ᠲᠥᠪ ᠤᠨ ᠵᠠᠭᠤᠴᠢᠯᠠᠭᠤᠷ ᠤᠨ ᠬᠢᠨ ᠤᠯᠠᠭᠠᠨᠮᠥ᠋ᠴᠢᠷ ᠤᠨ ᠨᠠᠮ ᠤᠨ ᠲᠠᠭᠤᠨ ᠢ ᠳᠠᠮᠵᠢᠭᠤᠯᠤᠭᠰᠠᠨ ᠪᠠ ᠬᠠᠯᠠᠮᠵᠢᠯᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠰᠢᠷᠢᠰ ᠮᠡᠳᠡᠭᠡᠯᠡᠯ ᠨᠢ ᠬᠥᠮᠥᠰ ᠤᠨ ᠠᠩᠬᠠᠷᠤᠯ ᠢ ᠥᠷᠭᠡᠨ ᠢᠶᠠᠷ ᠲᠠᠲᠠᠪᠠ
ᠨᠡᠶᠢᠲᠡᠯᠡᠭᠰᠡᠨ ᠴᠠᠭ᠄
2022/11/25
     2017 ᠣᠨ ᠤ 11 ᠳ᠋ᠤᠭᠡᠷ ᠰᠠᠷ᠎ᠠ ᠶᠢᠨ 21 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠨ᠂ ᠣᠯᠠᠨ ᠲᠦᠮᠡᠨ ᠲᠠᠢ ᠣᠶᠢᠷᠠᠲᠤᠭᠰᠠᠨ᠂ ᠣᠯᠠᠨ ᠲᠦᠮᠡᠨ ᠤ ᠳᠤᠮᠳᠠ ᠳᠡᠯᠭᠡᠷᠡᠵᠦ᠂ ᠦᠯᠡᠳᠡᠵᠦ ᠳᠡᠶᠢᠯᠬᠦ ᠰᠢᠯᠢᠳᠡᠭ ᠪᠦᠲᠦᠭᠡᠯ   ᠢ ᠨᠠᠩ ᠣᠯᠠᠨ ᠵᠣᠬᠢᠶᠠᠨ ᠪᠦᠲᠦᠭᠡᠬᠦ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠵᠠᠢ᠃ ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠭᠠᠵᠠᠷ ᠤᠨ ᠤᠯᠠᠭᠠᠨᠮᠥ᠋ᠴᠢᠷ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠠᠭᠠᠨᠮᠥ᠋ᠴᠢᠷ ᠤᠨ ᠡᠨᠡ ᠬᠦ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠹᠷᠣᠨᠲ ᠤᠨ ᠭᠠᠯ ᠤᠯᠠᠭᠠᠨ ᠲᠤᠭ ᠢ ᠥᠨᠳᠥᠷ ᠮᠠᠨᠳᠤᠭᠤᠯᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠪᠠᠶᠢᠨ᠎ᠠ᠃      2022 ᠣᠨ ᠤ 11 ᠳ᠋ᠤᠭᠡᠷ ᠰᠠᠷ᠎ᠠ ᠶᠢᠨ 21 ᠤ ᠡᠳᠦᠷ᠂ ᠲᠥᠪ ᠤᠨ ᠵᠠᠭᠤᠴᠢᠯᠠᠭᠤᠷ ᠤᠳ ᠥᠪᠥᠷ ᠮᠣᠩᠭᠤᠯ ᠤᠨ ᠤᠯᠠᠭᠠᠨᠮᠥ᠋ᠴᠢᠷ ᠲᠤ ᠳᠠᠬᠢᠨᠲᠠ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠮᠣ ᠵᠠᠭᠤᠴᠢᠯᠠᠭᠤᠷ ᠤᠨ  ᠬᠢᠨ ᠵᠢᠷᠤᠭ ᠦᠰᠦᠭ ᠪᠣᠯᠣᠨ ᠳᠦᠷᠰᠦ ᠰᠢᠩᠭᠡᠭᠡᠯᠲᠡ ᠵᠡᠷᠭᠡ ᠬᠡᠯᠪᠡᠷᠢ ᠪᠠᠷ ᠲᠤᠬᠠᠢ ᠶᠢᠨ ᠲᠠᠯᠠᠪᠠᠢ ᠶᠢᠨ ᠰᠢᠭᠤᠳ ᠨᠡᠪᠲᠡᠷᠡᠭᠦᠯᠭᠡ᠂ ᠰᠢᠭᠦᠮᠵᠢᠯᠡᠭᠴᠢ ᠶᠢᠨ ᠵᠣᠬᠢᠶᠠᠯ᠂ ᠰᠤᠷᠪᠤᠯᠵᠢᠯᠠᠭᠴᠢ ᠶᠢᠨ ᠭᠠᠷ ᠲᠡᠮᠳᠡᠭᠯᠡᠯ ᠪᠣᠯᠣᠨ ᠲᠣᠭᠯᠠᠯᠲᠠ ᠶᠢᠨ ᠵᠤᠭᠤᠭ ᠵᠤᠭ᠎ᠠ ᠵᠡᠷᠭᠡ ᠰᠣᠨᠢᠨ ᠮᠡᠳᠡᠭᠡᠨ ᠤ ᠰᠲ᠋ᠢᠯᠢ ᠪᠠᠷ ᠰᠢᠵᠢᠷ ᠠᠯᠳᠠᠨ ᠴᠠᠭ ᠪᠣᠯᠣᠨ ᠭᠤᠣᠯ ᠪᠣᠯᠬᠤ ᠬᠡᠪᠯᠡᠯ ᠤᠨ ᠨᠢᠭᠤᠷ ᠲᠤ ᠬᠦᠨᠳᠦ ᠴᠢᠬᠤᠯᠠ ᠶᠠᠷᠢᠶ᠎ᠠ ᠲᠠᠯᠪᠢᠵᠤ᠂ ᠤᠯᠠᠭᠠᠨᠮᠥ᠋ᠴᠢᠷ ᠤᠨ ᠲᠤᠬᠠᠢ ᠭᠦᠨ ᠵᠤᠵᠠᠭᠠᠨ ᠤᠬᠠᠭᠤᠯᠭ᠎ᠠ ᠮᠡᠳᠡᠭᠡᠯᠡᠯ ᠬᠢᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠢᠯᠠᠩᠭᠤᠶ᠎ᠠ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠥᠷᠭᠡᠨ ᠳᠡᠯᠭᠡᠷ ᠬᠠᠯᠠᠭᠤᠨ ᠶᠠᠷᠢᠯᠴᠠᠭ᠎ᠠ ᠶᠢ ᠡᠭᠦᠰᠬᠡᠵᠡᠢ᠃      ᠠᠷᠠᠳ ᠤᠨ ᠡᠳᠦᠷ ᠤᠨ ᠰᠣᠨᠢᠨ 11 ᠳ᠋ᠤᠭᠡᠷ ᠰᠠᠷ᠎ᠠ ᠶᠢᠨ 21 ᠤ ᠡᠳᠦᠷ ︽ᠤᠯᠠᠭᠠᠨᠮᠥ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠨᠠᠮ ᠤᠨ ᠲᠠᠭᠤᠨ ᠢ ᠥᠷᠭᠡᠨ ᠣᠯᠠᠨ ᠮᠠᠯᠴᠢᠨ ᠲᠠᠷᠢᠶᠠᠴᠢᠨ ᠳᠤ ᠳᠠᠮᠵᠢᠭᠤᠯᠪᠠ︾ ᠭᠡᠬᠦ ᠰᠡᠳᠦᠪ ᠢᠶᠠᠷ ᠥᠪᠥᠷ ᠮᠣᠩᠭᠤᠯ ᠤᠨ 75 ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠤᠭᠰᠠᠨ ᠲᠡᠷᠢᠭᠦᠨ ᠤ ᠦᠶᠯᠡ ᠠᠵᠢᠯᠯᠠᠭ᠎ᠠ ᠶᠢ ᠮᠡᠳᠡᠭᠡᠯᠡᠪᠡ︔ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ 11 ᠳ᠋ᠤᠭᠡᠷ ᠰᠠᠷ᠎ᠠ ᠶᠢᠨ 20 ᠤ ᠡᠳᠦᠷ ᠤᠨ ︽ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾  ᠨᠢ ︽ᠤᠯᠠᠭᠠᠨᠮᠥ᠋ᠴᠢᠷ᠄ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠣᠯᠠᠨ ᠳᠤ ᠳᠠᠮᠵᠢᠭᠤᠯᠪᠠ︾ ᠭᠡᠬᠦ ᠰᠡᠳᠦᠪ ᠢᠶᠠᠷ 1957 ᠣᠨ ᠳᠤ ᠰᠥᠨᠢᠳ ᠪᠠᠷᠠᠭᠤᠨ ᠬᠤᠰᠢᠭᠤᠨ ᠤ ᠠᠩᠬᠠᠨ ᠤ ᠡᠩᠨᠡᠭᠡ ᠶᠢ ᠪᠠᠶᠢᠭᠤᠯᠤᠭᠰᠠᠨ ᠠᠴᠠ ᠡᠬᠢᠯᠡᠨ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠬᠦᠬᠡ ᠲᠡᠭᠷᠢ ᠪᠠᠷ ᠬᠥᠰᠢᠭᠡ ᠪᠣᠯᠭᠠᠵᠤ᠂ ᠬᠦᠷᠦᠰᠦᠲᠦ ᠭᠠᠵᠠᠷ ᠢᠶᠠᠷ ᠲᠠᠪᠴᠠᠩ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠵᠡᠷᠭᠡ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠮᠡᠳᠡᠭᠡᠯᠡᠪᠡ︔ ᠭᠤᠸᠠᠩᠮᠢᠩ ᠡᠳᠦᠷ ᠤᠨ ᠰᠣᠨᠢᠨ 11 ᠳ᠋ᠤᠭᠡᠷ ᠰᠠᠷ᠎ᠠ ᠶᠢᠨ 21  ᠤ ᠡᠳᠦᠷ ︽ᠤᠯᠠᠭᠠᠨᠮᠥ᠋ᠴᠢᠷ᠄ ᠲᠠᠯ᠎ᠠ ᠨᠤᠲᠤᠭ ᠤᠨ ᠨᠡᠭᠦᠳᠡᠯ ᠦᠵᠡᠮᠵᠢ︾ ᠭᠡᠬᠦ ᠰᠡᠳᠦᠪ ᠢᠶᠠᠷ 5 ᠵᠢᠯ ᠤᠨ ᠲᠤᠷᠰᠢ᠂ ᠪᠦᠬᠦ ᠣᠷᠣᠨ ᠤ 3500 ᠭᠠᠷᠤᠢ ᠤᠯᠠᠭᠠᠨᠮᠥ᠋ᠴᠢᠷ ᠤᠨ ᠭᠡᠰᠢᠭᠦᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠮᠢᠳᠤᠷᠠᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ᠂ ᠪᠣᠯᠪᠠᠰᠤᠨ ᠢ ᠬᠦᠷᠭᠡᠭᠰᠡᠨ ᠰᠡᠳᠬᠢᠯ ᠬᠥᠳᠡᠯᠭᠡᠮ᠎ᠡ ᠦᠯᠢᠭᠡᠷ ᠢ ᠮᠡᠳᠡᠭᠡᠯᠡᠵᠡᠢ︔ ᠳᠤᠮᠳᠠᠳᠤ ᠤᠯᠤᠰ ᠤᠨ ᠰᠣᠶᠣᠯ ᠤᠨ ᠰᠣᠨᠢᠨ 11 ᠳ᠋ᠤᠭᠡᠷ ᠰᠠᠷ᠎ᠠ ᠶᠢᠨ 21 ᠤ ᠡᠳᠦᠷ ︽ᠤᠯᠠᠭᠠᠨᠮᠥ᠋ᠴᠢᠷ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠹᠷᠣᠨᠲ ᠲᠤ ᠬᠢ ᠨᠢᠭᠡᠨ ᠲᠤᠭ ᠲᠡᠮᠳᠡᠭ ᠮᠥᠨ︾ ᠭᠡᠬᠦ ᠰᠡᠳᠦᠪ ᠢᠶᠠᠷ᠂ ᠤᠯᠠᠭᠠᠨᠮᠥ᠋ᠴᠢᠷ ᠤᠨ ᠤᠷᠠᠯᠢᠭ ᠤᠨ ᠪᠠᠶᠠᠷ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠪᠣᠯᠣᠨ ᠤᠯᠠᠭᠠᠨᠮᠥ᠋ᠴᠢᠷ ᠤᠨ ᠤᠨᠤᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠭᠦᠨᠵᠡᠭᠡᠢ ᠮᠡᠳᠡᠭᠡᠯᠡᠵᠦ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠠᠶᠠᠨ ᠢᠶᠠᠨ ᠲᠣᠮᠣ ᠠᠯᠬᠤᠵᠤ᠂ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠴᠢᠨᠠᠭᠰᠢᠳᠠ ᠮᠠᠭᠲᠠᠨ ᠳᠠᠭᠤᠯᠠᠵᠠᠢ᠃ ᠡᠭᠦᠨ ᠠᠴᠠ ᠭᠠᠳᠠᠨ᠎ᠠ᠂ ᠭᠤᠷᠪᠠᠨ ᠪᠦᠯᠦᠭᠲᠦ ᠪᠠᠷᠢᠮᠲᠠᠲᠤ ᠺᠢᠨᠣ᠋ ︽ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ︾ ᠢ ᠪᠠᠰᠠ 11 ᠳ᠋ᠤᠭᠡᠷ ᠰᠠᠷ᠎ᠠ ᠶᠢᠨ 21 ᠤ ᠡᠳᠦᠷ ᠤᠨ 20᠄ 37 ᠴᠠᠭ ᠲᠤ CCTV-12 ᠰᠤᠪᠠᠭ ᠳᠤ ᠠᠩᠬ᠎ᠠ ᠨᠡᠪᠲᠡᠷᠡᠭᠦᠯᠬᠦ ᠶᠢᠨ ᠬᠠᠮᠲᠤ᠂ ᠬᠠᠮ ᠵᠠᠭᠤᠴᠢᠯᠠᠭᠤᠷ ᠤᠨ ᠠᠵᠢᠯᠯᠠᠭ᠎ᠠ ︽ᠤᠯᠠᠭᠠᠨᠮᠥ᠋ᠴᠢᠷ ᠤᠨ ᠬᠦᠭᠵᠢᠮᠲᠦ ᠰᠢᠯᠦᠭ ᠵᠢᠷᠤᠭ︾ ᠢ ᠴᠤ ᠲᠥᠪ ᠲᠧᠯᠸᠢᠰ ᠤᠨ ᠰᠢᠨ᠎ᠡ ᠵᠠᠭᠤᠴᠢᠯᠠᠭᠤᠷ ᠤᠨ ᠲᠠᠪᠴᠠᠩ ︱ ᠲᠥᠪ ᠸᠢᠳᠢᠤ᠋ ᠪᠠᠷ ᠰᠦᠯᠵᠢᠶᠡᠨ ᠳᠤ ᠬᠤᠯᠪᠣᠵᠠᠢ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ ᠬᠤᠷᠢᠶ᠎ᠠ᠂ ᠦᠢᠯᠡᠳᠦᠯᠭᠡ ᠰᠡᠳᠬᠦᠯ ᠤᠨ ᠬᠤᠷᠢᠶ᠎ᠠ ᠵᠡᠷᠭᠡ ᠥᠪᠥᠷ ᠮᠣᠩᠭᠤᠯ ᠤᠨ ᠮᠤᠵᠢ ᠶᠢᠨ ᠱᠠᠲᠤᠨ ᠤ ᠵᠠᠭᠤᠴᠢᠯᠠᠭᠤᠷ ᠵᠢᠴᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠴᠤ ᠵᠠᠯᠭᠠᠭ᠎ᠠ ᠪᠠᠷ ᠤᠬᠠᠭᠤᠯᠤᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠤ ᠸᠢᠴᠠᠲ ᠤᠨ ᠨᠡᠶᠢᠲᠡ ᠶᠢᠨ ᠳ᠋ᠤᠭᠠᠷ᠂ ᠪᠢᠴᠢᠯ ᠪᠦᠷᠭᠡ ᠪᠠ ᠰᠦᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ  ᠬᠢᠨ ᠴᠦ ᠤᠷᠢᠳᠴᠢᠯᠠᠨ ᠤᠬᠠᠭᠤᠯᠵᠤ᠂ 11 ᠳ᠋ᠤᠭᠡᠷ ᠰᠠᠷ᠎ᠠ ᠶᠢᠨ 21 ᠤ ᠡᠳᠦᠷ᠂ ᠤᠷᠢᠳ ᠬᠤᠵᠢᠳ 21 ᠬᠤᠪᠢ ᠡᠬᠡ ᠪᠢᠴᠢᠭ ᠨᠡᠶᠢᠲᠡᠯᠡᠵᠦ᠂ ᠡᠯ᠎ᠡ ᠲᠣᠮᠣ ᠭᠤᠣᠯ ᠵᠠᠭᠤᠴᠢᠯᠠᠭᠤᠷ ᠤᠨ ᠬᠢᠨ ᠲᠠᠢ ᠬᠠᠮᠵᠢᠯᠴᠠᠨ ᠤᠬᠠᠭᠤᠯᠵᠤ᠂ ᠣᠳᠣᠬᠠᠨ ᠳᠤ ᠲᠣᠪᠴᠢᠳᠠᠭᠰᠠᠨ ᠢᠯᠡ ᠨᠣᠷᠮ᠎ᠠ 10 ᠲᠦᠮᠡᠨ ᠬᠥᠮᠥᠨ ᠤᠳᠠᠭ᠎ᠠ ᠳᠤ ᠬᠦᠷᠴᠦ᠂ ᠡᠭᠦᠨ ᠤ ᠵᠡᠷᠭᠡ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠤᠨ ᠶᠠᠪᠤᠳᠠᠯ ᠤᠨ ᠤᠬᠠᠭᠤᠯᠭ᠎ᠠ ᠶᠢᠨ ᠵᠢᠭᠰᠠᠭᠠᠯ ᠳᠤ ᠪᠠᠰᠠ ᠶᠠᠭ ᠥᠷᠨᠢᠭᠦᠯᠵᠦ ᠪᠠᠶᠢᠭ᠎ᠠ 2022 ︱ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠪᠦᠯᠬᠦᠮ ᠮᠢᠩᠭᠠᠨ ᠲᠠᠯᠠᠪᠤᠷ︾ ᠤᠨ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠤᠬᠠᠭᠤᠯᠤᠨ ᠮᠡᠳᠡᠭᠡᠯᠡᠨ᠎ᠡ᠃ ᠪᠦᠬᠦ ᠣᠷᠣᠨ ᠤ ᠡᠯ᠎ᠡ ᠭᠠᠵᠠᠷ ᠤᠨ ᠤᠯᠠᠭᠠᠨᠮᠥ᠋ᠴᠢᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠴᠢᠨᠠᠭᠰᠢᠳᠠ ᠪᠤᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠷᠠᠳ ᠤᠯᠠᠨ ᠤ ᠰᠡᠳᠬᠢᠯ ᠳᠤ ᠬᠠᠳᠠᠩᠰᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号