ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ · ᠥᠪᠥᠷ ᠮᠣᠩᠭᠤᠯ ᠤᠨ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠶᠠᠭᠰᠢ ᠳᠤ ᠪᠣᠯᠪᠠ
ᠨᠡᠶᠢᠲᠡᠯᠡᠭᠰᠡᠨ ᠴᠠᠭ᠄
2022/12/16
     ᠶᠡᠭᠡ ᠴᠠᠰᠤ ᠶᠢᠨ ᠤᠯᠠᠷᠢᠯ ᠳᠤ᠂ ᠬᠥᠯᠥᠨ ᠪᠤᠶᠢᠷ ᠤᠨ ᠲᠠᠯ᠎ᠠ ᠨᠤᠲᠤᠭ ᠮᠦᠰᠦ ᠴᠠᠰᠤᠨ ᠳᠤ ᠬᠤᠴᠢᠭᠳᠠᠵᠤ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠮᠥᠩᠭᠦᠨ ᠬᠤᠶᠠᠭ ᠢᠶᠠᠷ ᠵᠤᠳᠤᠭᠯᠠᠵᠤ᠂ ᠳᠥᠷᠪᠡᠳᠦᠭᠡᠷ ᠤᠳᠠᠭᠠᠨ ᠤ ᠬᠥᠯᠥᠨ ᠪᠤᠶᠢᠷ ᠤᠨ ᠮᠥᠰᠥ ᠴᠠᠰᠤᠨ ᠤ ᠡᠳᠦᠷ ᠪᠣᠯᠵᠤᠭ᠎ᠠ ᠶᠣᠰᠣᠭᠠᠷ ᠢᠶᠠᠨ ᠬᠦᠷᠴᠦ ᠢᠷᠡᠪᠡ᠃ ᠲᠦᠷᠦᠭᠦᠬᠡᠨ ᠳᠤ᠂ 2022 ︱ 2023 ᠣᠨ ᠤ ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ · ᠥᠪᠥᠷ ᠮᠣᠩᠭᠤᠯ ᠤᠨ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠤᠨ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ︽ᠳᠤᠮᠳᠠᠳᠤ ᠤᠯᠤᠰ ᠤᠨ ᠮᠥᠰᠥ ᠴᠠᠰᠤᠨ ᠤ ᠬᠤᠲᠠ︾ ᠶᠠᠭᠰᠢ ᠳᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠿᠦᠨ ᠰᠢ ᠬᠤᠷᠠᠯ ᠳᠤ ᠣᠷᠣᠯᠴᠠᠵᠤ᠂  ᠠᠵᠢᠯᠯᠠᠭ᠎ᠠ ᠶᠢᠨ ᠡᠬᠢᠯᠡᠭᠰᠡᠨ ᠢ ᠵᠠᠷᠯᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠠᠶᠠᠷ ᠤᠨ ᠦᠭᠡ ᠬᠡᠯᠡᠪᠡ︔ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠣᠶ ᠰᠢᠭᠤᠢ ᠶᠢᠨ ᠠᠵᠤ ᠦᠢᠯᠡᠳᠪᠦᠷᠢ᠂ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠨᠥᠬᠦᠳ ᠣᠷᠤᠯᠴᠠᠪᠠ᠃
\
     ᠬᠥᠯᠥᠨ ᠪᠤᠶᠢᠷ ᠤᠨ ᠲᠡᠦᠬᠡ ᠶᠢᠨ ᠮᠦᠽᠧᠢ ᠶᠢᠨ ᠡᠮᠦᠨ᠎ᠡ ᠠᠭᠤᠳᠠᠮ ᠲᠠᠯᠠᠪᠠᠢ ᠳᠤ ᠬᠢ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠴᠠᠰᠤᠨ ᠱᠤᠭᠤᠮᠠᠯ ᠤᠨ ᠤᠷᠤᠯᠳᠤᠭᠠᠨ ᠤ ᠪᠦᠲᠦᠭᠡᠯ ᠤᠯᠠᠨ ᠳᠤ ᠱᠠᠭᠰᠢᠭᠳᠠᠵᠤ᠂ ᠪᠦᠬᠦ ᠤᠯᠤᠰ ᠤᠨ 5 ᠮᠤᠵᠢ ᠶᠢᠨ 46 ᠤᠷᠤᠯᠳᠤᠭᠠᠨ ᠳᠤ ᠣᠷᠤᠯᠴᠠᠬᠤ ᠠᠩᠭᠢ ᠰᠢᠷᠦᠭᠦᠨ ᠥᠷᠢᠰᠦᠯᠳᠦᠵᠦ᠂ ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 20 ᠪᠦᠯᠦᠭ ᠥᠨᠳᠥᠷ ᠲᠦᠪᠰᠢᠨ ᠲᠠᠢ ᠴᠠᠰᠤᠨ ᠱᠤᠭᠤᠮᠠᠯ ᠤᠨ ᠪᠦᠲᠦᠭᠡᠯ ᠨᠢ ︽ᠵᠢᠷᠭᠤᠭᠠᠨ ᠣᠷᠳᠣᠨ ᠨᠢᠭᠡ ᠨᠠᠭᠤᠷ︾ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠣᠷᠣᠨ ᠤ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ      ᠬᠥᠯᠥᠨ ᠪᠤᠶᠢᠷ ᠬᠤᠲᠠ ᠶᠢᠨ ᠬᠡᠪᠴᠢᠶᠡᠨ ᠤ ᠪᠦᠬᠦ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠶᠡᠨ ᠨᠠᠷᠭᠢᠶᠠᠨ ᠲᠠᠢ ᠬᠢᠵᠦ᠂ 2022 — 2023 ᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠰᠢᠭᠡ ᠶᠢ ᠰᠡᠬᠦᠵᠦ᠂ ᠬᠥᠯᠥᠨ ᠪᠤᠶᠢᠷ ᠤᠨ ᠦᠨᠦᠷ ᠠᠮᠲᠠ · ᠠᠮᠲᠠᠲᠤ ᠢᠳᠡᠭᠡᠨ ᠤ ᠰᠣᠶᠣᠯ ᠤᠨ ᠦᠵᠡᠰᠬᠦᠯᠡᠩ᠂ ᠪᠢ ᠬᠥᠯᠥᠨ ᠪᠤᠶᠢᠷ ᠤᠨ ᠶᠡᠭᠡ ᠴᠠᠰᠤᠲᠤ ᠬᠡᠭᠡᠷ᠎ᠡ ᠶᠢᠨ ᠳᠠᠭᠤᠤ ᠬᠥᠭᠵᠢᠮ ᠤᠨ ᠦᠳᠡᠰᠢᠯᠡᠭᠡ ᠳᠤ ᠬᠠᠶᠢᠷᠠᠲᠠᠢ ᠵᠡᠷᠭᠡ ᠵᠠᠭᠤᠨ ᠲᠠᠯᠠᠪᠠᠢ ᠤᠷᠠᠨ ᠰᠠᠶᠢᠬᠠᠨ ᠤ ᠬᠤᠲᠠ ᠶᠢ ᠴᠣᠭᠴᠠᠯᠠᠨ ᠪᠠᠶᠢᠭᠤᠯᠬᠤ ᠤᠷᠠᠨ ᠰᠠᠶᠢᠬᠠᠨ ᠤ ᠠᠷᠠᠳ ᠲᠤ ᠠᠰᠢᠭ ᠬᠦᠷᠲᠡᠭᠡᠬᠦ ᠦᠵᠡᠭᠦᠯᠭᠡ ᠶᠢᠨ ᠲᠣᠭᠯᠠᠯᠲᠠ ᠪᠠ ᠮᠥᠰᠥ ᠴᠠᠰᠤᠨ ᠤ ᠨᠠᠭᠠᠳᠤᠮ᠂ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠬᠦᠢᠲᠡᠨ ᠲᠤᠶᠢᠯ ᠤᠨ ᠮᠠᠷᠠᠰᠤᠨ ᠤ ᠴᠤᠭᠯᠠᠭᠠᠨ ᠵᠡᠷᠭᠡ ᠰᠣᠶᠣᠯ ᠲᠠᠮᠢᠷ ᠤᠨ ᠠᠷᠠᠳ ᠲᠤ ᠠᠰᠢᠭ ᠬᠦᠷᠲᠡᠭᠡᠬᠦ ᠵᠠᠭᠤᠨ ᠤᠷᠤᠯᠳᠤᠭᠠᠨ ᠤ ᠠᠵᠢᠯᠯᠠᠭ᠎ᠠ ᠵᠢᠴᠢ ᠡᠳᠦᠷ ᠪᠦᠷᠢ ᠶᠢᠨ ᠮᠥᠰᠥ ᠴᠠᠰᠤᠨ ᠤ ᠨᠠᠭᠠᠳᠤᠮ᠂ ᠲᠠᠯ᠎ᠠ ᠨᠤᠲᠤᠭ ᠲᠤ ᠴᠠᠭᠠᠨ ᠰᠠᠷ᠎ᠠ ᠪᠠᠨ ᠪᠡᠯᠭᠡᠯᠡᠬᠦ ᠵᠡᠷᠭᠡ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢᠶᠠᠷ ᠥᠷᠭᠡᠨ ᠤᠯᠠᠨ ᠬᠤᠳᠠ ᠶᠢᠨ ᠠᠷᠠᠳ ᠪᠣᠯᠣᠨ ᠵᠢᠭᠤᠯᠴᠢᠯᠠᠭᠴᠢᠳ ᠲᠤ ᠮᠥᠰᠥ ᠴᠠᠰᠤᠨ ᠤ ᠬᠡᠯᠪᠡᠷᠢ ᠶᠢᠨ ᠭᠠᠶᠢᠬᠠᠮᠰᠢᠭᠲᠤ ᠠᠶᠠᠯᠠᠯ ᠢ ᠪᠦᠲᠦᠭᠡᠵᠦ ᠥᠭᠬᠦ ᠪᠣᠯᠣᠨ᠎ᠠ᠃      ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠳᠤ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠬᠤ᠂ ᠠᠷᠪᠠᠨ ᠳᠥᠷᠪᠡᠨ ᠡᠪᠦᠯ ᠢ ᠪᠠᠶᠠᠷᠯᠠᠨ ᠤᠭᠲᠤᠬᠤ᠂ ᠦᠵᠡᠰᠬᠦᠯᠡᠩᠲᠦ ᠰᠠᠶᠢᠬᠠᠨ ᠴᠠᠰᠤᠲᠤ ᠲᠠᠯ᠎ᠠ᠂ ᠣᠷᠭᠢᠯᠤᠮ᠎ᠠ ᠬᠠᠯᠠᠭᠤᠨ ᠮᠥᠰᠥ ᠴᠠᠰᠤᠨ ᠤ ᠤᠯᠠᠷᠢᠯ ᠢᠶᠠᠷ ᠭᠤᠣᠯ ᠰᠡᠳᠦᠪ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤ ᠪᠠᠷ ᠭᠤᠣᠯᠯᠠᠨ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ᠂ ᠳᠥᠷᠪᠡᠨ ᠤᠯᠠᠷᠢᠯ ᠤᠨ ᠥᠩᠭᠡ ᠦᠵᠡᠮᠵᠢ︾ ᠶᠢᠨ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠳᠤ ᠬᠥᠯᠥᠨ ᠪᠤᠶᠢᠷ ᠤᠨ ᠠᠮᠢᠳᠤᠯᠢᠭ ᠦᠢᠯᠡᠳᠦᠯᠭᠡ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号