ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠥᠷᠥᠯ ᠤᠨ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/10
     12 ᠳ᠋ᠤᠭᠠᠷ ᠰᠠᠷ᠎ᠠ ᠶᠢᠨ 2  ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ  ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠦᠷᠦᠯ ᠤᠨ ᠵᠥᠪᠯᠡᠯ ᠠᠩᠬᠠᠳᠤᠭᠠᠷ ᠤᠳᠠᠭ᠎ᠠ ᠶᠢᠨ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠠᠩᠬᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠹᠧᠩ ᠿᠦᠩ ᠬᠤᠷᠠᠯ ᠳᠤ ᠣᠷᠣᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠮᠠ ᠶᠦᠩ ᠰᠢᠨ ᠬᠤᠷᠠᠯ ᠢ ᠡᠷᠬᠢᠯᠡᠪᠡ᠃ ᠠᠵᠢᠯ ᠲᠦᠷᠦᠯ ᠤᠨ ᠨᠠᠮ ᠤᠨ ᠬᠤᠷᠢᠶᠠᠨ ᠤ ᠭᠡᠰᠢᠭᠦᠨ ᠤ ᠵᠢᠱᠢᠭᠳᠡᠭᠴᠢ᠂ ᠠᠵᠢᠯ ᠲᠦᠷᠦᠯ ᠤᠨ ᠨᠠᠮ ᠤᠨ ᠬᠤᠷᠢᠶᠠᠨ ᠤ ᠬᠠᠷᠢᠶᠠᠨ ᠳᠤ ᠬᠢ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ᠂ ᠵᠢᠭᠤᠯᠴᠢᠯᠠᠯ ᠤᠨ ᠬᠥᠲᠥᠴᠢ ᠶᠢᠨ ᠨᠡᠶᠢᠭᠡᠮᠯᠢᠭ ᠤᠨ ᠳᠠᠷᠤᠭ᠎ᠠ᠂ ᠴᠢ ᠲᠦ᠋ ᠺᠯᠦ᠋ᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠦᠷᠦᠯ ᠤᠨ ᠵᠥᠪᠯᠡᠯ ᠪᠠᠶᠢᠭᠤᠯᠬᠤ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠦᠷᠦᠯ ᠤᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠶᠡᠭᠡ ᠬᠤᠷᠠᠯ ᠤᠨ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠶᠢ ᠵᠥᠪᠰᠢᠶᠡᠷᠡᠬᠦ ᠲᠤᠬᠠᠢ ᠴᠣᠬᠤᠯᠠᠪᠤᠷᠢ︾ ᠶᠢ ᠤᠩᠰᠢᠨ ᠨᠡᠶᠢᠲᠡᠯᠡᠪᠡ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠦᠷᠦᠯ ᠤᠨ ᠵᠥᠪᠯᠡᠯ ᠤᠨ ᠰᠣᠩᠭᠤᠭᠤᠯᠢ ᠶᠢᠨ ᠠᠷᠭ᠎ᠠ ︵ᠲᠥᠰᠥᠯ︶︾  ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷ ᠬᠡᠷᠡᠭᠵᠢᠭᠦᠯᠬᠦ ᠳᠦᠷᠢᠮ︾ ᠵᠢᠴᠢ ᠨᠠᠮ ᠤᠨ ᠳᠣᠲᠣᠭᠠᠳᠤ ᠶᠢᠨ ᠰᠣᠩᠭᠤᠭᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠠᠵᠢᠯ ᠲᠦᠷᠦᠯ ᠤᠨ ᠨᠠᠮ ᠤᠨ ᠬᠤᠷᠢᠶᠠᠨ ᠤ ᠭᠡᠰᠢᠭᠦᠨ ᠢ ᠰᠣᠩᠭᠤᠨ ᠭᠠᠷᠭᠠᠪᠠ᠃ ᠲᠠᠷᠠᠭ᠎ᠠ ᠨᠢ᠂ ᠠᠩᠬᠠᠳᠤᠭᠠᠷ ᠤᠳᠠᠭ᠎ᠠ ᠶᠢᠨ ᠭᠡᠰᠢᠭᠦᠳ ᠤᠨ ᠪᠦᠬᠦᠳᠡ ᠬᠤᠷᠠᠯ ᠳᠡᠭᠡᠷ᠎ᠡ᠂ ᠦ᠋ ᠹᠥ᠋ᠩ ᠿᠦᠩ ᠨᠥᠬᠦᠷ ᠢ ᠨᠠᠮ ᠤᠨ ᠬᠤᠷᠢᠶᠠᠨ ᠤ ᠱᠦᠵᠢ ᠪᠠᠷ᠂ ᠮᠠ ᠶᠦᠩ ᠰᠢᠨ ᠨᠥᠬᠦᠷ ᠢ ᠨᠠᠮ ᠤᠨ ᠬᠤᠷᠢᠶᠠᠨ ᠤ ᠳᠡᠳ᠋ ᠱᠦᠵᠢ ᠪᠠᠷ ᠰᠣᠩᠭᠤᠪᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号