ᠮᠠᠨ ᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢ ᠵᠢᠷᠤᠮᠵᠢᠭᠤᠯᠬᠤ ᠠᠩᠬᠠᠳᠠᠭᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2022/12/13
     ᠮᠠᠷᠺᠰ ᠤᠨ ᠦᠵᠡᠯ ᠤᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠬᠤ᠂ ᠡᠪ ᠬᠠᠮᠲᠤ ᠶᠣᠰᠣᠨ ᠤ ᠬᠠᠮᠲᠤ  ᠶᠢᠨ ᠬᠦᠰᠡᠯᠡᠩ ᠢ ᠪᠤᠶ ᠪᠣᠯᠭᠠᠬᠤ᠂ ᠡᠬᠡ ᠣᠷᠣᠨᠴᠢ ᠦᠵᠡᠯ ᠤᠨ ᠬᠥᠮᠦᠵᠢᠯ ᠢ ᠥᠷᠨᠢᠭᠦᠯᠬᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤᠮᠳᠠᠬᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ  ᠵᠦᠢᠯᠡᠰ ᠤᠨ ᠤᠨᠴᠠᠭᠠᠢ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠮᠠᠨ ᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠲᠡᠩᠴᠡᠭᠦᠷᠢ ᠦᠭᠡᠢ  ᠂ ᠭᠦᠢᠴᠡᠳ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠤᠯᠢ ᠶᠣᠰᠣᠭᠠᠷ ᠠᠬᠢᠭᠤᠯᠬᠤ ᠳᠤ ᠳᠦᠷᠢᠮ ᠵᠢᠷᠤᠮ ᠲᠣᠭᠲᠠᠭᠠᠬᠤ ᠨᠢ ᠲᠤᠶᠢᠯ ᠤᠨ ᠴᠢᠬᠤᠯᠠ ᠶᠤᠮ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠳᠦᠷᠢᠮ︾ ᠢ ᠲᠣᠭᠲᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2022 ᠣᠨ ᠤ ᠭᠤᠣᠯᠳᠠᠯᠭ᠎ᠠ ᠲᠠᠢ ᠬᠠᠤᠯᠢ ᠲᠣᠭᠲᠠᠭᠠᠬᠤ ᠠᠵᠢᠯ ᠤᠨ ᠲᠥᠷᠥᠯ ᠵᠦᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠠᠷ ︽ᠬᠤᠣᠰ ᠳᠤᠭᠤᠶᠢᠯᠠᠩ ᠤᠨ ᠳᠠᠷᠤᠭ᠎ᠠ︾ ᠪᠣᠯᠭᠠᠭᠰᠠᠨ ᠬᠠᠤᠯᠢ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠪᠥᠬᠦ ᠲᠠᠯ᠎ᠠ ᠪᠠᠷ ᠵᠢᠯᠣᠭᠤᠳᠪᠠ᠃ ︽ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯᠳᠤᠭᠠᠨ ᠤ ᠠᠩᠬᠠᠨ ᠤ ᠬᠢᠨᠠᠯᠲᠠ᠂ ᠲᠤᠰᠬᠠᠢ ᠮᠡᠷᠭᠡᠵᠢᠯᠲᠡᠨ ᠤ ᠨᠤᠲᠠᠯᠠᠯᠲᠠ᠂ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ  ᠪᠠᠷ ᠳᠠᠮᠵᠢᠭᠠᠳ᠂ ᠲᠥᠪ ᠤᠨ ᠤᠬᠠᠭᠤᠯᠬᠤ ᠬᠡᠯᠲᠡᠰ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠠ ᠣᠷᠣᠨ ᠤ ᠳᠣᠲᠣᠷ᠎ᠠ ᠭᠠᠳᠠᠨᠠᠬᠢ ᠬᠡᠰᠡᠭ ᠨᠠᠮ ᠤᠨ ᠲᠡᠦᠬᠡ ᠶᠢᠨ ᠰᠤᠳᠤᠯᠭᠠᠨ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠤᠰᠬᠠᠢ ᠮᠡᠷᠭᠡᠵᠢᠯᠲᠡᠨ ᠤ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠢᠩᠭᠡᠬᠡᠨ ᠠᠪᠴᠤ᠂  ᠡᠬᠡ ᠨᠤᠤᠷᠠᠭ ᠢ ᠤᠯᠠᠨᠳᠠ ᠵᠠᠰᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠤ ᠲᠠᠷᠠᠭ᠎ᠠ᠂ ᠵᠠᠰᠠᠪᠤᠷᠢ ᠣᠷᠣᠭᠤᠯᠬᠤ ᠳᠤᠭᠤᠶᠢᠯᠠᠩ ᠤᠨ ᠬᠢᠨ ᠪᠠᠷᠢᠮᠵᠢᠶ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠬᠠᠮᠤᠭ ᠤᠨ ᠰᠢᠨ᠎ᠡ ᠵᠣᠷᠢᠭ ᠰᠠᠨᠠᠭ᠎ᠠ ᠶᠢ ᠭᠦᠢᠴᠡᠳ ᠰᠢᠩᠭᠡᠬᠡᠨ ᠠᠪᠤᠪᠠ᠃ ︽ᠳᠦᠷᠢᠮ︾ ᠢ 11 ᠳ᠋ᠤᠭᠡᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠭᠤᠴᠢᠨ ᠨᠠᠢᠮᠠᠳᠤᠭᠠᠷ ᠬᠤᠷᠠᠯ ᠪᠠᠲᠤᠯᠠᠪᠠ᠃      ︽ᠳᠦᠷᠢᠮ︾  ᠳᠤ ᠵᠠᠰᠠᠪᠤᠷᠢ ᠣᠷᠣᠭᠤᠯᠬᠤ ᠶᠠᠪᠤᠴᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠦᠷᠢᠮ ᠳᠤ ᠵᠠᠰᠠᠪᠤᠷᠢ ᠣᠷᠣᠭᠤᠯᠬᠤ ᠪᠦᠬᠦ ᠶᠠᠪᠤᠴᠠ ᠳᠤ ᠲᠤᠭᠤᠰᠢᠯᠠᠭᠤᠯᠪᠠ︔ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢᠨ ᠬᠠᠮᠤᠭ ᠤᠨ ᠴᠢᠬᠤᠯᠠ ᠵᠠᠷᠴᠢᠮ ᠪᠤᠯᠭᠠᠪᠠ︔ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠤᠯᠢ ᠲᠣᠭᠲᠠᠭᠠᠬᠤ ᠪᠠᠷ ᠳᠠᠮᠵᠢᠭᠤᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯᠲᠡ ᠵᠤᠷᠢᠯᠲᠠ ᠪᠤᠯᠭᠠᠪᠠ  ᠃      ︽ᠳᠦᠷᠢᠮ︾ ᠨᠢ ᠨᠡᠶᠢᠲᠡ ᠵᠢᠷᠭᠤᠭᠠᠨ ᠪᠦᠯᠦᠭ ᠲᠠᠪᠢᠨ ᠵᠤᠷᠪᠤᠰ ᠲᠠᠢ᠂ ᠭᠤᠣᠯᠳᠠᠭᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ  ᠵᠦᠢᠯᠡᠰ ᠤᠨ ᠲᠣᠮᠢᠶᠠᠯᠠᠯ᠂ ᠪᠠᠷᠢᠮᠲᠠᠯᠠᠬᠤ ᠶᠣᠰᠣᠲᠠᠢ ᠵᠠᠷᠴᠢᠮ᠂ ᠪᠠᠶᠢᠴᠠᠭᠠᠵᠤ ᠮᠠᠭᠠᠳᠯᠠᠨ ᠲᠣᠭᠲᠠᠭᠠᠬᠤ᠂ ᠬᠠᠮᠠᠭᠠᠯᠠᠨ ᠬᠠᠮᠢᠶᠠᠷᠬᠤ᠂ ᠤᠯᠠᠮᠵᠢᠯᠠᠨ ᠠᠰᠢᠭᠯᠠᠬᠤ ᠵᠢᠴᠢ ᠬᠠᠤᠯᠢ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠲᠣᠭᠲᠠᠭᠠᠵᠠᠢ᠄      ᠨᠢᠭᠡ ᠳᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠮᠢᠶᠠᠯᠠᠯ ᠢ ᠲᠤᠳᠤᠷᠬᠠᠶᠢᠯᠠᠪᠠ  ᠃ ᠲᠤᠬᠠᠶᠢᠯᠠᠪᠠᠯ᠄ ︽ᠲᠤᠰ ᠳᠦᠷᠢᠮ ᠳᠤ ᠬᠡᠯᠡᠵᠦ ᠪᠠᠶᠢᠭ᠎ᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠢᠭᠰᠡᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠬᠡᠷᠡᠴᠢᠯᠡᠭᠰᠡᠨ  ᠂ ᠣᠷᠴᠢᠨ ᠤᠳᠤ ᠦᠶ᠎ᠡ ᠠᠴᠠ  ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠲᠡᠮᠡᠴᠡᠨ ᠣᠯᠣᠭᠰᠠᠨ ᠢᠷᠠᠭᠤ ᠠᠯᠳᠠᠷᠲᠤ ᠲᠡᠦᠬᠡ ᠶᠢ ᠢᠯᠡᠷᠡᠭᠦᠯᠦᠭᠰᠡᠨ᠂ ᠳᠤᠷᠠᠰᠬᠠᠬᠤ ᠠᠴᠢ ᠬᠤᠯᠪᠣᠭᠳᠠᠯ ᠲᠠᠢ᠂ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠲᠠᠢ᠂ ᠲᠡᠦᠬᠡᠨ ᠮᠠᠲ᠋ᠧᠷᠢᠶᠠᠯ ᠤᠨ ᠦᠨ᠎ᠡ ᠦᠷᠳᠡᠭ ᠲᠠᠢ ᠪᠣᠳᠠᠲᠤ ᠪᠣᠳᠠᠰ ᠤᠨ ᠦᠯᠡᠳᠡᠭᠳᠡᠯ ᠢ ᠵᠢᠭᠠᠵᠤ ᠪᠠᠶᠢᠨ᠎ᠠ︾  ᠭᠡᠪᠡ  ᠃      ᠬᠤᠶᠠᠷ ᠲᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢ ᠲᠤᠳᠤᠷᠬᠠᠶᠢᠯᠠᠪᠠ᠃ ᠶᠡᠷᠦᠩᠬᠡᠢ ᠳᠦᠷᠢᠮ ᠤᠨ ᠬᠡᠰᠡᠭ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠪᠠᠷᠢᠮᠲᠠᠯᠠᠬᠤ ᠬᠡᠷᠡᠭᠲᠡᠢ︾᠂  ︽ᠤᠯᠤᠰ ᠲᠦᠷᠦ ᠶᠢᠨ ᠰᠢᠨᠵᠢ ᠴᠢᠨᠠᠷ ᠪᠣᠯᠣᠨ ᠲᠡᠦᠬᠡ ᠶᠢᠨ ᠰᠢᠨᠵᠢ ᠴᠢᠨᠠᠷ ᠢ ᠬᠠᠷᠢᠯᠴᠠᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠴᠢᠭᠯᠡᠯᠲᠡ︾᠂ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ︾ ᠵᠡᠷᠭᠡ ᠳᠦᠷᠪᠡᠨ ᠵᠤᠷᠪᠤᠰ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠵᠠᠷᠴᠢᠮ ᠢ  ᠲᠤᠭᠲᠠᠭᠠᠪᠠ      ᠭᠤᠷᠪᠠ ᠳᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠵᠤ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠵᠤ᠂ ᠠᠰ ᠲᠤ ᠨᠢ ︽ᠪᠠᠶᠢᠴᠠᠭᠠᠵᠤ ᠮᠠᠭᠠᠳᠯᠠᠨ ᠲᠣᠭᠲᠠᠭᠠᠬᠤ︾  ᠪᠦᠯᠦᠭ ᠭᠠᠷᠭᠠᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠬᠤ᠂  ᠰᠢᠯᠭᠠᠨ ᠪᠠᠶᠢᠴᠠᠭᠠᠬᠤ᠂ ᠮᠠᠭᠠᠳᠯᠠᠨ ᠲᠣᠭᠲᠠᠭᠠᠬᠤ᠂ ᠳᠠᠩᠰᠠᠯᠠᠬᠤ᠂ ᠨᠡᠶᠢᠲᠡᠯᠡᠬᠦ ᠵᠡᠷᠭᠡ ᠲᠠᠯ᠎ᠠ ᠪᠠᠷ ᠪᠣᠳᠠᠲᠠᠢ ᠲᠣᠭᠲᠠᠭᠠᠯ ᠭᠠᠷᠭᠠᠵᠠᠢ᠃      ᠳᠥᠷᠪᠡ ᠳᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠬᠤ ᠱᠠᠭᠠᠷᠳᠠᠯᠭ᠎ᠠ ᠶᠢ ᠳᠤᠳᠤᠷᠬᠠᠶᠢᠯᠠᠪᠠ᠃ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ᠂ ᠰᠡᠯᠪᠢᠨ ᠵᠠᠰᠠᠬᠤ ᠬᠠᠷᠢᠭᠤᠴᠠᠯᠭ᠎ᠠ᠂ ᠬᠠᠮᠠᠭᠠᠯᠠᠬᠤ ᠬᠦᠷᠢᠶ᠎ᠡ ᠬᠡᠪᠴᠢᠶᠡᠨ ᠤ ᠴᠠᠭᠠᠵᠠᠯᠠᠬᠤ ᠠᠵᠢᠯᠯᠠᠭ᠎ᠠ᠂ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠬᠠᠮᠢᠶᠠᠷᠤᠯᠲᠠ ᠶᠢ ᠲᠣᠭᠲᠠᠭᠠᠵᠤ᠂ ᠬᠤᠪᠢᠰᠬᠠᠯ ᠤᠨ ᠳᠤᠷᠠᠰᠬᠠᠯ ᠤᠨ ᠲᠦᠷᠦᠯ ᠤᠨ ᠲᠥᠬᠦᠭᠡᠷᠦᠮᠵᠢ ᠶᠢ ᠮᠡᠳᠡᠭᠦᠯᠦᠨ ᠵᠥᠪᠰᠢᠶᠡᠷᠡᠭᠦᠯᠬᠦ ᠵᠢᠷᠤᠮ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠬᠤᠯᠠᠴᠢᠯᠠᠪᠠ᠃      ᠲᠠᠪᠤ ᠳᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠤᠯᠠᠮᠵᠢᠯᠠᠨ ᠠᠰᠢᠭᠯᠠᠬᠤ ᠲᠤᠬᠠᠢ ᠵᠢᠷᠤᠮᠵᠢᠯ  ᠭᠠᠷᠭᠠᠪᠠ᠃ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ ᠦᠷᠳᠡᠭ ᠪᠠ ᠤᠶᠤᠨ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠲᠤ ᠲᠤᠰᠠᠯᠠᠨ ᠬᠥᠮᠥᠨ ᠢ ᠬᠥᠮᠥᠵᠢᠭᠦᠯᠬᠦ᠂ ᠬᠦᠴᠦᠨ ᠢ ᠨᠢᠭᠲᠠᠷᠠᠭᠤᠯᠬᠤ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠠᠮᠵᠢᠯᠠᠨ ᠠᠰᠢᠭᠯᠠᠬᠤ ᠬᠠᠷᠢᠭᠤᠴᠠᠯᠭ᠎ᠠ ᠶᠢ ᠲᠣᠭᠲᠠᠭᠠᠵᠤ᠂ ᠤᠬᠠᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ᠂ ᠨᠠᠮ ᠤᠨ ᠲᠡᠦᠬᠡ ᠪᠣᠯᠣᠨ ᠣᠷᠣᠨ ᠨᠤᠲᠤᠭ ᠤᠨ ᠣᠶᠢᠯᠠᠯᠭ᠎ᠠ ᠵᠡᠷᠭᠡ ᠰᠠᠯᠠᠭ᠎ᠠ ᠮᠥᠴᠢᠷ ᠤᠨ ᠬᠢᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ ᠶᠢᠨ ᠠᠭᠤᠯᠭ᠎ᠠ ᠪᠣᠯᠣᠨ ᠲᠠᠶᠢᠯᠪᠤᠷᠢᠯᠠᠬᠤ ᠦᠭᠡᠰ ᠢ ᠬᠢᠨᠠᠨ ᠪᠠᠶᠢᠴᠠᠭᠠᠵᠤ᠂ ᠤᠯᠤᠰ ᠲᠦᠷᠦ ᠶᠢᠨ ᠪᠣᠭᠤᠮᠲᠠ ᠪᠣᠯᠣᠨ ᠲᠡᠦᠬᠡ ᠶᠢᠨ ᠪᠤᠳᠠᠳᠠᠢ ᠶᠢᠨ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ ᠭᠡᠵᠦ ᠲᠣᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号