ᠰᠢᠯᠢ ᠶᠢᠨ ᠭᠤᠣᠯ ᠠᠶᠢᠮᠠᠭ᠄ ᠠᠷᠪᠠᠨ ᠵᠦᠢᠯ ᠤᠨ ᠰᠣᠳᠣᠨ ᠤᠷᠠᠯᠢᠭ ᠤᠨ ᠠᠵᠢᠯᠯᠠᠭ᠎ᠠ ᠪᠠᠷ ᠰᠢ ᠶᠢᠨ ᠫᠢᠩ ᠶᠡᠷᠦᠩᠬᠡᠢ ᠱᠦᠵᠢ ᠤᠯᠠᠭᠠᠨᠮᠥ᠋ᠴᠢᠷ ᠤᠨ ᠭᠡᠰᠢᠭᠦᠳ ᠲᠤ  ᠬᠠᠷᠢᠭᠤ ᠵᠠᠬᠢᠳᠠᠯ ᠢᠯᠡᠭᠡᠭᠰᠡᠨ ᠲᠠᠪᠤᠨ ᠵᠢᠯ ᠤᠨ  ᠲᠤᠷᠰᠢ ᠬᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠥᠪᠯᠡᠷᠡᠭᠦᠯᠦᠨ ᠤᠬᠠᠭᠤᠯᠵᠤ ᠳᠡᠯᠭᠡᠨ ᠦᠵᠡᠭᠦᠯᠦᠨ᠎ᠡ
ᠨᠡᠶᠢᠲᠡᠯᠡᠭᠰᠡᠨ ᠴᠠᠭ᠄
2022/11/25
     ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠪᠢᠴᠢᠭᠰᠡᠨ ᠲᠠᠪᠤᠨ ᠵᠢᠯ ᠤᠨ ᠣᠶ ᠬᠦᠷᠴᠦ ᠢᠷᠡᠭᠰᠡᠨ ᠲᠠᠰᠢᠷᠠᠮ ᠳᠤ  ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠯᠢ ᠶᠢᠨ ᠭᠤᠣᠯ ᠤᠨ ᠡᠳᠦᠷ ᠤᠨ ᠰᠣᠨᠢᠨ ᠤ ᠬᠤᠷᠢᠶ᠎ᠠ᠂ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ ᠠᠷᠪᠠᠨ ᠵᠦᠢᠯ ᠤᠨ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠬᠦ ᠪᠠᠷ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ  ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠲᠠᠪᠤᠨ ᠵᠢᠯ ᠤᠨ ᠲᠤᠷᠰᠢ ᠬᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠡᠷᠭᠢᠴᠡᠭᠦᠯᠵᠦ᠂ ᠭᠦᠢᠴᠡᠳ ᠬᠠᠷᠠᠭᠤᠯᠪᠠ᠃      ᠨᠢᠭᠡ ᠳᠤ᠂ ᠪᠥᠬᠦ ᠠᠶᠢᠮᠠᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠰᠢ ᠶᠢᠨ ᠫᠢᠩ ᠶᠡᠷᠦᠩᠬᠡᠢ ᠱᠦᠵᠢ ᠶᠢᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠬᠤᠷᠠᠯᠳᠤᠭᠤᠯᠤᠨ᠎ᠠ᠃      ᠬᠤᠶᠠᠷ ᠲᠤ᠂ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠣᠶ᠎ᠠ︾ ᠭᠡᠬᠦ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠶᠢ ᠡᠷᠬᠢᠯᠡᠨ᠎ᠡ᠃      ᠭᠤᠷᠪᠠ ᠳᠤ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠰᠣᠯᠢᠯᠴᠠᠭᠠᠨ ᠤ ᠲᠣᠭᠯᠠᠯᠲᠠ ᠪᠠ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠷᠭᠢᠯᠡᠨ᠎ᠡ᠃      ᠳᠥᠷᠪᠡ ᠳᠤ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ ᠤᠨ ᠠᠵᠢᠯᠯᠠᠭ᠎ᠠ ᠶᠢ ᠡᠷᠭᠢᠯᠡᠨ᠎ᠡ᠃      ᠲᠠᠪᠤ ᠳᠤ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠭᠤᠣᠯ ᠰᠡᠳᠦᠪᠲᠦ ᠮᠡᠳᠡᠯᠭᠡ ᠶᠢᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠨ᠎ᠡ᠃      ᠵᠢᠷᠭᠤᠭ᠎ᠠ ᠳᠤ᠂ ᠤᠯᠠᠭᠠᠨᠮᠥ᠋ᠴᠢᠷ ᠤᠨ ᠲᠤᠰᠬᠠᠢ ᠰᠡᠳᠦᠪᠲᠦ ᠪᠠᠷᠢᠮᠲᠠᠲᠤ ᠹᠢᠯᠢᠮ ᠢ  ᠦᠢᠯᠡᠳᠦᠨ᠎ᠡ᠃      ᠲᠤᠯᠤᠭ᠎ᠠ ᠳᠤ᠂ ︽ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠰᠢ ᠶᠢᠨ ᠫᠢᠩ  ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︾ ᠭᠡᠬᠦ ᠭᠤᠣᠯ ᠰᠡᠳᠦᠪᠲᠦ ᠳᠠᠭᠤᠤ ᠶᠢ ᠡᠯᠰᠡᠬᠦ ᠠᠵᠢᠯᠯᠠᠭ᠎ᠠ ᠶᠢ ᠦᠷᠨᠢᠭᠦᠯᠦᠨ᠎ᠡ᠃      ᠨᠠᠢᠮᠠ ᠳᠤ᠂ ︽ᠲᠤᠭ ᠢᠶᠠᠨ ᠡᠷᠭᠦᠵᠦ ᠤᠷᠤᠭᠰᠢᠯᠠᠶ᠎ᠠ︾ ᠭᠡᠬᠦ ᠤᠳᠬ᠎ᠠ ᠵᠣᠬᠢᠶᠠᠯ ᠤᠨ ᠪᠦᠲᠦᠭᠡᠯ ᠤᠨ ᠰᠣᠩᠭᠤᠮᠠᠯ ᠵᠣᠬᠢᠶᠠᠯ ᠢ ᠨᠠᠶᠢᠷᠠᠭᠤᠯᠤᠨ ᠬᠡᠪᠯᠡᠭᠦᠯᠦᠨ᠎ᠡ᠃      ᠶᠢᠰᠦ ᠳᠤ᠂ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠭᠤᠣᠯ ᠰᠡᠳᠦᠪᠲᠦ ᠵᠣᠬᠢᠶᠠᠯ ᠡᠯᠰᠡᠬᠦ ᠠᠵᠢᠯᠯᠠᠭ᠎ᠠ ᠶᠢ ᠥᠷᠨᠢᠭᠦᠯᠦᠨ᠎ᠡ᠃      ᠠᠷᠪᠠ ᠳᠤ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠶ᠎ᠠ︾  ᠭᠡᠬᠦ ᠭᠤᠣᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠢ ᠡᠷᠬᠢᠯᠡᠨ᠎ᠡ᠃      ᠡᠭᠦᠨ ᠤ ᠬᠠᠮᠲᠤ᠂ ᠰᠢ ᠶᠢᠨ ᠫᠢᠩ ᠶᠡᠷᠦᠩᠬᠡᠢ ᠱᠦᠵᠢ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠪᠢᠴᠢᠭᠰᠡᠨ ᠲᠠᠪᠤᠨ ᠵᠢᠯ ᠤᠨ ᠣᠶ ᠬᠦᠷᠴᠦ ᠢᠷᠡᠬᠦ ᠲᠠᠰᠢᠷᠠᠮ ᠳᠤ᠂ ᠮᠠᠨ ᠤ ᠠᠶᠢᠮᠠᠭ ᠰᠢᠨᠬᠤᠸᠠ ᠬᠤᠷᠢᠶ᠎ᠠ᠂ ᠠᠷᠠᠳ ᠤᠨ ᠡᠳᠦᠷ ᠤᠨ ᠰᠣᠨᠢᠨ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠢ ᠵᠣᠬᠢᠴᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠰᠢᠯᠢ ᠶᠢᠨ ᠭᠤᠣᠯ ᠤᠨ ᠡᠳᠦᠷ ᠤᠨ ᠰᠣᠨᠢᠨ᠂ ᠰᠢᠯᠢ ᠶᠢᠨ ᠭᠤᠣᠯ ᠤᠨ ᠷᠠᠳᠢᠣ᠋ ᠲᠧᠯᠸᠢᠰ ᠬᠤᠷᠢᠶ᠎ᠠ ᠪᠣᠯᠣᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠲᠤ ᠲᠦᠰᠢᠭᠯᠡᠨ ᠂ ᠠᠶᠢᠮᠠᠭ ᠤᠨ ᠳᠣᠲᠣᠭᠠᠳᠤ ᠶᠢᠨ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠣᠶ ᠪᠣᠯᠭᠠᠵᠤ᠂ ᠲᠢᠭ ᠲᠤᠭ᠂ ᠪᠤᠰᠢᠭᠤ ᠭᠠᠷ ᠵᠡᠷᠭᠡ ᠰᠦᠯᠵᠢᠶᠡᠨ ᠲᠠᠪᠴᠠᠩ ᠢ ᠬᠤᠯᠪᠤᠭᠠᠯᠠᠨ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠵᠢᠭᠰᠠᠭᠠᠯ ᠢ ᠪᠣᠶ ᠪᠣᠯᠭᠠᠵᠤ᠂ ᠣᠯᠠᠨ ᠠᠷᠭ᠎ᠠ ᠵᠠᠮ ᠣᠯᠠᠨ ᠲᠠᠪᠴᠠᠩ ᠣᠯᠠᠨ ᠬᠠᠷᠠᠭᠠᠰᠤ   ᠠᠴᠠ ᠪᠥᠬᠦ ᠠᠶᠢᠮᠠᠭ ᠤᠨ ᠡᠯ᠎ᠡ ᠤᠯᠠᠭᠠᠨᠮᠥ᠋ᠴᠢᠷ ᠤᠨ ᠲᠠᠪᠤᠨ ᠵᠢᠯ ᠤᠨ ᠲᠤᠷᠰᠢ ᠣᠯᠣᠭᠰᠠᠨ ᠪᠠᠶᠠᠷᠯᠠᠭᠤᠰᠢᠲᠠᠢ ᠦᠷ᠎ᠡ ᠪᠦᠲᠦᠭᠡᠯ ᠢ ᠮᠡᠳᠡᠭᠡᠯᠡᠵᠦ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号