ᠤᠯᠠᠭᠠᠨᠮ᠊  | 11 ᠳ᠋ᠤᠭᠡᠷ ᠰᠠᠷ᠎ᠠ ᠶᠢᠨ 20 ᠤ ᠡᠳᠦᠷ᠂ ᠲᠥᠪ ᠤᠨ ᠲᠧᠯᠸᠢᠰ ᠬᠤᠷᠢᠶ᠎ᠠ ᠶᠢᠨ ᠰᠣᠨᠢᠨ ᠮᠡᠳᠡᠭᠡᠨ ᠤ | ᠨᠡᠪᠲᠡᠷᠡᠭᠦᠯᠭᠡ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ︾ | ᠭᠡᠬᠦ ᠪᠤᠯᠤᠩ ᠳᠤ ︽ᠤᠯᠠᠭᠠᠨᠮᠥ᠋ᠴᠢᠷ᠄ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠯᠠᠨ ᠤ | ᠳᠡᠷᠭᠡᠳᠡ ᠳᠠᠮᠵᠢᠭᠤᠯᠤᠨ᠎ᠠ︾ ᠭᠡᠬᠦ ᠫᠷᠣᠭ᠍ᠷᠠᠮ ᠢ ᠨᠠᠪᠲᠠᠷᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠤ ᠠᠩᠬᠠᠷᠤᠯ ᠢ ᠥᠷᠭᠡᠨ ᠢᠶᠠᠷ ᠳᠠᠳᠠᠵᠠᠢ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠨ ᠲᠡᠷᠡ ᠳᠠᠷᠤᠢ ᠳᠤ ᠨᠢ | ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠭᠥᠯᠢᠶᠡᠨ ᠦᠵᠡᠪᠡ᠃ ᠣᠶᠢᠷ᠎ᠠ ᠶᠢᠨ | ᠡᠳᠦᠷ ᠤᠳ ᠲᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢᠨ ᠲᠥᠯᠥᠭᠡ᠂ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠲᠤᠭ ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ | ᠮᠠᠨᠳᠤᠭᠤᠯᠬᠤ᠂ ᠳᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠲᠤᠰᠢᠶᠠᠯ ᠪᠣᠯᠣᠨ ᠰᠢᠨ᠎ᠡ ᠴᠠᠭ ᠦᠶ᠎ᠡ ᠶᠢᠨ | ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ | ᠭᠦᠢᠴᠡᠳ ᠪᠠᠳᠠᠷᠠᠭᠤᠯᠬᠤ ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠯᠢ ᠣᠯᠠᠨ ᠰᠣᠶᠣᠯ ᠤᠳᠬ᠎ᠠ ᠤᠷᠠᠯᠢᠭ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠶᠢᠨ ᠬᠠᠮᠲᠤ 2022 ︱2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ | ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠬᠦᠯᠪᠡ᠃ ᠡᠨᠡ ᠬᠤᠭᠤᠴᠠᠭᠠᠨ ᠳᠤ ᠪᠥᠬᠦ ᠣᠷᠣᠨ ᠤ 100 ᠤᠯᠤᠰ ᠤᠨ | ᠥᠮᠴᠢᠯᠡᠯᠲᠦ ᠤᠷᠠᠨ ᠰᠠᠶᠢᠬᠠᠨ ᠤ ᠬᠦᠷᠢᠶᠡᠯᠡᠩ ᠪᠦᠯᠬᠦᠮ ᠢ ᠵᠣᠬᠢᠶᠠᠨ ᠪᠠᠶᠢᠭᠤᠯᠵᠤ 3 ᠰᠠᠷ᠎ᠠ ᠶᠢᠨ | ᠬᠤᠭᠤᠴᠠᠭ᠎ᠠ ᠲᠠᠢ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠵᠦ᠂ 1000 ᠲᠠᠯᠠᠪᠤᠷ ᠠᠴᠠ ᠳᠡᠭᠡᠭᠰᠢᠬᠢ | ᠲᠣᠭᠯᠠᠯᠲᠠ ᠶᠢᠨ ᠦᠢᠯᠡᠴᠢᠯᠡᠭᠡᠨ ᠤ ᠡᠭᠦᠷᠭᠡ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ︽ | ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ︾᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠤᠯᠠᠮ ᠨᠢᠭᠡ ᠠᠯᠬᠤᠮ ᠪᠣᠶ ᠪᠤᠯᠭᠠᠪᠠ᠃ | ᠨᠠᠷᠢᠨ ᠵᠦᠢᠯᠡᠰ ᠢ ᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠰᠦᠯᠵᠢᠶ᠎ᠡ ᠶᠢ ᠲᠤᠪᠴᠢᠲᠠᠨ ᠦᠵᠡᠭᠡᠷᠡᠢ ᠃ | https://wlt.nmg.gov.cn/zwxx/tpxw/202211/t20221122_2176148. | html |