠤ ᠰᠠᠭᠤᠨ ᠰᠤᠷᠪᠤᠯᠵᠢᠯᠠᠨ | ᠮᠠᠲ᠋ᠧᠷᠢᠶᠠᠯ ᠴᠤᠭᠯᠠᠭᠤᠯᠬᠤ ᠶᠢ ᠵᠣᠷᠢᠭᠵᠢᠭᠤᠯᠵᠤ᠂ ᠠᠷᠠᠳ ᠤᠨ ᠰᠣᠶᠣᠯ ᠤᠨ ᠡᠯᠪᠡᠭ ᠪᠠᠶᠠᠯᠢᠭ ᠰᠢᠮ᠎ᠡ ᠲᠡᠵᠢᠭᠡᠯ ᠢ | ᠰᠢᠩᠭᠡᠬᠡᠨ ᠠᠪᠴᠤ ᠤᠯᠠᠭᠠᠨᠮᠥ᠋ᠴᠢᠷ ᠤᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠤᠯᠠᠮᠵᠢᠯᠠᠨ | ᠳᠡᠯᠭᠡᠷᠡᠭᠦᠯᠬᠦ ᠳᠤ ᠬᠢᠯᠪᠠᠷ᠂ ᠠᠪᠰᠠᠷ ᠪᠥᠭᠡᠳ ᠠᠮᠢᠳᠤᠯᠢᠭ᠂ ᠦᠨᠳᠦᠰᠦᠨ ᠱᠠᠲᠤᠨ ᠳᠤ ᠲᠣᠭᠯᠠᠬᠤ ᠳᠤ | ᠲᠣᠬᠢᠷᠠᠮᠵᠢᠲᠠᠢ ᠵᠦᠴᠦᠭᠡ ᠶᠢᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ᠂ ᠤᠯᠠᠭᠠᠨᠮᠥ᠋ᠴᠢᠷ ᠢ ᠦᠨᠡᠨ ᠬᠦ | ᠨᠠᠮ ᠤᠨ ᠰᠢᠨ᠎ᠡ ᠣᠨᠣᠯ ᠤᠨ ︽ᠤᠬᠠᠭᠤᠯᠤᠨ ᠲᠠᠶᠢᠯᠪᠤᠷᠢᠯᠠᠬᠤ ᠠᠩᠭᠢ︾ ᠪᠣᠯᠭᠠᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ︽ᠵᠢᠱᠢᠶ᠎ᠡ ᠦᠵᠡᠭᠦᠯᠬᠦ | ᠠᠩᠭᠢ︾᠂ ᠨᠠᠮ ᠪᠣᠯᠣᠨ ᠤᠯᠤᠰ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ︽ | ᠤᠬᠠᠭᠤᠯᠬᠤ ᠠᠩᠭᠢ︾᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ | ᠤᠶᠤᠨ ᠰᠠᠨᠠᠭᠠᠨ ᠤ ᠬᠦᠴᠦᠨ ᠢ ᠴᠢᠩᠭᠠᠳᠬᠠᠬᠤ ︽ᠤᠳᠬ᠎ᠠ ᠤᠷᠠᠯᠢᠭ ᠤᠨ ᠠᠩᠭᠢ︾᠂ ︽ᠪᠢ ᠴᠢᠮᠠᠶᠢ | ᠬᠠᠪᠰᠤᠷᠤᠨ᠎ᠠ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ︾᠂ ᠬᠠᠮᠤᠭ ᠤᠨ ᠬᠦᠴᠦᠷᠬᠡᠭ ᠨᠠᠮ ᠤᠨ ᠡᠭᠦᠷ ᠤᠨ ᠪᠠᠶᠢᠭᠤᠯᠤᠯᠲᠠ ᠶᠢᠨ︽ᠵᠢᠱᠢᠶᠡᠴᠢ | ᠠᠩᠭᠢ︾ ᠶᠢ ᠪᠠᠲᠤ ᠴᠣᠭᠴᠠᠯᠠᠨ᠎ᠠ᠃ | ᠳᠥᠷᠪᠡ᠂ ᠵᠦᠴᠦᠭᠡ ᠶᠢᠨ ᠪᠦᠲᠦᠭᠡᠯ ᠤᠨ ᠵᠤᠬᠢᠶᠠᠨ ᠪᠦᠲᠦᠭᠡᠯᠭᠡ ᠲᠣᠭᠯᠠᠯᠲᠠ ᠶᠢ ᠠᠬᠢᠭᠤᠯᠬᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ | ︵ᠠᠷᠪᠠᠨ ᠬᠤᠶᠠᠷ︶ ᠰᠢᠯᠢᠳᠡᠭ ᠵᠦᠴᠦᠭᠡ ᠶᠢᠨ ᠪᠦᠲᠦᠭᠡᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ | ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠢ ᠵᠢᠯᠤᠭᠤᠳᠴᠤ ᠪᠠᠶᠢᠭᠠᠳ | ᠵᠦᠴᠦᠭᠡ ᠶᠢᠨ ᠵᠤᠬᠢᠶᠠᠯ ᠵᠦᠴᠦᠭᠡ ᠶᠢᠨ ᠭᠠᠷᠴᠠᠭ᠂ ᠵᠦᠴᠦᠭᠡ ᠶᠢᠨ ᠲᠢᠶᠠᠲᠷ᠂ ᠴᠢᠳᠠᠪᠤᠷᠢᠲᠠᠨ ᠵᠡᠷᠭᠡ ᠡᠯᠧᠮᠧᠨ᠋ᠲ ᠢ | ᠰᠢᠯᠢᠳᠡᠭᠵᠢᠭᠦᠯᠦᠨ ᠲᠣᠬᠢᠷᠠᠭᠤᠯᠵᠤ᠂ ᠲᠣᠭᠯᠠᠯᠲᠠ ᠪᠠᠷ ᠭᠤᠣᠯ ᠭᠤᠭᠴᠤᠭ᠎ᠠ ᠪᠣᠯᠭᠠᠭᠰᠠᠨ ᠡᠵᠡᠩᠨᠡᠯᠲᠡ ᠶᠢᠨ | ᠲᠣᠭᠲᠠᠴᠠ ᠶᠢ ᠪᠠᠶᠢᠭᠤᠯᠤᠨ᠎ᠠ᠃ ᠲᠠᠶᠢᠰᠠᠨ ᠤ ᠤᠷᠠᠯᠢᠭ ᠤᠨ ᠪᠦᠲᠦᠭᠡᠯ ᠤᠨ ᠰᠡᠳᠦᠪ ᠰᠣᠩᠭᠤᠨ ᠨᠤᠲᠠᠯᠠᠬᠤ᠂ | ᠲᠥᠷᠥᠯ ᠵᠦᠢᠯ ᠤᠨ ᠵᠣᠬᠢᠶᠠᠨ ᠪᠦᠲᠦᠭᠡᠬᠦ᠂ ᠤᠷᠠᠯᠢᠭ ᠤᠨ ᠶᠠᠰᠤ ᠴᠢᠨᠠᠷ ᠵᠡᠷᠭᠡ ᠶᠢ ᠦᠨᠡᠯᠡᠨ ᠵᠢᠱᠢᠬᠦ ᠵᠠᠩᠭᠢᠯᠠᠭ᠎ᠠ ᠶᠢ | ᠴᠢᠩᠭᠠᠳᠬᠠᠨ᠎ᠠ᠃ ᠰᠢᠯᠢᠳᠡᠭ ᠵᠦᠴᠦᠭᠡ ᠶᠢᠨ ᠰᠣᠩᠭᠤᠳᠠᠭ ᠬᠡᠪ᠂ ᠲᠠᠯᠠᠪᠠᠢ ᠳᠤ ᠰᠠᠭᠤᠭ᠎ᠠ ᠬᠡᠪ᠂ ᠲᠣᠭᠤᠷᠢᠨ | ᠲᠣᠭᠯᠠᠬᠤ ᠬᠡᠪ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠬᠡᠪ ᠤᠨ ᠲᠣᠭᠯᠠᠯᠲᠠ ᠶᠢᠨ ᠨᠡᠷᠡᠰ ᠤᠨ | ᠵᠢᠭᠰᠠᠭᠠᠯᠲᠠ ᠶᠢ ᠭᠠᠷᠭᠠᠵᠤ᠂ ᠠᠳᠠᠯᠢ ᠪᠤᠰᠤ ᠲᠣᠭᠯᠠᠯᠲᠠ ᠰᠣᠨᠢᠷᠬᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠤᠷᠠᠨ ᠰᠠᠶᠢᠬᠠᠨ ᠤ ᠲᠣᠭᠯᠠᠯᠲᠠ ᠬᠦᠷᠭᠡᠬᠦ ᠠᠵᠢᠯᠯᠠᠭ᠎ᠠ ᠶᠢ ᠥᠷᠨᠢᠭᠦᠯᠦᠨ᠎ᠡ᠃ ᠣᠯᠠᠨ ᠲᠠᠰ | ᠳᠠᠪᠬᠤᠷᠭ᠎ᠠ ᠶᠢᠨ ᠲᠣᠭᠯᠠᠯᠲᠠ ᠶᠢᠨ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠢᠯᠢᠳᠡᠭ ᠵᠦᠴᠦᠭᠡ ᠶᠢ | ᠵᠠᠰᠠᠭ ᠤᠨ ᠣᠷᠳᠣᠨ ᠠᠴᠠ ᠲᠣᠭᠯᠠᠯᠲᠠ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠴᠢᠨᠠᠷ ᠰᠠᠶᠢᠲᠠᠢ᠂ ᠥᠨᠳᠥᠷ ᠬᠢᠷᠢ ᠲᠦᠪᠰᠢᠨ ᠲᠠᠢ | ᠂ ᠣᠯᠠᠨ ᠰᠡᠳᠦᠪ ᠲᠠᠢ᠂ ᠪᠠᠶᠢᠩᠭᠤᠵᠢᠭᠰᠠᠨ ᠲᠤᠰᠬᠠᠢ ᠲᠣᠭᠯᠠᠯᠲᠠ ᠥᠷᠨᠢᠭᠦᠯᠬᠦ ᠶᠢ ᠳᠡᠮᠵᠢᠨ᠎ᠡ᠃ ᠨᠥᠬᠦᠴᠡᠯ ᠲᠠᠢ | ᠬᠦᠷᠢᠶᠡᠯᠡᠩ ᠪᠦᠯᠬᠦᠮ ᠤᠨ ᠵᠦᠴᠦᠭᠡ ᠶᠢᠨ ᠭᠠᠷᠴᠠᠭ ᠤᠨ ᠬᠤᠪᠢ ᠣᠷᠣᠭᠤᠯᠬᠤ ᠳᠦᠷᠢᠮ᠂ ᠲᠦᠷᠦᠯ ᠵᠦᠢᠯ ᠤᠨ | ᠳᠦᠷᠢᠮ ᠵᠡᠷᠭᠡ ᠤᠯᠠᠨ ᠵᠦᠢᠯ ᠤᠨ ᠠᠮᠢᠳᠤᠯᠢᠭ ᠠᠷᠭ᠎ᠠ ᠬᠡᠯᠪᠡᠷᠢ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ | ︵ᠠᠷᠪᠠᠨ ᠭᠤᠷᠪᠠ︶ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠢ ᠳᠠᠭᠤᠷᠢᠯᠢᠭ ᠢ ᠬᠥᠭᠵᠢᠭᠦᠯᠦᠨ | ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠦᠨᠳᠦᠰᠦᠲᠡᠨ ᠤ ᠠᠷᠠᠳ ᠤᠨ ᠣᠷᠣᠨ ᠨᠤᠲᠤᠭ ᠤᠨ ᠰᠢ | ᠳᠠᠭᠤᠷᠢᠯᠢᠭ ᠤᠨ ᠦᠢᠯᠡᠳᠪᠦᠷᠢᠯᠡᠯ ᠲᠣᠭᠯᠠᠯᠲᠠ ᠶᠢ ᠭᠤᠣᠯᠳᠠᠯᠭ᠎ᠠ ᠲᠠᠢ ᠲᠡᠳᠬᠦᠵᠦ᠂ ᠪᠡᠭᠡᠵᠢᠩ ᠰᠢ᠂ ᠡᠯ ᠿᠧᠨ ᠲᠠᠢ | ᠵᠦᠴᠦᠭᠡ᠂ ᠮᠣᠩᠭᠤᠯ ᠵᠦᠴᠦᠭᠡ ᠵᠡᠷᠭᠡ ᠶᠢ ᠡᠭᠦᠳᠦᠨ ᠪᠦᠲᠦᠭᠡᠬᠦ ᠠᠵᠢᠯ ᠢ ᠰᠠᠶᠢᠲᠤᠷ ᠬᠢᠵᠦ᠂ ᠪᠣᠳᠠᠲᠤ ᠠᠬᠤᠢ ᠶᠢᠨ | ᠰᠡᠳᠦᠪᠲᠦ᠂ ᠦᠨᠳᠦᠰᠦᠲᠡᠨ ᠤ ᠰᠡᠳᠦᠪᠲᠦ ᠰᠢ ᠳᠠᠭᠤᠷᠢᠯᠢᠭ ᠤᠨ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ | ᠣᠷᠣᠨ ᠨᠤᠲᠤᠭ ᠤᠨ ᠰᠢ ᠳᠠᠭᠤᠷᠢᠯᠢᠭ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠣᠨ ᠨᠤᠲᠤᠭ ᠤᠨ ᠰᠢ | ᠳᠠᠭᠤᠷᠢᠯᠢᠭ ᠢ ᠠᠮᠢᠳᠤᠯᠢᠭ ᠢᠶᠠᠷ ᠤᠯᠠᠮᠵᠢᠯᠠᠬᠤ ᠶᠢ ᠪᠡᠶᠡᠯᠡᠭᠦᠯᠦᠨ᠎ᠡ᠂ ᠤᠳᠤ ᠦᠶ᠎ᠡ ᠶᠢᠨ ᠰᠢ ᠵᠦᠴᠦᠭᠡ ᠶᠢᠨ | ᠵᠣᠬᠢᠶᠠᠨ ᠪᠦᠲᠦᠭᠡᠯᠭᠡ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠲᠡᠦᠬᠡ ᠶᠢᠨ ᠵᠦᠴᠦᠭᠡ ᠶᠢ ᠰᠢᠨ᠎ᠡ ᠪᠠᠷ | ᠨᠠᠶᠢᠷᠠᠭᠤᠯᠬᠤ ᠪᠠ ᠤᠯᠠᠮᠵᠢᠯᠠᠯᠲᠤ ᠰᠢ ᠵᠦᠴᠦᠭᠡ ᠶᠢ ᠡᠮᠬᠢᠳᠬᠡᠨ ᠥᠭᠡᠷᠡᠴᠢᠯᠡᠨ ᠨᠠᠶᠢᠷᠠᠭᠤᠯᠬᠤ ᠶᠢ ᠬᠠᠶᠢᠨ | ᠰᠦᠪᠡᠭᠴᠢᠯᠡᠵᠦ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠦᠭᠵᠢᠭᠦᠯᠦᠨ᠎ᠡ᠃ | ︵ᠠᠷᠪᠠᠨ ᠳᠥᠷᠪᠡ︶ ᠭᠤᠣᠯᠳᠠᠯᠭ᠎ᠠ ᠲᠠᠢ ᠪᠦᠲᠦᠭᠡᠯ ᠤᠨ ᠬᠠᠮ ᠵᠠᠭᠤᠴᠢᠯᠠᠭᠤᠷ ᠤᠨ ᠳᠡᠯᠭᠡᠷᠡᠭᠦᠯᠬᠦ | ᠲᠠᠪᠴᠠᠩ ᠢ ᠪᠠᠶᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ | ᠬᠥᠭᠵᠢᠭᠦᠯᠬᠦ᠂ ᠲᠣᠭᠯᠠᠯᠲᠠ ᠨᠡᠪᠲᠡᠷᠡᠭᠦᠯᠭᠡ ᠬᠠᠮᠵᠢᠯᠴᠠᠨ ᠬᠠᠮᠲᠤ ᠪᠠᠷ ᠤᠷᠤᠭᠰᠢᠯᠠᠬᠤ ᠠᠵᠢᠯᠯᠠᠭᠠᠨ ᠤ ᠵᠠᠭᠪᠤᠷ ᠢ | ᠪᠠᠶᠢᠭᠤᠯᠵᠤ᠂ ᠲᠠᠶᠢᠰᠠᠨ ᠤ ᠵᠦᠴᠦᠭᠡ ᠶᠢᠨ ᠪᠦᠲᠦᠭᠡᠯ ᠤᠨ ᠦᠢᠯᠡᠳᠪᠦᠷᠢᠯᠡᠯ ᠪᠠ ᠺᠢᠨᠣ᠋ ᠲᠧᠯᠸᠢᠰ ᠵᠦᠴᠦᠭᠡ ᠶᠢᠨ | ᠦᠢᠯᠡᠳᠪᠦᠷᠢᠯᠡᠯ ᠢ ᠵᠣᠯᠭᠠᠭᠤᠯᠤᠨ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠵᠠᠭᠤᠴᠢᠯᠠᠭᠤᠷ ᠬᠢᠭᠡᠳ | ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠢᠳᠡᠪᠬᠢᠲᠡᠢ ᠪᠠᠷ ᠬᠠᠮᠲᠤᠷᠠᠯᠴᠠᠬᠤ ᠶᠢ | ᠬᠥᠲᠥᠯᠥᠨ ᠵᠢᠯᠤᠭᠤᠳᠴᠤ᠂ ᠲᠠᠶᠢᠰᠠᠨ ᠤ ᠤᠷᠠᠯᠢᠭ ᠤᠨ ᠪᠦᠲᠦᠭᠡᠯ ᠤᠨ ᠤᠯᠠᠮᠵᠢᠯᠠᠬᠤ ᠬᠦᠴᠦᠨ᠂ ᠨᠥᠯᠥᠭᠡᠯᠡᠬᠦ | ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠰᠦᠯᠵᠢᠶᠡᠨ ᠤ ᠤᠳᠬ᠎ᠠ ᠤᠷᠠᠯᠢᠭ ᠤᠨ ᠲᠠᠪᠴᠠᠩ ᠤᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠥᠬᠦ ᠣᠷᠣᠨ ᠤ ᠵᠦᠴᠦᠭᠡ ᠶᠢ ᠨᠡᠪᠴᠢᠭᠦᠯᠬᠦ ᠠᠵᠢᠯᠯᠠᠭᠠᠨ ᠤ | ᠲᠠᠪᠴᠠᠩ᠂ ᠲᠢᠶᠠᠲᠷ ᠤᠨ ᠶᠡᠷᠦᠩᠬᠡᠶᠢᠯᠡᠭᠰᠡᠨ ᠡᠵᠡᠩᠨᠡᠯᠲᠡ ᠶᠢᠨ ᠲᠠᠪᠴᠠᠩ ᠪᠠ ᠲᠣᠭᠯᠠᠯᠲᠠ ᠶᠢᠨ ᠤᠬᠠᠭᠤᠯᠤᠨ | ᠳᠡᠯᠭᠡᠷᠡᠭᠦᠯᠬᠦ ᠲᠠᠪᠴᠠᠩ ᠢ ᠪᠠᠶᠢᠭᠤᠯᠵᠤ᠂ ᠲᠣᠭᠯᠠᠯᠲᠠ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠤᠯᠤᠰ ᠤᠨ ᠦᠮᠴᠢᠯᠡᠯᠲᠦ ᠣᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠰᠦᠯᠵᠢᠶᠡᠨ ᠤ | ᠵᠣᠬᠢᠶᠠᠨ ᠪᠦᠲᠦᠭᠡᠬᠦ ᠲᠣᠭᠯᠠᠯᠲᠠ ᠪᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠩ | ᠤᠯᠠᠨ ᠡᠷᠡᠭᠦᠯ ᠪᠥᠭᠡᠳ ᠴᠢᠨᠠᠷ ᠰᠠᠶᠢᠲᠠᠢ ᠰᠦᠯᠵᠢᠶᠡᠨ ᠤ ᠤᠷᠠᠨ ᠰᠠᠶᠢᠬᠠᠨ ᠤ ᠪᠦᠲᠦᠭᠡᠯ ᠢ ᠭᠠᠷᠭᠠᠨ᠎ᠠ᠃ ︽ | ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠮᠥ᠋ᠴᠢᠷ ᠤᠨ | ᠬᠡᠷᠡᠭᠯᠡᠭᠡᠨ ᠤ ᠫᠷᠣᠭ᠍ᠷᠠᠮ ︵APP︶ ᠢ ᠨᠡᠭᠡᠭᠡᠨ ᠬᠥᠭᠵᠢᠭᠦᠯᠵᠦ᠂ ᠤᠯᠠᠭᠠᠨᠮᠥ᠋ᠴᠢᠷ ᠤᠨ ᠰᠣᠩᠭᠤᠳᠠᠭ ᠪᠦᠲᠦᠭᠡᠯ ᠤᠨ | ᠲᠣᠭᠠᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ︵ᠠᠷᠪᠠᠨ ᠲᠠᠪᠤ︶ ᠰᠣᠳᠣᠨ ᠵᠦᠴᠦᠭᠡ ︵ᠫᠷᠤᠭ᠍ᠷᠠᠮ︶ ᠶᠢᠨ ︽ᠭᠠᠳᠠᠭᠰᠢ ᠭᠠᠷᠬᠤ︾ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ ᠲᠢᠶᠠᠲᠷ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠯᠢᠳᠡᠭ ᠪᠦᠲᠦᠭᠡᠯ ᠢ ᠳᠡᠯᠭᠡᠷᠡᠭᠦᠯᠦᠨ ᠤᠯᠠᠮᠵᠢᠯᠠᠬᠤ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠣᠳᠣᠨ ᠵᠦᠴᠦᠭᠡ ︵ ᠫᠷᠤᠭ᠍ᠷᠠᠮ︶ ᠶᠢᠨ ᠪᠥᠬᠦ | ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ ᠳᠤᠮᠳᠠᠳᠤ ᠮᠣᠩᠭᠤᠯ ᠣᠷᠣᠰ ᠤᠨ ᠲᠠᠶᠢᠰᠠᠨ ᠤ | ᠤᠷᠠᠯᠢᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠵᠤ᠂ ᠰᠢᠯᠢᠳᠡᠭ ᠰᠣᠳᠣᠨ ᠵᠦᠴᠦᠭᠡ ︵ | ᠫᠷᠤᠭ᠍ᠷᠠᠮ︶ ᠶᠢ ᠣᠯᠠᠨ ᠤᠯᠤᠰ ᠲᠤ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠤᠨ᠎ᠠ᠃ ᠭᠠᠳᠠᠭᠠᠳᠤ ᠯᠤᠭ᠎ᠠ ᠶᠢᠨ | ᠰᠣᠶᠣᠯ ᠤᠨ ᠰᠣᠯᠢᠯᠴᠠᠭ᠎ᠠ ᠶᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠣᠳᠣᠨ | ᠵᠦᠴᠦᠭᠡ ︵ᠫᠷᠤᠭ᠍ᠷᠠᠮ︶ ᠶᠢᠨ ︽ᠭᠠᠳᠠᠭᠰᠢ ᠭᠠᠷᠬᠤ︾ ᠤᠳᠤᠷᠢᠳᠤᠮᠵᠢ ᠶᠢᠨ ᠪᠣᠭᠤᠮᠲᠠ᠂ ᠠᠭᠤᠯᠭ᠎ᠠ ᠶᠢᠨ | ᠪᠣᠭᠤᠮᠲᠠ ᠶᠢ ᠰᠠᠶᠢᠲᠤᠷ ᠠᠳᠬᠤᠨ᠎ᠠ᠃ | ᠲᠠᠪᠤ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ ᠲᠢᠶᠠᠲᠷ ᠤᠨ ᠬᠠᠩᠭᠠᠯᠭ᠎ᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ | ︵ᠠᠷᠪᠠᠨ ᠵᠢᠷᠭᠤᠭ᠎ᠠ︶ ᠲᠢᠶᠠᠲᠷ ᠤᠨ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠪᠠᠲᠤᠯᠠᠨ᠎ᠠ᠃ | ᠥᠭᠡᠷᠡᠴᠢᠯᠡᠨ ᠪᠠᠶᠢᠭᠤᠯᠬᠤ ︵ᠥᠷᠭᠡᠳᠬᠡᠬᠦ︶᠂ ᠰᠢᠨ᠎ᠡ ᠪᠠᠷ ᠪᠠᠶᠢᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ | ᠠᠪᠴᠤ᠂ ᠲᠢᠶᠠᠲᠷ ᠪᠠ ᠦᠵᠡᠭᠴᠢᠳ ᠤᠨ ᠰᠠᠭᠤᠳᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ | ᠵᠣᠬᠢᠰᠲᠠᠢ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠬᠤᠳᠠᠯᠳᠤᠭᠠᠨ ᠤ ᠲᠠᠯᠠᠪᠤᠷ᠂ ᠦᠢᠯᠡᠳᠪᠦᠷᠢ ᠶᠢᠨ | ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠡᠷᠭᠡ ᠦᠯᠡᠳᠡᠭᠡᠯ ᠪᠡᠯᠡᠳᠬᠡᠮᠵᠢ ᠶᠢ | ᠠᠰᠢᠭᠯᠠᠨ ᠣᠨᠴᠠᠯᠢᠭᠲᠤ ᠲᠢᠶᠠᠲᠷ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠤᠷᠠᠨ ᠰᠠᠶᠢᠬᠠᠨ ᠤ ᠠᠵᠤ ᠦᠢᠯᠡᠰ ᠢ | ᠬᠥᠭᠵᠢᠭᠦᠯᠦᠨ᠎ᠡ᠃ ᠤᠯᠤᠰ ᠤᠨ ᠦᠮᠴᠢᠯᠡᠯᠲᠦ ᠲᠢᠶᠠᠲᠷ ᠵᠡᠷᠭᠡ ᠤᠷᠠᠯᠢᠭ ᠤᠨ ᠲᠣᠭᠯᠠᠯᠲᠠ ᠶᠢᠨ ᠲᠠᠯᠠᠪᠤᠷ ᠭᠠᠵᠠᠷ ᠢ | ᠥᠭᠡᠷᠡᠴᠢᠯᠡᠬᠦ ᠳᠤ ᠵᠣᠬᠢᠬᠤ ᠬᠡᠪᠴᠢᠶᠡᠨ ᠤ ᠬᠤᠳᠠᠯᠳᠤᠭ᠎ᠠ᠂ ᠦᠢᠯᠡᠴᠢᠯᠡᠭᠡ ᠵᠡᠷᠭᠡ ᠪᠤᠰᠤᠳ ᠬᠡᠷᠡᠭᠴᠡᠭᠡ ᠶᠢ | ᠪᠠᠭᠲᠠᠭᠠᠵᠤ ᠪᠣᠯᠬᠤ ᠪᠥᠭᠡᠳ ᠬᠡᠯᠡᠯᠴᠡᠭᠡᠷ ᠤᠨ ᠠᠷᠭ᠎ᠠ ᠮᠠᠶ᠋ᠢᠭ ᠢᠶᠠᠷ ᠭᠠᠵᠠᠷ ᠬᠡᠷᠡᠭᠯᠡᠬᠦ ᠭᠠᠷ ᠭᠦᠢᠴᠡᠳᠬᠡᠯ ᠢ | ᠨᠥᠬᠦᠪᠦᠷᠢᠯᠡᠨ ᠬᠢᠵᠦ ᠪᠣᠯᠣᠨ᠎ᠠ᠃ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢᠨ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠤᠯᠤᠰ ᠤᠨ ᠥᠮᠴᠢᠯᠡᠯᠲᠦ ᠤᠷᠠᠨ | ᠰᠠᠶᠢᠬᠠᠨ ᠤ ᠬᠦᠷᠢᠶᠡᠯᠡᠩ ᠪᠦᠯᠬᠦᠮ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ ᠥᠷᠨᠢᠭᠦᠯᠬᠦ ᠶᠢ | ᠵᠣᠷᠢᠭᠵᠢᠭᠤᠯᠤᠨ᠎ᠠ᠃ ᠨᠥᠬᠦᠴᠡᠯ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠲᠤ ᠠᠰᠢᠭ | ᠬᠦᠷᠲᠡᠭᠡᠬᠦ ᠣᠯᠠᠨ ᠴᠢᠳᠠᠮᠵᠢᠲᠤ ᠲᠢᠶᠠᠲᠷ᠂ ᠵᠢᠵᠢᠭ ᠲᠢᠶᠠᠲᠷ ᠢ ᠵᠣᠬᠢᠬᠤ ᠬᠡᠮᠵᠢᠶ᠎ᠡ ᠪᠠᠷ ᠪᠦᠲᠦᠭᠡᠨ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠠᠷᠪᠠᠨ ᠳᠣᠯᠤᠭ᠎ᠠ︶ ︽ᠲᠠᠯ᠎ᠠ ᠨᠤᠲᠤᠭ ᠤᠨ ᠨᠡᠭᠦᠳᠡᠯ ᠲᠢᠶᠠᠲᠷ︾ ᠤᠨ ᠵᠠᠭᠪᠤᠷ ᠢ ᠰᠠᠨᠠᠭᠠᠴᠢᠯᠠᠨ᠎ᠠ᠃ | ᠨᠡᠶᠢᠭᠡᠮ ᠲᠣᠭᠤᠷᠢᠭ ᠤᠨ ᠰᠣᠶᠣᠯ ᠤᠨ ᠲᠠᠯᠠᠪᠠᠶ᠂ ᠮᠠᠯᠵᠢᠬᠤ ᠲᠠᠷᠢᠶᠠᠯᠠᠬᠤ ᠣᠷᠣᠨ ᠤ ᠵᠢᠵᠢᠭ ᠲᠠᠯᠠᠪᠠᠶ ᠵᠢᠵᠢᠭ | ᠲᠠᠶᠢᠰᠠ ᠵᠡᠷᠭᠡ ᠳᠤ ᠲᠦᠰᠢᠭᠯᠡᠨ᠂ ︽ᠬᠦᠬᠡ ᠲᠡᠭᠷᠢ ᠪᠠᠷ ᠬᠥᠰᠢᠭᠡ ᠪᠣᠯᠭᠠᠵᠤ᠂ ᠬᠦᠷᠦᠰᠦᠲᠦ ᠭᠠᠵᠠᠷ ᠢᠶᠠᠷ ᠲᠠᠶᠢᠰᠠ | ᠪᠣᠯᠭᠠᠬᠤ︾ ︽ᠲᠠᠯ᠎ᠠ ᠨᠤᠲᠤᠭ ᠤᠨ ᠨᠡᠭᠦᠳᠡᠯ ᠲᠢᠶᠠᠲᠷ︾ ᠤᠨ ᠵᠠᠭᠪᠤᠷ ᠢ ᠦᠷᠭᠦᠯᠵᠢᠯᠡᠨ ᠳᠡᠯᠭᠡᠷᠡᠭᠦᠯᠦᠨ᠎ᠡ᠃ ︽ | ᠲᠠᠯ᠎ᠠ ᠨᠤᠲᠤᠭ ᠤᠨ ᠨᠡᠭᠦᠳᠡᠯ ᠲᠢᠶᠠᠲᠷ︾ ᠤᠨ ᠲᠣᠭᠯᠠᠯᠲᠠ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠵᠠᠮ | ᠬᠠᠷᠢᠯᠴᠠᠭᠠᠨ ᠤ ᠪᠠᠭᠠᠵᠢ ᠶᠢ ᠲᠣᠬᠢᠷᠠᠭᠤᠯᠤᠨ ᠰᠢᠨᠡᠳᠬᠡᠬᠦ ᠶᠢ ᠣᠯᠠᠨ ᠨᠡᠶᠢᠲᠡ ᠶᠢᠨ ᠰᠣᠶᠣᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠨᠡᠳᠬᠡᠬᠦ ᠲᠥᠯᠦᠪᠵᠢᠭᠦᠯᠭᠡ ᠳᠤ ᠣᠷᠣᠭᠤᠯᠵᠤ᠂ | ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | ︵ᠠᠷᠪᠠᠨ ᠨᠠᠢᠮᠠ︶ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠪᠠ | ᠲᠢᠶᠠᠲᠷ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠤᠨ᠎ᠠ᠃ ︽ᠪᠦᠯᠬᠦᠮ ᠪᠠ ᠲᠢᠶᠠᠲᠷ ᠤᠨ ᠬᠠᠮᠲᠤᠷᠠᠯᠴᠠᠭ᠎ᠠ︾᠂ | ︽ᠪᠦᠯᠬᠦᠮ ᠢᠶᠠᠷ ᠲᠢᠶᠠᠲᠷ ᠢ ᠳᠠᠶᠢᠴᠢᠯᠠᠬᠤ︾ ᠪᠤᠶᠤ ︽ᠲᠢᠶᠠᠲᠷ ᠢᠶᠠᠷ ᠪᠦᠯᠬᠦᠮ ᠢ ᠳᠠᠶᠢᠴᠢᠯᠠᠬᠤ︾ ᠶᠢ ᠲᠡᠮᠵᠢᠨ᠎ᠠ᠃ | ᠨᠥᠬᠦᠴᠡᠯ ᠲᠠᠢ ᠭᠠᠵᠠᠷ ᠣᠷᠣᠨ ᠳᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠲᠠᠯᠠᠪᠠᠶ ᠳᠤ ᠰᠠᠭᠤᠵᠤ ᠲᠣᠭᠯᠠᠯᠲᠠ ᠭᠠᠷᠭᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠤᠨ᠎ᠠ᠃ ᠥᠪᠥᠷ | ᠮᠣᠩᠭᠤᠯ ᠤᠨ ᠲᠣᠭᠯᠠᠯᠲᠠ ᠶᠢᠨ ᠲᠢᠶᠠᠲᠷ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠪᠥᠬᠦ ᠣᠷᠣᠨ ᠤ ᠲᠢᠶᠠᠲᠷ ᠤᠨ ᠱᠤᠭᠤᠮ ᠤᠨ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠢ | ᠰᠦᠪᠡᠭᠴᠢᠯᠡᠨ ᠪᠠᠶᠢᠭᠤᠯᠵᠤ᠂ ᠲᠢᠶᠠᠲᠷ ᠢᠶᠠᠷ ᠬᠤᠯᠪᠣᠭᠠᠰᠤ ᠪᠣᠯᠭᠠᠭᠰᠠᠨ ᠲᠣᠭᠯᠠᠯᠲᠠ ᠶᠢᠨ ᠤᠷᠠᠯᠢᠭ ᠤᠨ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ | ᠵᠢᠷᠭᠤᠭ᠎ᠠ᠂ ᠳᠡᠮᠵᠢᠵᠦ ᠪᠠᠲᠤᠯᠠᠬᠤ ᠶᠢ ᠴᠢᠩᠭᠠᠷᠠᠭᠤᠯᠤᠨ᠎ᠠ | ︵ᠠᠷᠪᠠ ᠶᠢᠰᠦ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ | ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠥᠭᠵᠢᠯᠲᠡ ᠶᠢᠨ ᠵᠥᠪ | ᠴᠢᠭᠯᠡᠯ ᠢ ᠪᠠᠲᠤ ᠡᠵᠡᠮᠳᠡᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠ | ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ | ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠨᠠᠮ ᠤᠨ ᠬᠤᠷᠢᠶᠠᠨ ᠤ ᠤᠬᠠᠭᠤᠯᠬᠤ | ᠰᠠᠯᠠᠭ᠎ᠠ ᠮᠥᠴᠢᠷ ᠤᠨ ᠵᠣᠬᠢᠴᠠᠭᠤᠯᠤᠨ ᠵᠢᠯᠤᠭᠤᠳᠬᠤ᠂ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ | ᠬᠠᠷᠢᠭᠤᠴᠠᠨ ᠨᠠᠶᠢᠳᠠᠪᠤᠷᠢᠵᠢᠭᠤᠯᠬᠤ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ | ᠢᠳᠡᠪᠬᠢᠲᠡᠢ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠤᠰ ᠲᠦᠷᠦ ᠶᠢᠨ | ᠪᠠᠷᠢᠮᠵᠢᠶ᠎ᠠ ᠶᠢ ᠲᠣᠪᠤᠶᠢᠯᠭᠠᠨ᠂ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠤᠶᠤ ᠵᠢᠭᠠᠨ ᠵᠢᠯᠣᠭᠤᠳᠤᠭᠴᠢ ᠶᠢ ᠰᠢᠯᠢᠳᠡᠭ ᠠᠴᠠ ᠰᠢᠯᠢᠳᠡᠭ ᠢ | ᠰᠣᠩᠭᠤᠨ ᠲᠣᠬᠢᠷᠠᠭᠤᠯᠵᠤ᠂ ᠮᠣᠷᠠᠯ ᠤᠷᠠᠯᠢᠭ ᠬᠤᠣᠰᠯᠠᠭᠰᠠᠨ᠂ ᠤᠳᠬ᠎ᠠ ᠤᠷᠠᠯᠢᠭ ᠤᠨ ᠠᠵᠢᠯᠲᠠᠳ ᠲᠠᠢ ᠨᠢᠭᠲᠠᠷᠠᠨ | ᠪᠦᠯᠬᠦᠮᠳᠡᠵᠦ ᠴᠢᠳᠠᠬᠤ ᠨᠠᠮ ᠤᠨ ᠭᠡᠰᠢᠭᠦᠨ ᠺᠠᠳ᠋ᠷ ᠢ ᠬᠦᠷᠢᠶᠡᠯᠡᠩ ᠪᠦᠯᠬᠦᠮ ᠤᠨ ᠤᠳᠤᠷᠢᠳᠬᠤ ᠪᠠᠭ ᠲᠤ | ᠣᠷᠣᠭᠤᠯᠬᠤ ᠶᠢ ᠴᠢᠬᠤᠯᠠᠴᠢᠯᠠᠨ᠎ᠠ᠃ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠬᠦ ᠬᠡᠷᠡᠭᠲᠡᠢ᠃ | ︵ᠬᠤᠷᠢ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ | ᠵᠠᠰᠠᠭ ᠤᠨ ᠣᠷᠳᠣᠨ ᠨᠤᠭᠤᠳ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠭᠵᠢᠯᠲᠡ ᠶᠢ ᠲᠦᠷᠭᠡᠳᠬᠡᠬᠦ ᠠᠵᠢᠯ ᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠪᠠᠨ ᠣᠷᠣᠭᠤᠯᠵᠤ᠂ ᠬᠠᠮᠢᠶᠠᠷᠤᠯᠲᠠ ᠪᠠ ᠦᠢᠯᠡᠴᠢᠯᠡᠭᠡᠨ ᠤ | ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ | ᠪᠦᠯᠬᠦᠮ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ᠃ | ᠨᠥᠬᠦᠴᠡᠯ ᠳᠤ ᠨᠡᠶᠢᠴᠡᠬᠦ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠢ ᠳᠡᠮᠵᠢᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠯᠢᠶᠡᠳ ᠥᠨᠳᠥᠷ ᠬᠢᠷᠢ ᠲᠦᠪᠰᠢᠨ ᠪᠠ ᠲᠣᠪᠣᠶᠢᠮ᠎ᠠ | ᠣᠨᠴᠠᠯᠢᠭ ᠢ ᠢᠯᠡᠷᠡᠭᠦᠯᠦᠭᠰᠡᠨ ᠤᠯᠤᠰ ᠤᠨ ᠥᠮᠴᠢᠯᠡᠯᠲᠦ ᠣᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠢᠳᠡᠪᠬᠢᠲᠡᠢ ᠪᠠᠷ ᠲᠡᠳᠬᠦᠨ ᠳᠡᠮᠵᠢᠵᠦ᠂ ᠲᠡᠳᠡᠨ ᠤ ᠵᠦᠴᠦᠭᠡ ᠶᠢᠨ | ᠪᠦᠲᠦᠭᠡᠯ ᠢ ᠵᠣᠬᠢᠶᠠᠨ ᠪᠦᠲᠦᠭᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠲᠤᠯᠭᠤᠷ ᠪᠢᠴᠢᠭ ᠤᠨ ᠮᠠᠲ᠋ᠧᠷᠢᠶᠠᠯ ᠢ | ᠵᠠᠪᠳᠤᠨ ᠠᠪᠤᠷᠠᠵᠤ ᠬᠠᠳᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ ᠭᠠᠷᠭᠠᠬᠤ ᠪᠠ | ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠵᠡᠷᠭᠡ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | | |