ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2022/11/20
   ᠣᠶᠢᠷ᠎ᠠ ᠳᠤ᠂ ᠲᠥᠷᠥ ᠶᠢᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠠᠴᠠ ︽ᠬᠤᠶᠠᠳᠤᠭᠠᠷ ᠪᠦᠯᠦᠭ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠤᠭᠰᠠᠨ ᠨᠢᠭᠡᠴᠢ ᠶᠢᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠶᠠᠳᠤᠭᠠᠷ ᠪᠦᠯᠦᠭ ᠤᠨ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠭᠥᠷᠳᠡᠪᠡ᠃     ᠣᠶᠢᠷ᠎ᠠ ᠶᠢᠨ ᠵᠢᠯ ᠠᠴᠠ᠂ ᠪᠤᠭᠤᠲᠤ ᠬᠤᠲᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠬᠤ᠂ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠡᠬᠢ ᠪᠠᠶᠠᠯᠢᠭ ᠤᠨ ᠬᠤᠷᠣᠭᠳᠠᠯ ᠢ ᠰᠢᠯᠢᠳᠡᠭᠵᠢᠭᠦᠯᠬᠦ᠂ ᠡᠨᠧᠷᠭᠢ ᠠᠷᠪᠢᠯᠠᠬᠤ ᠤᠬᠠᠭᠤᠯᠭ᠎ᠠ ᠶᠢ ᠥᠷᠨᠢᠭᠦᠯᠬᠦ᠂ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠵᠡᠷᠭᠡ ᠲᠠᠯ᠎ᠠ ᠪᠠᠷ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠬᠢ ᠪᠠᠶᠠᠯᠢᠭ ᠤᠨ ᠬᠤᠷᠣᠭᠳᠠᠯ ᠢ ᠵᠢᠯ ᠳᠠᠷᠠᠭᠠᠯᠠᠨ ᠪᠠᠭᠠᠰᠬᠠᠵᠤ᠂ ᠪᠦᠬᠦ ᠲᠠᠯ᠎ᠠ ᠶᠢᠨ ᠰᠢᠰᠲ᠋ᠧᠮ ᠤᠨ ᠠᠷᠪᠢᠯᠠᠨ ᠭᠠᠮᠨᠠᠵᠤ ᠣᠷᠴᠢᠨ ᠠᠬᠤᠢ ᠶᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠶᠡᠭᠡ ᠪᠠᠷ ᠲᠦᠯᠬᠢᠨ ᠠᠬᠢᠭᠤᠯᠪᠠ᠃     ᠳᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠲᠤᠯᠠᠭᠰᠠᠨ ᠰᠠᠭᠤᠷᠢᠨ ᠳᠡᠭᠡᠷ᠎ᠡ ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠶᠢᠩᠭᠤᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠲᠣᠭᠲᠠᠴᠠ ᠶᠢ ᠪᠠᠶᠢᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠶᠢ ᠰᠠᠨᠠᠭᠠᠴᠢᠯᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠪᠠ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠳᠤᠮᠳᠠᠬᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠪᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号