︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠵᠥᠪᠰᠢᠶᠡᠷᠡᠯ︾ ᠢ ᠭᠦᠢᠴᠡᠳᠬᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/12
     ᠡᠯ᠎ᠡ ᠠᠶᠢᠮᠠᠭ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ︵ᠰᠣᠶᠣᠯ ᠪᠠ ᠵᠢᠭᠤᠯᠴᠢᠯᠠᠯ ᠤᠨ ᠲᠣᠪᠴᠢᠶ᠎ᠠ︶᠂ ᠮᠠᠨᠵᠤᠤᠷ ᠬᠤᠲᠠ᠂ ᠡᠷᠢᠶᠡᠨ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ︵ᠰᠣᠶᠣᠯ ᠪᠠ ᠵᠢᠭᠤᠯᠴᠢᠯᠠᠯ ᠤᠨ ᠲᠣᠪᠴᠢᠶ᠎ᠠ︶ ᠳᠤ᠄     ︽ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠡᠯ᠎ᠡ ᠠᠶᠢᠮᠠᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠤᠯᠪᠣᠭᠳᠠᠬᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠨᠢᠭᠤᠴᠠ ᠳᠤ ᠬᠤᠯᠪᠣᠭᠳᠠᠬᠤ ᠲᠥᠷᠥᠯ ᠵᠦᠢᠯ ᠢ ᠭᠠᠷᠭᠠᠪᠠᠯ᠂ ᠴᠥᠮ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠪᠠᠷ ᠳᠠᠮᠵᠢᠭᠤᠯᠤᠨ ᠭᠤᠶᠤᠴᠢᠯᠠᠨ ᠮᠡᠳᠡᠭᠦᠯᠵᠦ ᠭᠦᠢᠴᠡᠳᠬᠡᠨ᠎ᠡ᠃       ᠨᠢᠭᠡ᠂ ᠭᠦᠢᠴᠡᠳᠭᠡᠬᠦ ᠬᠦᠷᠢᠶ᠎ᠡ ᠬᠡᠪᠴᠢᠶ᠎ᠡ      1. ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ ᠪᠠᠶᠢᠭᠤᠯᠵᠤ ᠡᠵᠡᠮᠳᠡᠬᠦ ᠣᠷᠣᠨ ᠪᠦᠰᠡ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠃      2. ᠮᠤᠵᠢ ᠶᠢᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ ᠪᠠᠶᠢᠭᠤᠯᠵᠤ ᠡᠵᠡᠮᠳᠡᠬᠦ ᠣᠷᠣᠨ ᠪᠦᠰᠡ ᠶᠢᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠃      3. ᠲᠡᠰ ᠲᠣᠭᠲᠠᠭᠠᠳᠤᠢ ᠵᠢᠴᠢ ᠣᠷᠣᠰᠢᠵᠤ ᠪᠠᠶᠢᠬᠤ ᠪᠤᠯᠤᠯᠴᠠᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ  ᠤᠨ ᠪᠤᠯᠠᠭᠳᠠᠴᠠ ᠲᠠᠢ ᠣᠷᠣᠨ   ᠤ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠃       ᠬᠤᠶᠠᠷ᠂ ᠭᠦᠢᠴᠡᠳᠬᠡᠬᠦ ᠶᠠᠪᠤᠴᠠ     ᠬᠡᠷᠡᠭᠯᠡᠭᠴᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵http://zwfw.nmg.gov.cn/︶ ᠲᠤ ᠨᠡᠪᠲᠡᠷᠡᠵᠦ ᠭᠤᠶᠤᠴᠢᠯᠠᠨ ᠮᠡᠳᠡᠭᠦᠯᠵᠦ ᠪᠣᠯᠣᠨ᠎ᠠ᠂ ᠪᠣᠳᠠᠲᠠᠢ ᠠᠵᠢᠯᠯᠠᠭᠤᠯᠬᠤ ᠶᠢ ᠰᠢᠰᠲ᠋ᠧᠮ ᠳᠤ ᠲᠡᠮᠳᠡᠭᠯᠡᠭᠰᠡᠨ ᠤ ᠳᠠᠷᠠᠭ᠎ᠠ ︽ᠬᠡᠷᠡᠭᠯᠡᠭᠴᠢ ᠶᠢᠨ ᠵᠢᠭᠠᠯᠲᠠ︾ ᠪᠤᠯᠤᠩ ᠳᠤ ᠪᠠᠶᠢᠴᠠᠭᠠᠨ ᠦᠵᠡᠵᠦ ᠪᠣᠯᠣᠨ᠎ᠠ᠃       ᠭᠤᠷᠪᠠ᠂ ᠭᠤᠶᠤᠴᠢᠯᠠᠬᠤ ᠮᠠᠲ᠋ᠧᠷᠢᠶᠠᠯ     1. ᠠᠶᠢᠮᠠᠭ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠳᠤ ᠵᠢᠭᠠᠪᠤᠷᠢ ᠠᠪᠬᠤ ᠪᠢᠴᠢᠭ ᠮᠠᠲ᠋ᠧᠷᠢᠶᠠᠯ ᠳᠡᠪᠰᠢᠭᠦᠯᠦᠨ᠎ᠡ᠃     2. ᠲᠦᠷᠦᠯ ᠵᠦᠢᠯ ᠤᠨ ᠨᠢᠭᠡᠴᠢ ᠣᠷᠣᠨ ᠨᠤᠲᠤᠭ ᠤᠨ ᠲᠡᠦᠬᠡ ᠶᠢᠨ ᠳᠤᠷᠠᠰᠬᠠᠯᠲᠤ ᠵᠦᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠢᠭᠠᠪᠤᠷᠢ ᠠᠪᠬᠤ ᠪᠢᠴᠢᠭ ᠮᠠᠲ᠋ᠧᠷᠢᠶᠠᠯ ᠳᠡᠪᠰᠢᠭᠦᠯᠦᠨ᠎ᠡ᠃      3. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠥᠰᠥᠯ᠂ ᠪᠣᠳᠠᠲᠠᠢ ᠬᠠᠮᠠᠭᠠᠯᠠᠬᠤ ᠠᠷᠭ᠎ᠠ ᠬᠡᠮᠵᠢᠶ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠵᠢᠴᠢ ᠪᠦᠲᠦᠭᠡᠨ ᠪᠠᠶᠢᠭᠤᠯᠤᠯᠲᠠ ᠶᠢᠨ ᠡᠵᠡᠮᠳᠡᠯ ᠤᠨ ᠣᠷᠣᠨ ᠪᠦᠰᠡ ᠶᠢᠨ ᠳᠣᠲᠣᠷᠠᠬᠢ ᠪᠠᠷᠢᠯᠭ᠎ᠠ ᠳᠤ ᠬᠤᠯᠪᠣᠭᠳᠠᠪᠠᠯ ᠬᠠᠮᠢᠶ᠎ᠠ ᠪᠦᠬᠦᠢ ᠪᠠᠷᠢᠯᠭ᠎ᠠ ᠶᠢᠨ ᠶᠡᠷᠦᠩᠬᠡᠢ ᠬᠠᠪᠲᠠᠭᠠᠢ ᠵᠢᠷᠤᠭ᠂ ᠣᠭᠲᠣᠯᠣᠭᠠᠰᠤ ᠵᠢᠷᠤᠭ ᠢ ᠳᠡᠭᠡᠭᠰᠢ ᠳᠠᠮᠵᠢᠭᠤᠯᠬᠤ ᠬᠡᠷᠡᠭᠲᠡᠢ᠃ ᠳᠡᠯᠡᠬᠡᠢ ᠶᠢᠨ ᠰᠣᠶᠣᠯ ᠤᠨ ᠥᠪ ᠪᠤᠯ ᠮᠡᠳᠡᠭᠦᠯᠦᠯᠲᠡ ᠶᠢᠨ ᠪᠢᠴᠢᠭ᠂ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠴᠢᠬᠤᠯᠠᠲᠠᠢ᠃       4. ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠭᠰᠠᠨ ᠮᠡᠳᠡᠭᠦᠯᠦᠯᠲᠡ᠃       5. ᠲᠡᠦᠬᠡ ᠶᠢᠨ ᠳᠤᠷᠠᠰᠬᠠᠯᠲᠤ ᠵᠦᠢᠯ ᠤᠨ ᠨᠥᠯᠥᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ᠃       6. ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠵᠢᠴᠢ ᠬᠠᠮᠢᠶᠠᠷᠤᠯᠲᠠ ᠶᠢᠨ ᠲᠥᠯᠦᠪᠵᠢᠭᠦᠯᠭᠡ᠃       7. ᠪᠠᠶᠢᠭᠤᠯᠬᠤ ᠪᠠᠷ ᠪᠠᠶᠢᠭ᠎ᠠ ᠣᠷᠣᠨ ᠪᠦᠰᠡ ᠶᠢᠨ ᠬᠠᠭᠤᠴᠢ ᠰᠤᠳᠤᠯᠤᠯ ᠤᠨ ᠬᠠᠶᠢᠨ ᠰᠢᠨᠵᠢᠯᠡᠯᠲᠡ ᠶᠢᠨ ᠮᠡᠳᠡᠭᠦᠯᠦᠯᠲᠡ᠃      ᠡᠯ᠎ᠡ ᠭᠠᠵᠠᠷ ᠤᠨ ᠬᠢᠨ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠵᠥᠪᠰᠢᠶᠡᠷᠡᠯ︾ ᠢ ᠭᠦᠢᠴᠡᠳᠬᠡᠬᠦ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃        0471-6968239      ᠬᠠᠷᠢᠯᠴᠠᠬᠤ ᠬᠥᠮᠥᠨ᠄ ᠵᠠᠩ ᠮᠧᠩ ᠾᠦᠢ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ                      2022 ᠣᠨ ᠤ 9 ᠳ᠋ᠤᠭᠡᠷ ᠰᠠᠷ᠎ᠠ ᠶᠢᠨ 28 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号