ᠦᠬᠠᠢ ᠶᠢᠨ ᠤᠯᠠᠭᠠᠨᠮᠥ᠋ᠴᠢᠷ ︽ᠵᠠᠭᠤᠨ ᠪᠦᠯᠬᠦᠮ ᠮᠢᠩᠭᠠᠨ ᠲᠠᠯᠠᠪᠠᠢ︾ ᠵᠢᠴᠢ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾  ᠦᠨᠳᠦᠰᠦᠨ ᠱᠠᠲᠤᠨ ᠳᠤ ᠬᠦᠷᠴᠦ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/11/25
     2017 ᠣᠨ ᠤ 11 ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠨ᠂ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ ᠲᠠᠭᠠᠰᠢᠶᠠᠭᠳᠠᠭᠰᠠᠨ ᠰᠢᠯᠢᠳᠡᠭ ᠪᠦᠲᠦᠭᠡᠯ ᠢ ᠨᠠᠩ ᠣᠯᠠᠨ ᠵᠣᠬᠢᠶᠠᠨ ᠪᠦᠲᠦᠭᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠲᠠᠪᠤᠨ ᠵᠢᠯ ᠤᠨ ᠳᠠᠷᠠᠭ᠎ᠠ᠂ 11ᠳ᠋ᠤᠭᠡᠷ ᠰᠠᠷ᠎ᠠ ᠶᠢᠨ 21 ᠤ ᠡᠳᠦᠷ᠂ ᠦᠬᠠᠢ ᠶᠢᠨ ᠤᠯᠠᠭᠠᠨᠮᠥ᠋ᠴᠢᠷ 4 ᠤᠳᠬ᠎ᠠ ᠤᠷᠠᠯᠢᠭ ᠤᠨ ᠰᠠᠯᠪᠤᠷᠢ ᠪᠠᠭ᠎ᠠ ᠠᠩᠭᠢ  ᠶᠢ ᠵᠣᠬᠢᠶᠠᠨ ᠪᠠᠶᠢᠭᠤᠯᠵᠤ᠂ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤ ᠪᠣᠯᠣᠨ ᠬᠠᠶᠢᠨᠠᠨ ᠲᠣᠭᠤᠷᠢᠭ ᠤᠨ ᠪᠠᠶ᠋ᠬᠠᠤᠰᠤ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠵᠦ᠂ ︽ᠵᠠᠭᠤᠨ ᠪᠦᠯᠬᠦᠮ ᠮᠢᠩᠭᠠᠨ ᠲᠠᠯᠠᠪᠠᠢ︾ ᠶᠢ ᠦᠨᠳᠦᠰᠦᠨ ᠱᠠᠲᠤᠨ ᠳᠤ ᠬᠦᠷᠭᠡᠬᠦ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︱ ︽ ᠪᠠᠶᠠᠷ ᠪᠠᠶᠠᠰᠤᠯ ᠂ ᠪᠣᠯᠪᠠᠰᠤᠨ ᠢ ᠬᠦᠷᠭᠡᠬᠦ︾ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠲᠣᠰᠬᠤᠨ ᠤ ᠠᠷᠠᠳ ᠤᠨ ᠳᠡᠷᠭᠡᠳᠡ ᠬᠦᠷᠭᠡᠪᠡ᠃      ︽ᠭᠡᠷ ᠲᠤ ᠪᠠᠨ ᠰᠠᠭᠤᠭᠠᠳ ᠦᠬᠠᠢ ᠶᠢᠨ ᠤᠯᠠᠭᠠᠨᠮᠥ᠋ᠴᠢᠷ ᠤᠨ ᠡᠶᠢᠨ ᠬᠦ ᠭᠤᠶᠢᠳᠠ ᠰᠠᠶᠢᠬᠠᠨ ᠲᠣᠭᠯᠠᠯᠲᠠ ᠶᠢ ᠣᠯᠵᠤ ᠬᠠᠷᠠᠬᠤ ᠳᠤ ᠮᠠᠰᠢ ᠪᠠᠶᠠᠷᠯᠠᠵᠤ ᠪᠠᠶᠢᠨ᠎ᠠ᠂ ᠬᠤᠶᠢᠰᠢᠳᠠ ᠡᠶᠢᠮᠦ ᠲᠣᠭᠯᠠᠯᠲᠠ ᠲᠠᠢ ᠪᠠᠶᠢᠬᠤ ᠶᠢ ᠬᠦᠰᠡᠵᠦ ᠪᠠᠶᠢᠨ᠎ᠠ︾ ᠭᠡᠵᠦ ᠲᠣᠰᠬᠤᠨ ᠤ ᠠᠷᠠᠳ ᠪᠠᠢ ᠢᠦᠢ ᠪᠠ ᠪᠠᠶᠠᠷᠲᠠᠢ ᠬᠡᠯᠡᠨ᠎ᠡ᠃ ᠲᠣᠰ ᠤᠳᠠᠭᠠᠨ ᠤ ︽ᠪᠠᠶᠠᠷ ᠪᠠᠶᠠᠰᠤᠯ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠬᠦᠷᠴᠦ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠳᠤ ᠦᠬᠠᠢ ᠶᠢᠨ ᠤᠯᠠᠭᠠᠨᠮᠥ᠋ᠴᠢᠷ ᠤᠨ ᠭᠡᠰᠢᠭᠦᠳ ᠨᠠᠮ ᠤᠨ ᠲᠠᠭᠤᠨ ᠪᠠ ᠨᠠᠮ ᠤᠨ ᠬᠠᠯᠠᠮᠵᠢᠯᠠᠯ ᠢ ᠦᠨᠳᠦᠰᠦᠨ ᠱᠠᠲᠤᠨ ᠳᠤ ᠬᠦᠷᠭᠡᠵᠦ᠂ ᠪᠠᠶᠠᠷ ᠪᠠᠶᠠᠰᠤᠯ ᠢ ᠣᠯᠠᠨ ᠲᠦᠮᠡᠨ ᠤ ᠳᠡᠷᠭᠡᠳᠡ ᠬᠦᠷᠭᠡᠵᠦ᠂ ᠲᠣᠰᠬᠤᠨ ᠤ ᠠᠷᠠᠳ ᠣᠯᠠᠨ ᠳᠤ ᠨᠢᠭᠡ ᠤᠳᠠᠭᠠᠨ ᠤ ᠦᠪᠡᠳᠡᠭᠰᠢ ᠰᠣᠶᠣᠯ ᠤᠨ ᠨᠠᠶᠢᠷ ᠢ  ᠬᠦᠷᠭᠡᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号