12 ᠳ᠋ᠤᠭᠠᠷ ᠰᠠᠷ᠎ᠠ ᠶᠢᠨ 4 ᠤ ᠡᠳᠦᠷ ᠪᠣᠯ ᠶᠢᠰᠦᠳᠦᠭᠡᠷ ᠤᠯᠤᠰ ᠤᠨ ᠦᠨᠳᠦᠰᠦᠨ ᠬᠠᠤᠯᠢ ᠶᠢᠨ ᠡᠳᠦᠷ | ᠪᠣᠯᠣᠨ᠎ᠠ᠂ ᠮᠥᠨᠴᠦ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ | ᠬᠡᠷᠡᠭᠵᠢᠭᠦᠯᠦᠭᠰᠡᠨ ᠳᠥᠴᠢᠨ ᠵᠢᠯ ᠤᠨ ᠤᠢ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠬᠠᠤᠯᠢ ᠶᠢᠨ ᠲᠤᠬᠠᠢ ᠴᠢᠬᠤᠯᠠ | ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢᠨ ᠲᠥᠯᠥᠭᠡ᠂ ︽ᠬᠢᠩᠭᠠᠨ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 2022 ᠣᠨ ᠤ ︿ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠭᠠᠷᠠᠭ﹀ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠲᠥᠰᠥᠯ︾ ᠤᠨ ᠠᠵᠢᠯ ᠤᠨ | ᠲᠣᠬᠢᠷᠠᠭᠤᠯᠤᠯᠲᠠ ᠶᠣᠰᠣᠭᠠᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠤᠯᠠᠨ ᠵᠦᠢᠯ ᠤᠨ ᠬᠡᠯᠪᠡᠷᠢ ᠪᠠᠷ ︽ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠨᠢᠭᠡ ᠳᠤ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢ ᠵᠣᠬᠢᠶᠠᠨ ᠪᠠᠶᠢᠭᠤᠯᠤᠨ ᠤᠬᠠᠭᠤᠯᠭ᠎ᠠ ᠶᠢᠨ | ᠠᠵᠢᠯᠯᠠᠭ᠎ᠠ ᠦᠷᠨᠢᠭᠦᠯᠪᠡ᠃ | ᠬᠤᠶᠠᠷ ᠲᠤ᠂ ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠪᠡ᠃ | ᠭᠤᠷᠪᠠ ᠳᠤ᠂ ︽ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠠᠤᠯᠢ ᠪᠠᠷ ᠵᠠᠰᠠᠬᠤ | ᠤᠬᠠᠭᠤᠯᠭ᠎ᠠ ᠦᠵᠡᠰᠬᠦᠯᠡᠩ ᠤᠨ ᠭᠠᠷᠠᠭ︾ ᠤᠨ ᠠᠵᠢᠯᠯᠠᠭ᠎ᠠ ᠶᠢ ᠦᠷᠨᠢᠭᠦᠯᠪᠡ᠃ | ᠳᠠᠷᠠᠭᠠᠴᠢ ᠶᠢᠨ ᠠᠯᠬᠤᠮ ᠳᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠨᠡᠩ ᠤᠯᠠᠨ ᠬᠡᠯᠪᠡᠷᠢ ᠶᠢᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠠᠵᠢᠯ ᠪᠠ ᠡᠳᠦᠷ ᠳᠤᠳᠤᠮ ᠤᠨ ᠠᠮᠢᠳᠤᠷᠠᠯ ᠳᠤ | ᠠᠭᠤᠰᠤᠯᠴᠠᠭᠤᠯᠵᠤ᠂ ᠦᠨᠳᠦᠰᠦᠨ ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢᠨ ᠪᠠᠶᠢᠩᠭᠤᠵᠢᠯᠲᠠ ᠪᠠ | ᠳᠦᠷᠢᠮᠵᠢᠭᠦᠯᠦᠯᠲᠡ ᠶᠢ ᠠᠬᠢᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠲᠠᠲᠠᠬᠤ ᠬᠦᠴᠦᠨ ᠪᠠ | ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ |