ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ︽ᠡᠳᠦᠷ ᠪᠦᠷᠢ ᠶᠢᠨ ᠰᠤᠷᠤᠯᠴᠠᠯᠭ᠎ᠠ ᠶᠢᠨ ᠺᠠᠷᠲ ᠢᠶᠠᠷ ᠪᠦᠷᠢᠳᠬᠡᠭᠦᠯᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/20
   ᠣᠶᠢᠷ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠡᠷ ᠲᠤ ᠪᠠᠨ ᠠᠵᠢᠯᠯᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ︽ᠡᠳᠦᠷ ᠪᠦᠷᠢ ᠶᠢᠨ ᠰᠤᠷᠤᠯᠴᠠᠯᠭ᠎ᠠ ᠶᠢᠨ ᠺᠠᠷᠲ ᠢᠶᠠᠷ ᠪᠦᠷᠢᠳᠬᠡᠭᠦᠯᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠠᠵᠢᠯᠯᠠᠭ᠎ᠠ ᠨᠢ ᠤᠭ ᠵᠣᠬᠢᠶᠠᠯ ᠤᠨ ᠤᠭ ᠬᠡᠰᠡᠭ ᠢ ᠬᠦᠷᠭᠡᠬᠦ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠤᠳᠤᠨ ᠥᠭᠦᠯᠡᠪᠦᠷᠢ ᠶᠢ ᠦᠷᠯᠦᠭᠡ ᠤᠩᠰᠢᠬᠤ᠂ ᠪᠠᠭ᠎ᠠ ᠰᠢᠯᠭᠠᠯᠲᠠ ᠥᠷᠨᠢᠭᠦᠯᠬᠦ᠂ ᠰᠤᠷᠤᠯᠴᠠᠯᠭ᠎ᠠ ᠶᠢᠨ ᠬᠢᠴᠢᠶᠡᠯ ᠢ ᠬᠠᠮᠲᠤ ᠪᠠᠷ ᠡᠳ᠋ᠯᠡᠬᠦ᠂ ᠣᠯᠣᠯᠲᠠ ᠲᠥᠷᠥᠭᠳᠡᠯ ᠢᠶᠠᠨ ᠪᠢᠴᠢᠬᠦ᠂ ᠰᠦᠯᠵᠢᠶᠡᠨ ᠳᠡᠭᠡᠷ᠎ᠡ ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠡᠳᠦᠷ ᠪᠦᠷᠢ ᠶᠢᠨ ᠵᠠᠪᠠᠯ ᠰᠤᠷᠬᠤ ᠬᠢᠴᠢᠶᠡᠯ ᠪᠤᠯᠭᠠᠵᠤ᠂ ᠠᠳᠠᠯᠢᠳᠬᠠᠨ ᠰᠤᠷᠴᠤ ᠭᠦᠢᠴᠡᠵᠦ ᠳᠠᠪᠠᠭ᠋ᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠦᠷᠢᠯᠳᠦᠭᠦᠯᠵᠡᠢ᠃     ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠰᠠᠭᠤᠷᠢᠨ ᠳᠡᠭᠡᠷ᠎ᠡ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠪᠥᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠶᠠᠷᠢᠯᠴᠠᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠴᠢᠭᠯᠡᠯ ᠢ ᠲᠥᠯᠥᠪᠯᠡᠨ᠂ ᠰᠠᠨᠠᠭᠤᠯᠭ᠎ᠠ ᠳᠤᠷᠠᠳᠴᠤ᠂ ᠤᠬᠠᠭᠠᠨ ᠭᠠᠷᠭᠠᠵᠤ᠂ ᠠᠷᠭ᠎ᠠ ᠪᠤᠳᠤᠯᠭ᠎ᠠ ᠡᠷᠢᠯᠬᠢᠯᠡᠨ᠎ᠡ᠃ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ〈 ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ ᠳᠦᠷᠢ ᠲᠥᠷᠬᠦ ᠶᠢ ᠪᠣᠶ ᠪᠣᠯᠭᠠᠬᠤ〉  ᠲᠤᠰᠬᠠᠢ ᠠᠵᠢᠯᠯᠠᠭᠠᠨ ᠤ ᠲᠥᠰᠥᠯ︾ ᠢ ᠵᠣᠬᠢᠶᠠᠨ ᠪᠠᠶᠢᠭᠤᠯᠤᠨ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠡᠷᠡᠯᠬᠡᠭᠯᠡᠨ ᠲᠡᠮᠡᠴᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠭᠦᠨ ᠤ ᠬᠠᠮᠲᠤ ᠨᠠᠮ ᠤᠨ ᠭᠡᠰᠢᠭᠦᠨ ᠺᠠᠳ᠋ᠷᠴᠤᠳ   ᠢ ᠥᠪᠡᠷ ᠤᠨ ᠪᠠᠶᠢᠭ᠎ᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠢᠯ ᠤᠨ ᠡᠴᠦᠰ ᠠᠴᠠ ᠡᠮᠦᠨᠡᠬᠢ ᠡᠯ᠎ᠡ ᠵᠦᠢᠯ ᠤᠨ ᠡᠭᠦᠷᠭᠡ ᠪᠠᠨ ᠢᠳᠡᠪᠬᠢᠲᠡᠢ ᠪᠠᠷ ᠪᠡᠶᠡᠯᠡᠭᠦᠯᠵᠦ᠂ ᠴᠣᠯᠭᠤᠷᠠᠨ ᠭᠠᠷᠤᠭᠰᠠᠨ ᠲᠡᠷᠢᠭᠦᠨ ᠤ ᠦᠢᠯᠡ ᠠᠵᠢᠯᠯᠠᠭ᠎ᠠ   ᠶᠢ ᠤᠬᠠᠭᠤᠯᠬᠤ ᠬᠡᠷᠡᠭᠲᠡᠢ ᠭᠡᠵᠦ ᠤᠷᠢᠶᠠᠯᠠᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号