ᠪᠦᠬᠦ ᠣᠷᠣᠨ ᠤ ᠤᠯᠠᠭᠠᠨᠮᠥ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2022/11/20
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠪᠠᠳᠠᠷᠠᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠶᠢᠨ ᠡᠳᠦᠷ ︽ᠪᠦᠬᠦ ᠣᠷᠣᠨ ᠤ ᠤᠯᠠᠭᠠᠨᠮᠥ᠋ᠴᠢᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠲᠥᠰᠥᠯ︾ ᠢ ᠬᠠᠮᠲᠤᠷᠠᠨ ᠲᠣᠭᠲᠠᠭᠠᠵᠤ᠂ ᠪᠦᠬᠦ ᠣᠷᠣᠨ ᠤ ᠤᠯᠠᠭᠠᠨᠮᠥ᠋ᠴᠢᠷ ᠪᠠ ᠬᠦᠷᠢᠶᠡᠯᠡᠩ ᠪᠦᠯᠬᠦᠮ ᠢ ᠵᠣᠬᠢᠶᠠᠨ ᠪᠠᠶᠢᠭᠤᠯᠵᠤ ᠪᠦᠬᠦ ᠣᠷᠣᠨ ᠤ ᠬᠡᠪᠴᠢᠶᠡᠨ ᠳᠤ ︽ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠬᠤ︾ ᠭᠤᠣᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠡᠢ᠃     ᠭᠤᠣᠯ ᠰᠡᠳᠦᠪᠲᠦ ᠠᠵᠢᠯᠯᠠᠭ᠎ᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠨᠤᠯ ᠤᠨ ᠰᠤᠷᠤᠯᠴᠠᠯᠭ᠎ᠠ᠂ ᠭᠤᠣᠯ ᠰᠡᠳᠦᠪᠲᠦ ᠪᠦᠲᠦᠭᠡᠯ ᠤᠨ ᠵᠣᠬᠢᠶᠠᠨ ᠪᠦᠲᠦᠭᠡᠯᠭᠡ᠂ ᠪᠦᠲᠦᠭᠡᠯ ᠤᠨ ᠪᠣᠯᠪᠠᠰᠤᠷᠠᠯ ᠤᠨ ᠲᠣᠭᠯᠠᠯᠲᠠ ᠥᠷᠨᠢᠭᠦᠯᠬᠦ ᠶᠢᠨ ᠵᠡᠷᠭᠡᠴᠡᠭᠡ ᠪᠠᠷ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ᠂ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢᠨ ᠠᠵᠢᠯᠯᠠᠭ᠎ᠠ ᠵᠢᠴᠢ ︽ᠰᠡᠳᠬᠢᠯ ᠢᠶᠠᠨ ᠨᠢᠭᠡᠳᠭᠡᠨ ᠨᠠᠮ ᠳᠤ ᠪᠠᠨ ᠬᠠᠨᠳᠤᠵᠤ · ᠭᠠᠷ ᠬᠤᠯᠪᠣᠨ ᠢᠷᠡᠭᠡᠳᠦᠢ ᠪᠠᠨ ᠴᠣᠭᠴᠠᠯᠠᠬᠤ︾ ᠭᠤᠣᠯ ᠰᠡᠳᠦᠪᠲᠦ ᠲᠣᠭᠤᠷᠢᠨ ᠲᠣᠭᠯᠠᠯᠲᠠ ᠭᠠᠷᠭᠠᠬᠤ ᠠᠵᠢᠯᠯᠠᠭ᠎ᠠ ᠵᠡᠷᠭᠡ ᠵᠢᠷᠭᠤᠭᠠᠨ ᠠᠭᠤᠯᠭ᠎ᠠ ᠶᠢ ᠪᠠᠭᠲᠠᠭᠠᠵᠠᠢ᠃ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ 14 ᠪᠦᠯᠦᠭ ᠰᠢᠯᠢᠳᠡᠭ ᠤᠳᠬ᠎ᠠ ᠤᠷᠠᠯᠢᠭ ᠤᠨ ᠠᠵᠢᠯᠲᠠᠳ ᠢ ᠵᠣᠬᠢᠶᠠᠨ ᠪᠠᠶᠢᠭᠤᠯᠵᠤ ᠤᠷᠠᠯᠢᠭ ᠤᠨ ᠵᠢᠭᠠᠨ ᠵᠢᠯᠣᠭᠤᠳᠤᠭᠴᠢ ᠶᠢᠨ ᠬᠤᠪᠢ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠭᠰᠠᠨ ᠱᠤᠭ ᠵᠦᠴᠦᠭᠡ᠂ ᠦᠵᠡᠭᠳᠡᠯᠲᠦ ᠣᠬᠤᠷ ᠵᠦᠴᠦᠭᠡ᠂ ᠳᠠᠭᠤᠷᠢᠯᠢᠭ ᠵᠡᠷᠭᠡ ᠪᠦᠲᠦᠭᠡᠯ ᠢ ᠠᠪᠴᠤ᠂ ᠡᠯ᠎ᠡ ᠤᠯᠠᠭᠠᠨᠮᠥ᠋ᠴᠢᠷ᠂ ᠬᠦᠷᠢᠶᠡᠯᠡᠩ ᠪᠦᠯᠬᠦᠮ ᠳᠤ ᠭᠦᠨᠵᠡᠭᠡᠶᠢᠷᠡᠵᠦ ᠰᠢᠨ᠎ᠡ ᠪᠦᠲᠦᠭᠡᠯ ᠤᠨ ᠪᠣᠯᠪᠠᠰᠤᠷᠠᠯ ᠢ ᠵᠢᠭᠠᠨ ᠵᠢᠯᠣᠭᠤᠳᠪᠠ᠃ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ  ᠬᠢᠨ ᠤᠯᠠᠭᠠᠨᠮᠥ᠋ᠴᠢᠷ ᠤᠨ ᠦᠢᠯᠡᠴᠢᠯᠡᠭᠡᠨ ᠤ 300 ᠰᠢᠬᠠᠮ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠮᠠᠯᠵᠢᠬᠤ ᠲᠠᠷᠢᠶᠠᠯᠠᠬᠤ ᠣᠷᠣᠨ᠂ ᠪᠤᠶᠢᠳᠠ ᠪᠥᠭᠯᠡᠭᠦᠦ ᠭᠠᠵᠠᠷ ᠣᠷᠣᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠᠷ ᠪᠠᠭᠤᠷᠠᠢ ᠭᠠᠵᠠᠷ ᠣᠷᠣᠨ ᠳᠤ ᠭᠦᠨᠵᠡᠭᠡᠶᠢᠷᠡᠨ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ ᠪᠠ ᠺᠢᠨᠣ᠋ ᠭᠠᠷᠭᠠᠬᠤ ᠵᠡᠷᠭᠡ ᠠᠵᠢᠯᠯᠠᠭ᠎ᠠ ᠥᠷᠨᠢᠭᠦᠯᠵᠦ᠂ ᠲᠣᠰ ᠰᠠᠷ᠎ᠠ ᠶᠢᠨ ᠳᠤᠮᠳᠠᠴᠢ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠠᠵᠢᠯᠯᠠᠬᠤ ᠪᠠᠷ ᠲᠥᠯᠥᠪᠯᠡᠵᠦ ᠪᠣᠶ᠃
 
ᠢᠷᠡᠯᠲᠡ᠄ ᠪᠧᠨ ᠲᠧᠩ ᠬᠠᠮ ᠵᠠᠭᠤᠴᠢᠯᠠᠭᠤᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号