ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠣᠷᠣᠪᠠ
ᠨᠡᠶᠢᠲᠡᠯᠡᠭᠰᠡᠨ ᠴᠠᠭ᠄
2022/12/10
     12 ᠳ᠋ᠤᠭᠠᠷ ᠰᠠᠷ᠎ᠠ ᠶᠢᠨ 6 ᠤ ᠡᠳᠦᠷ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠬᠦᠷᠴᠦ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠴᠧᠨ ᠬᠠᠢ ᠶᠠᠨ ᠲᠤᠬᠠᠢ ᠶᠢᠨ ᠲᠠᠯᠠᠪᠠᠢ ᠳᠤ ︽︿ᠠᠷᠠᠳ ᠲᠦᠮᠡᠨ ᠢᠶᠠᠷ ᠭᠤᠣᠯ ᠪᠣᠯᠭᠠᠬᠤ﹀ ᠬᠥᠭᠵᠢᠯᠲᠡ ᠶᠢᠨ ᠦᠵᠡᠯ ᠰᠠᠨᠠᠭ᠎ᠠ ᠶᠢ ᠬᠡᠷᠬᠢᠨ ᠲᠤᠭᠤᠰᠢᠯᠠᠭᠤᠯᠬᠤ ᠪᠤᠢ﹀ ᠭᠡᠬᠦ ᠰᠡᠳᠦᠪ ᠢᠶᠠᠷ ᠤᠬᠠᠭᠤᠯᠤᠨ  ᠲᠠᠶᠢᠪᠦᠷᠢᠯᠠᠯᠲᠠ ᠬᠢᠪᠡ᠃      ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠲᠣᠪᠴᠢᠶ᠎ᠠ ᠶᠢᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠪᠣᠯᠣᠨ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠨᠡᠶᠢᠳᠡ 100 ᠭᠠᠷᠤᠢ ᠬᠥᠮᠥᠨ ᠲᠤᠰ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠲᠤᠪᠴᠢᠶᠠᠨ  ᠤ ᠳᠡᠳ᠋ ᠳᠠᠷᠤᠭ᠎ᠠ ᠴᠧᠨ ᠬᠠᠢ ᠶᠠᠨ ᠠᠷᠠᠳ ᠲᠦᠮᠡᠨ ᠤ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠬᠤ᠂ ᠠᠷᠠᠳ ᠲᠦᠮᠡᠨ  ᠤ ᠠᠮᠢᠳᠤᠷᠠᠯ ᠢ ᠠᠩᠬᠠᠷᠬᠤ᠂ ᠠᠷᠠᠳ ᠲᠦᠮᠡᠨ ᠤ ᠰᠠᠨᠠᠭ᠎ᠠ ᠶᠢ ᠳᠠᠭᠠᠬᠤ᠂ ᠠᠷᠠᠳ ᠲᠦᠮᠡᠨ ᠤ ᠰᠡᠳᠬᠢᠯ ᠢ ᠨᠢᠭᠲᠠᠷᠠᠭᠤᠯᠬᠤ᠂ ᠠᠷᠠᠳ ᠲᠦᠮᠡᠨ ᠤ ᠣᠶᠤᠨ ᠤᠬᠠᠭᠠᠨ ᠢ ᠬᠥᠭᠵᠢᠭᠦᠯᠬᠦ ᠪᠠ ᠠᠷᠠᠳᠴᠢᠯᠠᠯ ᠢ ᠠᠬᠢᠭᠤᠯᠬᠤ ᠵᠡᠷᠭᠡ ᠵᠢᠷᠭᠤᠭᠠᠨ ᠲᠠᠯ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠵᠤ ᠭᠦᠨᠵᠡᠭᠡᠢ ᠲᠠᠶᠢᠯᠪᠦᠷᠢᠯᠠᠪᠠ᠃ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠰᠣᠶᠣᠯ ᠵᠢᠭᠤᠯᠴᠢᠯᠠᠯ᠂ ᠷᠠᠳᠢᠣ᠋ ᠲᠧᠯᠸᠢᠰ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠣᠶᠢᠯᠠᠭᠠᠨ ᠡᠵᠡᠮᠰᠢᠬᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠳᠤ ᠬᠦᠴᠦᠲᠡᠢ ᠵᠢᠯᠣᠭᠤᠳᠤᠯᠭ᠎ᠠ ᠬᠠᠩᠭᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠪᠦᠬᠦ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠤᠳᠠᠭ᠎ᠠ ᠶᠢᠨ ᠤᠬᠠᠭᠤᠯᠤᠨ ᠲᠠᠶᠢᠯᠪᠦᠷᠢᠯᠠᠯᠲᠠ ᠪᠠᠷ ᠠᠵᠠ ᠲᠣᠬᠢᠶᠠᠯ ᠪᠣᠯᠭᠠᠨ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号