ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ  ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠣᠳᠠᠲᠠᠢ ᠪᠠᠷ ᠰᠠᠶᠢᠲᠤᠷ ᠠᠳᠬᠤᠬᠤ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/11/29
    ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠣᠳᠠᠲᠠᠢ ᠪᠠᠷ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠶᠢ ᠪᠠᠬᠢᠵᠢᠭᠦᠯᠬᠦ ᠲᠤᠬᠠᠢ ᠪᠠᠶᠢᠷᠢᠯᠠᠭᠤᠯᠵᠤ᠂ ᠡᠮᠦᠨᠡᠬᠢ ᠬᠤᠭᠤᠴᠠᠭᠠᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠣᠷᠣᠨ ᠨᠤᠲᠤᠭ ᠲᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠲᠣᠮᠢᠯᠠᠬᠤ ᠪᠠᠷ ᠲᠣᠭᠲᠠᠪᠠ      ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 22 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠶᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠣᠳᠠᠲᠠᠢ ᠪᠠᠷ ᠰᠠᠶᠢᠲᠤᠷ ᠠᠳᠬᠤᠵᠤ᠂ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠶᠢ ᠪᠠᠬᠢᠵᠢᠭᠦᠯᠬᠦ ᠲᠤᠬᠠᠢ ᠪᠠᠶᠢᠷᠢᠯᠠᠭᠤᠯᠪᠠ︔ ᠡᠮᠦᠨᠡᠬᠢ ᠬᠤᠭᠤᠴᠠᠭᠠᠨ ᠳᠤ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠣᠷᠣᠨ ᠨᠤᠲᠤᠭ ᠲᠤ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠲᠣᠮᠢᠯᠠᠬᠤ ᠪᠠᠷ ᠲᠣᠭᠲᠠᠪᠠ᠃      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠶᠢᠨ ᠪᠣᠳᠣᠯᠭ᠎ᠠ ᠪᠣᠯᠣᠨ ᠦᠷᠭᠦᠯᠵᠢᠯᠡᠬᠦ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠬᠤᠶᠠᠳᠤᠭᠠᠷ ᠤᠯᠠᠷᠢᠯ ᠤᠨ ᠡᠮᠦᠨᠡᠬᠢ ᠬᠤᠭᠤᠴᠠᠭᠠᠨ ᠤ ᠠᠵᠤ ᠠᠬᠤᠢ ᠶᠢᠨ ᠪᠠᠭᠤᠷᠠᠯᠲᠠ ᠶᠢᠨ ᠪᠠᠶᠢᠳᠠᠯ ᠢ ᠬᠤᠪᠢᠷᠠᠭᠤᠯᠬᠤ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠨᠢ ᠪᠦᠬᠦ ᠵᠢᠯ ᠤᠨ ᠠᠵᠤ ᠠᠬᠤᠢ ᠳᠤ ᠲᠤᠶᠢᠯ ᠤᠨ ᠴᠢᠬᠤᠯᠠ ᠶᠤᠮ᠂ ᠣᠳᠣᠬᠠᠨ ᠳᠤ ᠶᠠᠭ ᠠᠵᠤ ᠠᠬᠤᠢ ᠶᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠠᠶᠢᠵᠤ᠂ ᠡᠷᠬᠡᠪᠰᠢ ᠠᠵᠤ ᠠᠬᠤᠢ ᠶᠢᠨ ᠦᠷᠭᠦᠯᠵᠢᠯᠡᠨ ᠰᠡᠷᠭᠦᠬᠦ ᠬᠠᠨᠳᠤᠰᠢ ᠶᠢ ᠪᠠᠲᠤᠯᠠᠬᠤ ᠶᠢ ᠴᠢᠩᠭ᠎ᠠ ᠠᠳᠬᠤᠬᠤ ᠬᠡᠷᠡᠭᠲᠡᠢ᠃ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠨᠡᠯᠢᠶᠡᠳ ᠰᠠᠶᠢᠨ ᠦᠷ᠎ᠡ ᠳ᠋ᠦᠩ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠦᠭᠦᠴᠢ ᠶᠢᠨ ᠬᠤᠭᠤᠴᠠᠭᠠᠨ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠥᠭᠡᠷᠡᠴᠢᠯᠡᠯᠲᠡ ᠶᠢ ᠳᠡᠮᠵᠢᠪᠡ᠂ ᠡᠨᠡ ᠨᠢ ᠪᠡᠯᠡ ᠣᠷᠣᠭᠤᠯᠤᠯᠲᠠ ᠶᠢ ᠠᠬᠢᠭᠤᠯᠤᠨ ᠬᠡᠷᠡᠭᠯᠡᠭᠡ ᠶᠢ ᠳᠠᠶᠢᠴᠢᠯᠠᠬᠤ᠂ ᠠᠵᠤ ᠠᠬᠤᠢ ᠶᠢ ᠲᠣᠭᠲᠠᠪᠤᠷᠢᠵᠢᠭᠤᠯᠤᠨ ᠪᠦᠲᠦᠴᠡ ᠶᠢ ᠲᠣᠬᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠲᠦᠷᠦ ᠶᠢᠨ ᠪᠣᠳᠣᠯᠭ᠎ᠠ ᠶᠢᠨ ᠦᠢᠯᠡᠳᠦᠯ ᠶᠠᠭ ᠢᠯᠡᠷᠡᠵᠦ ᠪᠠᠶᠢᠬᠤ ᠪᠥᠭᠡᠳ ᠮᠠᠰᠢ ᠶᠡᠭᠡ ᠳᠠᠯᠳᠠ ᠬᠦᠴᠦᠨ ᠲᠠᠢ ᠪᠠᠶᠢᠨ᠎ᠠ᠂ ᠡᠭᠦᠨ ᠤ ᠬᠠᠮᠲᠤ ᠡᠯ᠎ᠡ ᠭᠠᠵᠠᠷ ᠤᠨ ᠪᠠᠶᠢᠳᠠᠯ ᠵᠥᠷᠢᠶ᠎ᠡ ᠲᠠᠢ ᠪᠠᠶᠢᠵᠤ᠂ ᠤᠯᠠᠨ ᠵᠦᠢᠯ ᠤᠨ ᠰᠢᠯᠲᠠᠭᠠᠨ ᠠᠴᠠ ᠪᠣᠯᠵᠤ ᠬᠡᠰᠡᠭ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠦᠭᠡᠢ ᠪᠣᠯᠬᠤᠷ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠬᠤ ᠬᠡᠷᠡᠭᠲᠡᠢ᠃      ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠳᠣᠬᠠᠨ ᠳᠤ ᠬᠤᠶᠠᠷ ᠪᠦᠯᠦᠭ ᠮᠥᠩᠭᠦᠨ ᠭᠦᠢᠯᠭᠡᠭᠡᠨ ᠤ ᠪᠠᠭᠠᠵᠢ ᠪᠠᠷ ᠨᠡᠶᠢᠳᠡ 2700 ᠭᠠᠷᠤᠢ ᠴᠢᠬᠤᠯᠠ ᠶᠡᠭᠡ ᠲᠦᠷᠦᠯ ᠵᠦᠢᠯ ᠢ ᠳᠡᠮᠵᠢᠵᠦ᠂ ᠠᠵᠢᠯ ᠡᠬᠢᠯᠡᠭᠦᠯᠦᠭᠰᠡᠨ ᠨᠤᠷᠮ᠎ᠠ ᠨᠢ 90% ᠶᠢ ᠳᠠᠪᠠᠵᠠᠢ᠃ ᠴᠢᠬᠤᠯᠠ ᠲᠦᠷᠦᠯ ᠵᠦᠢᠯ ᠤᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠲᠦᠷᠦᠯ ᠵᠦᠢᠯ ᠤᠨ ᠪᠡᠯᠡ ᠮᠥᠩᠭᠦ ᠥᠭᠬᠦ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠠᠭᠲᠠᠭᠠᠭᠰᠠᠨ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠲᠠᠶᠢᠴᠢᠯᠠᠵᠤ᠂ ᠵᠢᠯ ᠤᠨ ᠳᠣᠲᠣᠷ᠎ᠠ ᠨᠡᠩ ᠤᠯᠠᠨ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠪᠤᠢ ᠪᠣᠯᠭᠠᠬᠤ ᠬᠡᠷᠡᠭᠲᠡᠢ᠃ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ ᠢ ᠵᠠᠷᠯᠠᠨ ᠮᠡᠳᠡᠭᠡᠯᠡᠵᠦ᠂ ᠦᠨᠡᠨ ᠬᠦ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠭᠦᠯᠬᠦ ᠠᠷᠭ᠎ᠠ ᠦᠭᠡᠢ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠢᠭᠤᠨ ᠴᠢᠬᠡᠴᠢ ᠢᠨᠵᠧᠨᠧᠷᠢᠩ᠂ ᠶᠠᠰᠤ ᠴᠢᠨᠠᠷ ᠤᠨ ᠠᠶᠤᠯ ᠦᠭᠡᠢ ᠢᠨᠵᠧᠨᠧᠷᠢᠩ ᠢ ᠪᠤᠢ ᠪᠣᠯᠭᠠᠬᠤ ᠬᠡᠷᠡᠭᠲᠡᠢ᠃      ᠬᠤᠶᠠᠷ ᠲᠤ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢᠯ ᠤᠨ ᠵᠢᠭᠡᠯᠡᠯᠭᠡ ᠶᠢᠨ ᠭᠡᠷ᠎ᠡ ᠲᠣᠭᠲᠠᠬᠤ ᠶᠢ ᠨᠢᠭᠡᠨᠲᠡ ᠦᠨᠳᠦᠰᠦᠨ ᠳᠤ ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠢᠯ ᠤᠨ ᠭᠤᠣᠯᠳᠠᠯᠭ᠎ᠠ ᠪᠠᠨ ᠲᠤᠰᠬᠠᠢ ᠵᠦᠢᠯ ᠤᠨ ᠳᠠᠬᠢᠨ ᠵᠢᠭᠡᠯᠡᠯᠭᠡ ᠲᠠᠯᠪᠢᠬᠤ ᠪᠠ ᠡᠳ᠋ ᠤᠨ ᠵᠠᠰᠠᠭ ᠤᠨ ᠳᠠᠮ ᠬᠦᠦ ᠶᠢ ᠰᠢᠯᠵᠢᠭᠦᠯᠦᠨ ᠥᠭᠬᠦ ᠲᠡᠶᠢᠰᠢ ᠰᠢᠯᠵᠢᠭᠦᠯᠵᠦ᠂ ᠵᠣᠭᠤᠰ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠲᠥᠬᠦᠭᠡᠷᠦᠮᠵᠢ ᠬᠤᠳᠠᠯᠳᠤᠨ ᠠᠪᠬᠤ ᠪᠠ ᠥᠭᠡᠷᠡᠴᠢᠯᠡᠬᠦ ᠶᠢ ᠲᠦᠷᠭᠡᠳᠬᠡᠬᠦ ᠬᠡᠷᠡᠭᠲᠡᠢ᠃ ᠡᠭᠦᠨ ᠤ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠦᠢᠯᠡᠳᠬᠡᠯ ᠤᠨ ᠦᠢᠯᠡᠰ ᠤᠨ ᠳᠤᠮᠳᠠ ᠤᠷᠳᠤ ᠬᠤᠭᠤᠴᠠᠭᠠᠨ ᠤ ᠵᠢᠭᠡᠯᠡᠯᠭᠡ ᠶᠢ ᠨᠡᠮᠡᠭᠳᠡᠭᠦᠯᠵᠦ᠂ ᠦᠢᠯᠡᠳᠬᠡᠯ ᠤᠨ ᠦᠢᠯᠡᠰ ᠤᠨ ᠳᠡᠰ ᠳᠠᠪᠰᠢᠨ ᠬᠥᠭᠵᠢᠬᠦ ᠶᠢ ᠠᠬᠢᠭᠤᠯᠬᠤ ᠬᠡᠷᠡᠭᠲᠡᠢ᠃      ᠭᠤᠷᠪᠠ ᠳᠤ᠂ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠵᠦ᠂ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠶᠢᠨ ᠲᠣᠣᠷ ᠰᠦᠯᠵᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠬᠤᠳᠠ ᠶᠢᠨ ᠪᠠᠶᠢᠳᠠᠯ ᠳᠤ  ᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠢᠨ ᠢ ᠵᠢᠯᠣᠭᠤᠳᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠬᠤ ᠬᠡᠷᠡᠭᠲᠡᠢ᠃ ᠪᠠᠲᠤᠯᠠᠭ᠎ᠠ ᠲᠠᠢ ᠲᠤᠰᠢᠶᠠᠬᠤ ᠠᠰᠠᠷ ᠤᠨ ᠲᠤᠰᠬᠠᠢ ᠵᠦᠢᠯ ᠤᠨ ᠵᠢᠭᠡᠯᠡᠯᠭᠡ ᠶᠢ ᠠᠯᠢ ᠲᠦᠷᠭᠡᠨ ᠢᠶᠠᠷ ᠲᠥᠷᠥᠯ ᠵᠦᠢᠯ ᠳᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠳᠠᠯᠳᠤᠭᠠᠨ ᠤ ᠪᠠᠩᠬᠢ ᠶᠢᠨ ᠪᠠᠲᠤᠯᠠᠭ᠎ᠠ ᠲᠠᠢ ᠲᠤᠰᠢᠶᠠᠬᠤ ᠠᠰᠠᠷ ᠤᠨ ᠵᠢᠭᠡᠯᠡᠯᠭᠡ ᠶᠢ ᠰᠢᠨ᠎ᠡ ᠪᠠᠷ ᠲᠠᠯᠪᠢᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠤᠰᠢᠶᠠᠨ ᠥᠭᠬᠦ ᠶᠢ ᠲᠦᠷᠭᠡᠳᠬᠡᠬᠦ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠦᠷᠦᠯ ᠤᠨ ᠡᠳ᠋ ᠬᠥᠷᠥᠩᠭᠡ ᠶᠢᠨ ᠥᠷᠢᠲᠦᠯ ᠤᠨ ᠪᠠᠶᠢᠳᠠᠯ ᠢ ᠴᠢᠷᠮᠠᠶᠢᠨ ᠰᠠᠶᠢᠵᠢᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃      ᠳᠥᠷᠪᠡ ᠳᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠵᠣᠬᠢᠴᠠᠭᠤᠯᠵᠤ᠂ ᠭᠤᠣᠯ ᠵᠠᠮ ᠱᠤᠭᠤᠮ ᠪᠠ ᠪᠢᠴᠢᠯ ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠭᠠᠷᠠᠮ᠂ ᠥᠷᠲᠡᠭᠡ ᠲᠠᠯᠠᠪᠤᠷ ᠵᠡᠷᠭᠡ ᠶᠢᠨ ᠲᠥᠪᠯᠡᠷᠡᠭᠦᠯᠬᠦ ᠲᠠᠷᠬᠠᠭᠠᠬᠤ ᠵᠥᠭᠡᠭᠡᠪᠦᠷᠢᠯᠡᠬᠦ ᠬᠡᠪ ᠤᠨ ᠠᠵᠢᠯᠯᠠᠭᠠᠨ ᠢ ᠪᠠᠲᠤᠯᠠᠵᠤ᠂ ᠲᠦᠭᠵᠢᠷᠡᠯ ᠢ ᠴᠠᠭ ᠲᠤᠬᠠᠢ ᠳᠤ ᠨᠢ ᠨᠠᠪᠲᠠᠷᠡᠭᠦᠯᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠪᠠ ᠭᠠᠳᠠᠭᠠᠳᠤ ᠠᠴᠠ ᠣᠷᠣᠭᠤᠯᠵᠤ ᠭᠠᠷᠭᠠᠬᠤ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠲᠠᠪᠤ ᠳᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠬᠡᠮᠵᠢᠶᠡᠨ ᠤ ᠦᠯᠡᠳᠡᠭᠡᠯ ᠵᠢᠭᠡᠯᠡᠯᠭᠡ ᠳᠤ ᠵᠣᠬᠢᠰᠲᠠᠢ ᠠᠰᠢᠭ ᠣᠯᠭᠤᠵᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ  ᠨᠣᠷᠮ᠎ᠠ ᠶᠢ ᠪᠠᠭᠤᠷᠠᠭᠤᠯᠬᠤ ᠵᠡᠷᠭᠡ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠴᠠᠭ ᠲᠤᠬᠠᠢ ᠳᠤ  ᠨᠢ ᠲᠣᠬᠢᠷᠠᠭᠤᠯᠤᠨ ᠵᠣᠬᠢᠰᠲᠠᠢ ᠬᠡᠷᠡᠭᠯᠡᠵᠦ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠪᠠᠶᠢᠯᠭᠠᠬᠤ ᠶᠢ ᠪᠠᠲᠤᠯᠠᠬᠤ ᠬᠡᠷᠡᠭᠲᠡᠢ᠃      ᠵᠢᠷᠭᠤᠭ᠎ᠠ ᠳᠤ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠂ ᠠᠵᠢᠯ ᠠᠯᠳᠠᠭᠰᠠᠳ ᠢ ᠬᠥᠳᠡᠯᠦᠩᠭᠦᠢ ᠪᠠᠷ ᠬᠢᠨᠠᠨ ᠰᠢᠨᠵᠢᠯᠡᠬᠦ ᠪᠠ ᠠᠪᠤᠷᠠᠨ ᠲᠡᠩᠬᠡᠷᠡᠭᠦᠯᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠰᠢᠢᠳᠬᠡᠵᠦ᠂ ᠬᠥᠯᠥᠰᠦᠨ ᠠᠵᠢᠯᠴᠢᠨ ᠤ ᠴᠠᠯᠢᠩ ᠢᠶᠠᠨ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠣᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ᠂ ᠰᠢᠮᠳᠠᠭᠤᠯᠤᠨ ᠵᠢᠯᠤᠭᠤᠳᠬᠤ ᠪᠠ ᠦᠢᠯᠡᠴᠢᠯᠡᠬᠦ ᠶᠢ ᠴᠢᠩᠭᠠᠳᠬᠠᠬᠤ ᠬᠡᠷᠡᠭᠲᠡᠢ᠃ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠢᠮᠳᠠᠭᠤᠯᠤᠨ ᠵᠢᠯᠤᠭᠤᠳᠬᠤ ᠠᠵᠢᠯ ᠤᠨ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠭᠠᠵᠠᠷ ᠣᠷᠣᠨ ᠳᠤ ᠬᠦᠷᠴᠦ᠂ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠤᠭᠤᠳᠬᠤ ᠪᠠ ᠴᠢᠬᠤᠯᠠᠲᠠᠢ ᠦᠢᠯᠡᠴᠢᠯᠡᠭᠡ ᠬᠠᠪᠰᠤᠷᠤᠯᠭ᠎ᠠ ᠦᠵᠡᠭᠦᠯᠵᠦ᠂ ᠣᠷᠣᠨ ᠨᠤᠲᠤᠭ ᠤᠨ ᠲᠤᠰᠬᠠᠭᠰᠠᠨ ᠪᠠᠶᠢᠳᠠᠯ ᠢ ᠬᠢᠨᠠᠮᠠᠭᠠᠢ ᠰᠣᠨᠣᠰᠴᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠬᠢᠴᠠ ᠤᠳᠠᠭᠠᠨ ᠪᠠᠶᠢᠭ᠎ᠠ ᠭᠠᠵᠠᠷ ᠣᠷᠣᠨ ᠪᠠ ᠬᠦᠷᠢᠶᠡᠨ ᠳᠤ᠂ ᠠᠰᠠᠭᠤᠳᠠᠯ ᠪᠠ ᠰᠢᠯᠲᠠᠭᠠᠨ ᠢ ᠨᠢ ᠣᠨᠣᠪᠴᠢᠲᠠᠶ ᠡᠷᠢᠨ ᠣᠯᠵᠤ᠂ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠲᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号