ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠣᠶᠣᠯ ᠤᠨ | ᠨᠠᠰᠤᠵᠢᠯ ᠤᠨ ᠠᠰᠠᠷᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠪᠡᠶ᠎ᠡ ᠢ ᠠᠰᠠᠷᠠᠬᠤ︾ ᠮᠥᠷᠲᠡᠭᠡᠨ ︽ | ᠰᠡᠳᠬᠢᠯ ᠢ ᠠᠰᠠᠷᠠᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠵᠤ᠂ ᠨᠠᠰᠤᠳᠠᠶᠢᠴᠤᠳ ᠤᠨ ᠪᠡᠶ᠎ᠡ | ᠪᠠᠨ ᠠᠰᠠᠷᠠᠬᠤ ᠠᠴᠠ ᠪᠤᠶᠠᠨ ᠡᠳ᠋ᠯᠡᠬᠦ ᠱᠠᠭᠠᠷᠳᠠᠯᠭ᠎ᠠ ᠶᠢ ᠪᠡᠶᠡᠯᠡᠭᠦᠯᠵᠦ᠂ ᠨᠠᠰᠤᠲᠠᠶᠢᠴᠤᠳ ᠤᠨ ᠰᠣᠶᠣᠯ ᠤᠷᠠᠯᠢᠭ ᠤᠨ | ᠠᠮᠢᠳᠤᠷᠠᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠦᠯᠦᠭᠡ᠂ ᠠᠯᠠᠱᠠ ᠠᠶᠢᠮᠠᠭ ᠤᠨ ᠬᠢᠨ | ᠰᠣᠷᠤᠯᠴᠠᠵᠤ ᠲᠤᠭᠯᠠᠬᠤ ᠲᠠᠪᠴᠠᠩ ᠪᠠᠶᠢᠭᠤᠯᠬᠤ᠂ ᠰᠣᠶᠣᠯ ᠤᠷᠠᠯᠢᠭ ᠤᠨ ᠲᠦᠭᠡᠮᠡᠯᠵᠢᠭᠦᠯᠦᠯᠲᠡ ᠶᠢ ᠥᠷᠨᠢᠭᠦᠯᠬᠦ᠂ | ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠰᠣᠶᠣᠯ ᠤᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠨᠡᠮᠡᠭᠳᠡᠭᠦᠯᠵᠦ᠂ | ᠨᠠᠰᠤᠲᠠᠶᠢᠴᠤᠳ ᠤᠨ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ | ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠤᠷᠤᠯᠴᠠᠵᠤ ᠲᠤᠭᠯᠠᠬᠤ ᠲᠠᠪᠴᠠᠩ ᠢ | ᠬᠠᠩᠭᠠᠨ᠎ᠠ᠃ ᠡᠯ᠎ᠡ ᠱᠠᠲᠤᠨ ᠤ ᠰᠣᠶᠣᠯ ᠤᠨ ᠣᠷᠳᠣᠨ ᠨᠢ ᠰᠣᠶᠣᠯ ᠤᠨ ᠵᠢᠭᠰᠠᠭᠠᠯ ᠤᠨ ᠭᠠᠵᠠᠷ ᠪᠠ ᠰᠣᠶᠣᠯ ᠤᠨ | ᠡᠩᠨᠡᠭᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠲᠤ ᠬᠠᠨᠳᠤᠭᠤᠯᠤᠨ ᠠᠭᠤᠯᠭ᠎ᠠ ᠪᠠᠷ | ᠪᠠᠶᠠᠯᠢᠭ᠂ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ | ᠨᠠᠰᠤᠲᠠᠶᠢᠴᠤᠳ ᠲᠤ ᠰᠤᠷᠤᠯᠴᠠᠬᠤ᠂ ᠲᠤᠭᠯᠠᠬᠤ ᠲᠠᠪᠴᠠᠩ ᠬᠠᠩᠭᠠᠵᠤ᠂ ᠨᠠᠰᠤᠲᠠᠶᠢᠴᠤᠳ ᠲᠤ ᠰᠤᠷᠤᠯᠴᠠᠯᠭ᠎ᠠ᠂ | ᠪᠠᠶᠠᠷ ᠴᠡᠩᠭᠡᠯ ᠢ ᠡᠳ᠋ᠯᠡᠭᠦᠯᠦᠨ᠎ᠡ᠃ | ᠲᠠᠯᠠᠪᠤᠷ ᠣᠷᠳᠣᠨ ᠤ ᠴᠢᠳᠠᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠯ᠎ᠡ ᠨᠣᠮ ᠤᠨ ᠰᠠᠩ ᠤᠨ ᠬᠢᠨ ᠲᠠᠯᠠᠪᠤᠷ ᠣᠷᠳᠣᠨ᠂ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠠᠬᠠᠮᠠᠳ ᠤᠩᠰᠢᠭᠴᠢᠳ ᠤᠨ ᠤᠩᠰᠢᠯᠭ᠎ᠠ ᠶᠢᠨ ᠡᠬᠢ ᠪᠠᠶᠠᠯᠢᠭ ᠢ ᠦᠷᠭᠦᠯᠵᠢᠯᠡᠨ | ᠪᠠᠶᠠᠯᠢᠭᠵᠢᠭᠤᠯᠵᠤ᠂ ᠠᠬᠠᠮᠠᠳ ᠤᠩᠰᠢᠭᠴᠢᠳ ᠲᠤ ᠲᠤᠰᠬᠠᠢ ᠬᠠᠷᠢᠶᠠᠯᠠᠭᠳᠠᠬᠤ ᠣᠷᠣᠨ ᠵᠠᠢ ᠶᠢ ᠪᠤᠢ ᠪᠣᠯᠭᠠᠵᠤ᠂ | ᠠᠬᠠᠮᠠᠳ ᠤᠩᠰᠢᠭᠴᠢᠳ ᠤᠨ ᠤᠩᠰᠢᠯᠭ᠎ᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ | ᠨᠠᠰᠤᠲᠠᠶᠢᠴᠤᠳ ᠲᠤ ᠤᠩᠰᠢᠯᠭ᠎ᠠ ᠶᠢ ᠡᠳ᠋ᠯᠡᠭᠦᠯᠬᠦ ᠬᠡᠷᠡᠭᠲᠡᠢ᠃ | ᠰᠠᠶᠢᠨ ᠳᠤᠷ᠎ᠠ ᠶᠢᠨ ᠬᠦᠴᠦᠨ ᠢᠶᠠᠨ ᠲᠥᠪᠯᠡᠷᠡᠭᠦᠯᠵᠦ᠂ ︽ᠨᠠᠰᠤᠲᠠᠶᠢᠴᠤᠳ ᠶᠢᠨ ᠠᠮᠢᠳᠤᠷᠠᠯ︾ ᠢ ᠨᠡᠩ | ᠭᠤᠶᠢᠳᠠ ᠰᠠᠶᠢᠬᠠᠨ ᠪᠣᠯᠭᠠᠨ᠎ᠠ᠃ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠨᠢ ︽ᠰᠣᠶᠣᠯ ᠤᠨ | ᠦᠢᠯᠡᠴᠢᠯᠡᠭᠡ︾ ᠪᠠᠷ ᠨᠠᠰᠤᠲᠠᠨ ᠢ ᠠᠰᠠᠷᠠᠵᠤ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ | ᠲᠤᠶᠢᠯ ᠤᠨ ᠶᠡᠭᠡ ᠪᠠᠷ ᠪᠠᠶᠠᠯᠢᠭᠵᠢᠭᠤᠯᠵᠤ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠪᠡ᠃ |