ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠲᠤᠰᠠᠯᠠᠮᠵᠢ ᠶᠢᠨ ᠲᠥᠷᠥᠯ ᠵᠦᠢᠯ ︽ᠲᠠᠷᠢᠶᠠᠯᠠᠩ ᠪᠠ ᠵᠢᠭᠤᠯᠴᠢᠯᠠᠯ ᠢ  ᠠᠭᠤᠰᠤᠯᠴᠠᠭᠤᠯᠤᠭᠰᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ︾ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ
ᠨᠡᠶᠢᠲᠡᠯᠡᠭᠰᠡᠨ ᠴᠠᠭ᠄
2022/12/10
     ᠣᠶᠢᠷ᠎ᠠ ᠳᠤ᠂ 2022 ᠣᠨ ᠤ ᠤᠯᠤᠰ ᠤᠨ ᠤᠷᠠᠯᠢᠭ ᠤᠨ ᠰᠠᠭᠤᠷᠢ ᠮᠥᠩᠭᠦᠨ ᠤ ᠤᠷᠠᠯᠢᠭ ᠤᠨ ᠴᠢᠳᠠᠪᠤᠷᠢᠲᠠᠨ ᠢ ᠬᠥᠮᠥᠵᠢᠭᠦᠯᠬᠦ ᠳᠤ ᠲᠤᠰᠠᠯᠠᠬᠤ ᠲᠥᠷᠥᠯ ᠵᠦᠢᠯ ᠤᠨ ︽ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ︾ ᠦᠷ᠎ᠡ ᠪᠦᠲᠦᠭᠡᠯ ᠤᠨ ᠬᠢᠨᠠᠨ ᠲᠣᠭᠲᠠᠭᠠᠬᠤ ᠬᠤᠷᠠᠯ ᠰᠦᠯᠵᠢᠶᠡᠨ ᠳᠡᠭᠡᠷ᠎ᠡ ᠶᠠᠪᠤᠭᠳᠠᠪᠠ᠃ ︽ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠢᠷᠤᠵᠤ ᠲᠥᠯᠥᠪᠯᠡᠨ ᠨᠡᠭᠡᠭᠡᠨ ᠬᠥᠭᠵᠢᠭᠦᠯᠵᠦ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ︾ ᠲᠥᠷᠥᠯ ᠵᠦᠢᠯ ᠢ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠠᠴᠠ ᠬᠠᠮᠲᠤᠷᠠᠨ ᠭᠤᠶᠤᠴᠢᠯᠠᠨ ᠮᠡᠳᠡᠭᠦᠯᠵᠦ ᠬᠡᠷᠡᠭᠵᠢᠭᠦᠯᠪᠡ᠂ ᠡᠨᠡ ᠪᠣᠯ ᠬᠢᠩᠭᠠᠨ ᠠᠶᠢᠮᠠᠭ ᠬᠢᠭᠡᠳ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠠᠶᠢᠮᠠᠭ ᠰᠤᠷᠭᠠᠭᠤᠯᠢ ᠶᠢᠨ ᠬᠠᠮᠲᠤᠷᠠᠯᠴᠠᠭ᠎ᠠ ᠥᠷᠨᠢᠭᠦᠯᠦᠭᠰᠡᠨ ᠠᠴᠠ ᠨᠠᠭᠠᠰᠢᠬᠢ ᠴᠢᠬᠤᠯᠠ ᠦᠷ᠎ᠡ ᠪᠦᠲᠦᠭᠡᠯ ᠪᠣᠯᠣᠨ᠎ᠠ᠃      ᠲᠤᠰ ᠲᠦᠷᠦᠯ ᠵᠦᠢᠯ ᠨᠢ ᠪᠦᠬᠦ ᠤᠯᠤᠰ ᠤᠨ ᠬᠡᠪᠴᠢᠶᠡᠨ ᠠᠴᠠ 30 ᠰᠢᠯᠢᠳᠡᠭ ᠵᠢᠷᠤᠭ ᠲᠥᠯᠥᠪᠯᠡᠭᠡ ᠶᠢᠨ ᠴᠢᠳᠠᠪᠤᠷᠢᠲᠠᠨ ᠢ ᠰᠢᠯᠢᠨ ᠰᠣᠩᠭᠤᠵᠤ ᠬᠢᠩᠭᠠᠨ ᠠᠶᠢᠮᠠᠭ ᠲᠤ ᠰᠠᠷ᠎ᠠ ᠰᠢᠬᠠᠮ ᠲᠥᠪᠯᠡᠷᠡᠭᠦᠯᠦᠨ ᠪᠣᠯᠪᠠᠰᠤᠷᠠᠭᠤᠯᠵᠤ᠂ ᠲᠤᠰᠬᠠᠢ ᠮᠡᠷᠭᠡᠵᠢᠯᠲᠡᠨ ᠤ ᠬᠢᠴᠢᠶᠡᠯᠯᠡᠬᠦ᠂ ᠵᠠᠮ ᠤᠨ ᠰᠣᠷᠢᠯᠲᠠ ᠶᠢᠨ ᠰᠢᠨᠵᠢᠯᠡᠨ ᠪᠠᠶᠢᠴᠠᠭᠠᠯᠲᠠ ᠵᠡᠷᠭᠡ ᠪᠠᠷ ᠳᠠᠮᠵᠢᠨ ᠵᠢᠷᠤᠭ ᠲᠥᠯᠥᠪᠯᠡᠭᠡ ᠶᠢᠨ ᠬᠤᠷᠴᠠ ᠰᠡᠷᠡᠯ ᠢ ᠬᠥᠭᠵᠢᠭᠡᠵᠦ᠂ ᠰᠤᠷᠤᠭᠰᠠᠨ ᠢᠶᠠᠨ ᠬᠡᠷᠡᠭᠯᠡᠭᠡᠨ ᠳᠤ ᠣᠷᠤᠭᠤᠯᠬᠤ ᠶᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢᠲᠡᠢ ᠤᠨᠤᠯ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ ᠢ ᠪᠦᠷᠢᠯᠳᠦᠭᠦᠯᠪᠡ᠃ ᠬᠢᠩᠭᠠᠨ ᠠᠶᠢᠮᠠᠭ ᠤᠨ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠪᠠᠷ ᠪᠠᠶᠠᠯᠢᠭ 40 ᠨᠠᠮ ᠵᠠᠰᠠᠭ ᠤᠨ ᠺᠠᠳ᠋ᠷ ᠪᠣᠯᠣᠨ ᠠᠵᠤ ᠠᠬᠤᠶᠢᠯᠠᠯᠲᠠᠨ ᠠᠵᠢᠯᠯᠠᠭ᠎ᠠ ᠶᠢᠨ ᠦᠢᠯᠡᠳᠦᠯᠭᠡ ᠶᠢᠨ ᠳᠤᠭᠤᠶᠢᠯᠠᠩ ᠤᠨ ᠪᠦᠷᠢᠯᠳᠦᠭᠦᠨ ᠤ ᠬᠤᠪᠢ ᠪᠠᠷ ᠲᠦᠷᠦᠯ ᠵᠦᠢᠯ ᠤᠨ ᠬᠡᠷᠡᠭᠵᠢᠭᠦᠯᠦᠯᠲᠡ ᠳᠤ ᠣᠷᠣᠯᠴᠠᠵᠤ᠂  ᠰᠤᠷᠤᠯᠭᠠᠳᠠᠳ ᠢ ᠲᠤᠰᠠᠯᠠᠨ ᠬᠥᠳᠡᠭᠡ ᠲᠣᠰᠬᠤᠨ ᠳᠤ ᠣᠴᠢᠭᠤᠯᠵᠤ᠂ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠵᠤ᠂ ᠰᠣᠶᠣᠯ ᠤᠨ ᠡᠭᠦᠳᠦᠯᠲᠡ ᠶᠢᠨ ᠵᠢᠷᠤᠭ ᠲᠥᠯᠥᠪᠯᠡᠭᠡ ᠶᠢᠨ ᠲᠡᠷᠢᠭᠦᠨ ᠤ ᠣᠶᠢᠯᠠᠭᠠᠭᠳᠠᠬᠤᠨ ᠢ ᠦᠨᠳᠦᠰᠦᠨ ᠱᠠᠲᠤᠨ ᠳᠤ ᠬᠦᠷᠭᠡᠵᠦ᠂ ᠪᠣᠯᠪᠠᠰᠤᠷᠠᠯ ᠤᠨ ᠦᠷ᠎ᠡ ᠪᠦᠲᠦᠭᠡᠯ ᠢ ᠦᠨᠳᠦᠰᠦᠨ ᠱᠠᠲᠤᠨ ᠳᠤ ᠨᠡᠩ ᠤᠯᠠᠨ ᠬᠦᠷᠲᠡᠭᠡᠵᠡᠢ᠃      ᠲᠥᠷᠥᠯ ᠵᠦᠢᠯ ᠨᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠤᠯᠤᠰ ᠲᠥᠷᠥ ᠶᠢᠨ ᠵᠣᠭᠰᠣᠯᠲᠠ᠂ ᠠᠮᠢᠳᠤᠯᠢᠭ ᠬᠢᠴᠢᠶᠡᠯᠯᠡᠬᠦ ᠵᠠᠭᠪᠤᠷ᠂ ᠡᠷᠬᠡ ᠰᠦᠷ ᠲᠠᠢ ᠪᠠᠭᠰᠢ ᠶᠢᠨ ᠬᠦᠴᠦᠨ᠂ ᠰᠢᠨ᠎ᠡ ᠶᠢ ᠡᠭᠦᠳᠬᠦ ᠦᠢᠯᠡᠳᠦᠯᠭᠡ ᠶᠢᠨ ᠠᠷᠭ᠎ᠠ ᠮᠠᠶ᠋ᠢᠭ ᠢᠶᠠᠷ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠪᠣᠳᠠᠲᠤ ᠪᠠᠶᠢᠳᠠᠯ ᠪᠠ ᠦᠨᠳᠦᠰᠦᠨ ᠱᠠᠭᠠᠷᠳᠠᠯᠭ᠎ᠠ ᠳᠤ ᠴᠢᠭᠯᠡᠭᠦᠯᠦᠨ ᠵᠢᠷᠤᠭᠯᠠᠨ ᠲᠥᠯᠥᠪᠯᠡᠬᠦ ᠪᠠ ᠨᠡᠭᠡᠭᠡᠨ ᠬᠦᠭᠵᠢᠭᠦᠯᠪᠡ᠃ ᠦᠷ᠎ᠡ ᠪᠦᠲᠦᠭᠡᠯ ᠤᠨ ᠲᠠᠯ᠎ᠠ ᠪᠠᠷ ᠵᠠᠯᠠᠶᠢᠳ ᠬᠤᠰᠢᠭᠤᠨ ᠤ ᠸᠧᠢ ᠵᠢᠶᠠ ᠠᠮᠤ ᠪᠤᠳᠠᠭᠠᠨ ᠤ ᠦᠢᠯᠡᠰ ᠪᠠ ᠷᠦᠢ ᠴᠢᠦ ᠡᠯ ᠬᠠᠷ᠎ᠠ ᠳᠡᠯᠳᠡᠦ ᠶᠢᠨ ᠪᠣᠭᠤᠳᠠᠯ ᠤᠨ ᠵᠢᠷᠤᠭ ᠲᠥᠯᠥᠪᠯᠡᠭᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠭᠤᠯᠴᠢᠯᠠᠯ ᠤᠨ ᠳᠦᠷᠢ ᠲᠥᠷᠬᠦ ᠶᠢᠨ ᠰᠢᠰᠲ᠋ᠧᠮ ᠵᠡᠷᠭᠡ ᠨᠢᠭᠡ ᠪᠦᠯᠦᠭ ᠪᠦᠲᠦᠭᠡᠯᠴᠢ ᠴᠢᠨᠠᠷ ᠲᠠᠢ᠂ ᠶᠠᠪᠤᠭᠳᠠᠵᠤ ᠳᠡᠶᠢᠯᠬᠦ᠂ ᠦᠷᠭᠦᠯᠵᠢᠯᠡᠬᠦ ᠴᠢᠨᠠᠷᠲᠠᠢ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠲᠥᠷᠥᠯ ᠵᠦᠢᠯ ᠪᠠ ᠦᠢᠯᠡᠳᠬᠦᠨ ᠪᠠᠶᠢᠵᠤ᠂ ᠠᠭᠤᠯᠭ᠎ᠠ ᠶᠢᠨ ᠲᠠᠯ᠎ᠠ ᠪᠠᠷ ᠬᠥᠳᠡᠭᠡ ᠲᠣᠰᠬᠤᠨ ᠤ ᠨᠠᠷᠠᠲᠤ ᠲᠡᠮᠳᠡᠭ ᠪᠠ ᠳᠦᠷᠢ ᠲᠥᠷᠬᠦ ᠶᠢᠨ ᠵᠢᠷᠤᠭ ᠲᠥᠯᠥᠪᠯᠡᠭᠡ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠠᠵᠤ ᠦᠢᠯᠡᠰ ᠤᠨ ᠲᠥᠯᠦᠪᠵᠢᠭᠦᠯᠭᠡ᠂ ᠣᠨᠴᠠᠯᠢᠭᠲᠤ ᠲᠠᠷᠢᠶᠠᠯᠠᠩ ᠵᠢᠭᠤᠯᠴᠢᠯᠠᠯ ᠤᠨ ᠠᠵᠢᠯᠯᠠᠭᠠᠨ ᠤ ᠲᠥᠰᠥᠪᠯᠡᠯ ᠪᠠ ᠬᠥᠳᠡᠭᠡ ᠲᠣᠰᠬᠤᠨ ᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠵᠢᠷᠤᠭ ᠲᠥᠯᠥᠪᠯᠡᠭᠡ ᠵᠡᠷᠭᠡ ᠶᠢ ᠬᠠᠮᠤᠷᠴᠠᠢ᠃      ᠡᠨᠡ ᠬᠦ ᠲᠦᠷᠦᠯ ᠵᠦᠢᠯ ᠢ ᠬᠡᠷᠡᠭᠵᠢᠭᠦᠯᠦᠭᠰᠡᠨ ᠨᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠰᠢᠭᠤᠳ ᠬᠦᠴᠦᠨ ᠨᠡᠮᠡᠷᠢᠯᠡᠬᠦ ᠲᠥᠷᠥᠯ ᠵᠦᠢᠯ ᠪᠠ ᠦᠢᠯᠡᠳᠬᠦᠨ ᠢ ᠬᠤᠷᠠᠮᠳᠤᠭᠤᠯᠵᠠᠢ᠃ ᠡᠭᠦᠨ ᠤ ᠬᠠᠮᠲᠤ ᠪᠠᠰᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠶᠢ ᠡᠭᠦᠳᠬᠦ ᠵᠠᠭᠪᠤᠷ ᠢ ᠰᠦᠪᠡᠭᠴᠢᠯᠡᠨ ᠭᠠᠷᠭᠠᠵᠤ᠂ ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠳᠤ ᠣᠶᠤᠨ ᠤ ᠦᠢᠯᠡᠴᠢᠯᠡᠭᠡ ᠪᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号