ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ  ᠤᠯᠤᠰ ᠤᠨ 3C ᠲᠠᠰ ᠤᠨ ᠬᠤᠪᠢ ᠶᠢᠨ ᠮᠠᠰᠢᠨ ᠲᠡᠷᠭᠡ  ᠵᠢᠭᠤᠯᠴᠢᠯᠠᠨ ᠬᠤᠨᠤᠭᠯᠠᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ ᠢ ᠮᠠᠭᠠᠳᠯᠠᠨ ᠲᠣᠭᠲᠠᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/12/13
                                                                                           ︽ᠬᠤᠪᠢ ᠶᠢᠨ ᠮᠠᠰᠢᠨ ᠲᠡᠷᠭᠡ ᠵᠢᠭᠤᠯᠴᠢᠯᠠᠨ ᠬᠤᠨᠤᠭᠯᠠᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠤᠨ ᠬᠤᠪᠢᠶᠠᠷᠢᠯᠠᠯ︾ ︵LB/T07B-2019︶ ᠤᠨ ᠠᠵᠢᠯ ᠲᠥᠷᠥᠯ ᠤᠨ ᠪᠠᠷᠢᠮᠵᠢᠶ᠎ᠠ ᠵᠢᠴᠢ ᠦᠨᠡᠯᠡᠨ ᠲᠣᠭᠲᠠᠭᠠᠬᠤ ᠨᠠᠷᠢᠨ ᠳᠦᠷᠢᠮ ᠳᠤ ᠦᠨᠳᠦᠰᠦᠯᠡᠨ᠂ ᠬᠠᠮᠢᠶ᠎ᠠ ᠪᠦᠬᠦᠢ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠦᠨᠡᠯᠡᠨ ᠬᠢᠨᠠᠬᠤ ᠺᠣᠮᠢᠰ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠢ ᠶᠢᠨ ᠭᠠᠵᠠᠷ ᠲᠤ ᠨᠢ ᠬᠢᠨᠠᠨ ᠲᠣᠭᠲᠠᠭᠠᠬᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠪᠠ ᠨᠡᠶᠢᠭᠡᠮ ᠳᠤ ᠢᠯᠡ ᠨᠡᠶᠢᠲᠡᠯᠡᠬᠦ ᠪᠠᠷ ᠳᠡᠮᠵᠢᠨ᠂ ᠳᠣᠣᠷᠠᠬᠢ 6 ᠡᠭᠦᠳᠦᠨ ᠪᠠᠶᠢᠭᠤᠯᠤᠭᠰᠠᠨ ᠨᠢᠭᠡᠴᠢ ᠶᠢ 3C ᠲᠠᠰ ᠤᠨ ᠬᠤᠪᠢ ᠶᠢᠨ ᠮᠠᠰᠢᠨ ᠲᠡᠷᠭᠡ ᠵᠢᠭᠤᠯᠴᠢᠯᠠᠨ ᠬᠤᠨᠤᠭᠯᠠᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ ᠢᠶᠠᠷ ᠨᠤᠲᠠᠯᠠᠨ ᠲᠣᠭᠲᠠᠭᠠᠭᠠᠳ᠂ ᠡᠳᠦᠭᠡ ᠵᠠᠷᠯᠠᠨ ᠨᠡᠶᠢᠲᠡᠯᠡᠨ᠎ᠡ᠃ ᠨᠡᠷᠡᠰ ᠨᠢ ᠳᠣᠣᠷᠠᠬᠢ ᠮᠡᠲᠦ ︵ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠡᠰ ᠳᠠᠷᠠᠭᠠᠯᠠᠯ ᠢᠶᠠᠷ ᠵᠢᠭᠰᠠᠭᠠᠪᠠ︶᠄      1. ᠬᠥᠬᠡᠬᠤᠲᠠ ᠶᠢᠨ ᠴᠡᠯᠡᠭᠡᠷ ᠲᠠᠯ᠎ᠠ ᠨᠤᠲᠤᠭ ᠤᠨ ᠬᠠᠭᠤᠷᠠᠢ ᠵᠠᠮ ᠤᠨ ᠵᠢᠭᠤᠯᠴᠢᠯᠠᠯ ᠤᠨ ᠭᠡᠷ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ      2. ᠪᠤᠭᠤᠲᠤ ᠬᠤᠲᠠ ᠶᠢᠨ ᠰᠧ ᠯᠦ ᠮᠧᠩ ᠵᠢᠶᠦ᠋ᠨ ᠦᠵᠡᠮᠵᠢ ᠶᠢᠨ ᠣᠷᠣᠨ ᠤ ᠬᠤᠪᠢ ᠶᠢᠨ ᠮᠠᠰᠢᠨ ᠲᠡᠷᠭᠡ ᠵᠢᠭᠤᠯᠴᠢᠯᠠᠨ ᠬᠤᠨᠤᠭᠯᠠᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ      3. ᠬᠢᠩᠭᠠᠨ ᠠᠶᠢᠮᠠᠭ ᠤᠨ ᠷᠠᠰᠢᠶᠠᠨ ᠤ ᠯᠦ ᠵᠢᠶᠣᠤ ᠸᠠᠨ ᠬᠤᠸᠠᠷᠠᠨ ᠪᠠᠭᠤᠳᠠᠯᠯᠠᠬᠤ ᠭᠠᠵᠠᠷ      4. ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠩᠭᠠᠯ ᠨᠠᠭᠤᠷ ᠤᠨ ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠣᠷᠣᠨ ᠤ ᠭᠡᠷ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ      5. ᠣᠷᠳᠣᠰ ᠤᠨ ᠰᠠᠢ ᠴᠧ ᠰᠢᠶᠤᠤ ᠵᠧᠨ ᠬᠤᠪᠢ ᠶᠢᠨ ᠮᠠᠰᠢᠨ ᠲᠡᠷᠭᠡ ᠵᠢᠭᠤᠯᠴᠢᠯᠠᠨ ᠬᠤᠨᠤᠭᠯᠠᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷ      6. ᠪᠠᠶᠠᠨᠨᠠᠭᠤᠷ ᠬᠤᠲᠠ ᠶᠢᠨ ᠤᠯᠠᠭᠠᠨᠪᠤᠬ᠎ᠠ ᠶᠢᠨ ᠱᠠ ᠬᠠᠢ ᠬᠤ᠋ ᠨᠠᠭᠤᠷ ᠤᠨ ᠦᠪᠡᠷ ᠢᠶᠠᠨ ᠵᠢᠯᠤᠭᠤᠳᠬᠤ ᠮᠠᠰᠢᠨ ᠲᠡᠷᠭᠡ ᠶᠢᠨ ᠬᠤᠸᠠᠷᠠᠨ ᠪᠠᠭᠤᠳᠠᠯᠯᠠᠬᠤ ᠭᠠᠵᠠᠷᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠭᠢᠮ                                                                                                                                                                                                                                                 2022 ᠣᠨ ᠤ 12 ᠰᠠᠷ᠎ᠠ ᠶᠢᠨ 5
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号