ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | 12 ᠳ᠋ᠤᠭᠠᠷ ᠰᠠᠷ᠎ᠠ ᠶᠢᠨ 13 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠪᠢᠳᠡ | ᠬᠠᠮᠲᠤ ᠪᠠᠷ ᠣᠶᠢᠯᠠᠭᠠᠵᠠᠭᠠᠶ᠎ᠠ — — ᠵᠢᠷᠮᠦᠰᠦᠨ ᠬᠥᠩᠭᠡᠵᠢᠭᠰᠡᠨ ᠡᠬᠡᠴᠦᠳ ᠵᠢᠷᠮᠦᠰᠦᠨ ᠬᠥᠩᠭᠡᠵᠢᠭᠰᠡᠨ | ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ ᠪᠣᠢ︖ ᠤᠯᠤᠰ ᠤᠨ | ᠳᠣᠲᠣᠭᠠᠳᠤ ᠳᠠᠬᠢ ᠪᠦᠬᠦ ᠤᠯᠤᠰ ᠤᠨ ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠤ | ᠳᠤᠭᠤᠶᠢᠯᠠᠩ ᠤᠨ ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ ᠮᠡᠳᠡᠭᠡᠯᠡᠯ ᠠᠴᠠ | ᠦᠵᠡᠪᠡᠯ᠂ ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ | ᠶᠡᠷᠦᠩᠬᠡᠢ ᠳᠤ ᠪᠠᠨ ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢᠨ ᠪᠠᠶᠢᠳᠠᠯ ᠨᠢ ᠪᠦᠷ | ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ᠃ ᠡᠪᠡᠳᠴᠢᠨ ᠤ ᠢᠯᠡᠷᠡᠯ ᠨᠢ ᠭᠤᠣᠯᠳᠠᠭᠤ ᠠᠮᠢᠰᠬᠤᠯ ᠤᠨ | ᠳᠡᠭᠡᠳᠦ ᠵᠠᠮ ᠤᠨ ᠬᠠᠯᠳᠠᠪᠤᠷᠢᠯᠠᠯ ᠪᠣᠯᠣᠨ᠎ᠠ᠂ ᠵᠢᠱᠢᠶᠡᠯᠡᠪᠡᠯ ᠬᠠᠨᠢᠶᠠᠯᠭᠠᠬᠤ᠂ ᠬᠤᠭᠤᠯᠠᠢ ᠡᠪᠡᠳᠬᠦ᠂ ᠨᠠᠶᠢᠲᠠᠭᠠᠬᠤ᠂ ᠬᠠᠮᠠᠷ | ᠪᠢᠲᠡᠭᠦᠷᠡᠬᠦ᠂ ᠨᠢᠰᠤ ᠭᠤᠭᠤᠵᠢᠬᠤ᠂ ᠪᠦᠬᠦ ᠪᠡᠶ᠎ᠡ ᠱᠠᠷᠬᠢᠷᠠᠨ ᠡᠪᠡᠳᠬᠦ᠂ ᠬᠠᠯᠠᠭᠤᠷᠠᠬᠤ ᠵᠡᠷᠭᠡ ᠢᠯᠡᠷᠡᠯ ᠲᠠᠢ᠂ ᠬᠦᠨᠳᠦ | ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ᠂ ᠡᠶᠢᠮᠦ ᠠᠴᠠ ᠠᠶᠤᠨ ᠰᠠᠨᠳᠤᠷᠤᠭᠰᠠᠨ ᠤ ᠬᠡᠷᠡᠭ ᠦᠭᠡᠢ᠂ | ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ᠃ ᠣᠳᠣᠬᠠᠨ ᠤ ᠪᠠᠶᠢᠳᠠᠯ ᠠᠴᠠ | ᠦᠵᠡᠪᠡᠯ᠂ ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ ᠸᠢᠷᠦ᠋ᠰ ᠤᠨ ᠰᠠᠭᠤᠷᠢ ᠨᠢ ᠵᠢᠭᠠᠬᠠᠨ ᠠᠳᠠᠯᠢ | ᠦᠭᠡᠢ ᠪᠠᠶᠢᠵᠤ᠂ ᠤᠮᠠᠷᠠᠲᠤ ᠣᠷᠣᠨ ᠳᠤ ᠵᠢᠭᠠᠬᠠᠨ ᠬᠠᠭᠤᠷᠠᠢ᠂ ᠠᠭᠤᠷ ᠠᠮᠢᠰᠬᠤᠯ ᠨᠡᠯᠢᠶᠡᠳ ᠬᠦᠢᠲᠡᠨ᠂ ᠡᠪᠡᠳᠴᠢᠨ ᠤ | ᠪᠠᠶᠢᠳᠠᠯ ᠨᠢ ᠬᠠᠷᠢᠴᠠᠩᠭᠤᠢ ᠬᠦᠨᠳᠦ᠂ ᠭᠡᠪᠡᠴᠦ ᠡᠪᠡᠳᠴᠢᠨ ᠤ ᠶᠠᠪᠤᠴᠠ ᠨᠢ ᠦᠨᠳᠦᠰᠦᠨ ᠳᠤ ᠪᠠᠨ 5 ᠠᠴᠠ 7 ᠡᠳᠦᠷ | ᠪᠠᠶᠢᠳᠠᠭ᠂ ᠣᠨᠴᠠ ᠵᠠᠷᠢᠮ ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ ᠰᠠᠭᠤᠷᠢ ᠡᠪᠡᠳᠴᠢᠨ ᠲᠠᠢ ᠬᠤᠯᠪᠣᠭ᠎ᠠ ᠲᠠᠢ | ᠪᠠᠶᠢᠳᠠᠭ᠂ ᠵᠢᠱᠢᠶᠡᠯᠡᠪᠡᠯ ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ᠂ ᠴᠢᠰᠤᠨ ᠳᠠᠷᠤᠯᠲᠠ ᠥᠨᠳᠥᠷ᠂ | ᠰᠢᠬᠢᠷ ᠰᠢᠵᠢᠩ ᠡᠪᠡᠳᠴᠢᠨ ᠲᠠᠢ ᠪᠠᠶᠢᠪᠠᠯ᠂ ᠡᠳᠡᠭᠡᠷ ᠬᠥᠮᠥᠰ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ | ᠨᠥᠯᠥᠭᠡᠯᠡᠨ᠎ᠡ ᠤᠤ︖ ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠬᠡᠪᠡᠯᠢ ᠳᠠᠬᠢ ᠬᠡᠦᠬᠡᠳ ᠲᠤ ᠬᠠᠯᠳᠠᠪᠤᠷᠢᠯᠠᠬᠤ ᠦᠭᠡᠢ᠂ ᠤᠴᠢᠷ ᠨᠢ ᠡᠬᠡ ᠶᠢᠨ ᠪᠡᠶ᠎ᠡ ᠳᠤ ᠢᠬᠡᠰ ᠭᠡᠬᠦ ᠮᠠᠰᠢ ᠰᠠᠶᠢᠨ | ᠬᠠᠮᠠᠭᠠᠯᠠᠯᠲᠠ ᠶᠢᠨ ᠬᠠᠯᠬᠠᠪᠴᠢ ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ ᠪᠠᠷᠤᠭ ᠬᠠᠯᠳᠠᠪᠤᠷᠢᠯᠠᠬᠤ ᠦᠭᠡᠢ ᠶᠤᠮ᠃ | ᠭᠡᠪᠡᠴᠦ ᠬᠥᠩᠭᠡᠵᠢᠭᠰᠡᠨ ᠤ ᠳᠠᠷᠠᠭ᠎ᠠ ᠡᠵᠢ ᠨᠢ ᠬᠡᠦᠬᠡᠳ ᠲᠠᠢ ᠪᠠᠨ ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ᠂ | ᠡᠵᠢ ᠨᠢ ᠣᠷᠣᠨ ᠵᠠᠢ ᠶᠢᠨ ᠲᠠᠯ᠎ᠠ ᠪᠠᠷ ᠨᠢᠷᠠᠢ ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ ᠪᠤᠶᠤ N95 | ᠠᠮᠠᠪᠴᠢ ᠵᠡᠭᠦᠪᠡᠯ ᠡᠬᠡ ᠶᠢᠨ ᠰᠦ ᠪᠠᠨ ᠬᠥᠬᠦᠭᠦᠯᠵᠦ ᠪᠣᠯᠣᠨ᠎ᠠ᠃ ᠵᠢᠷᠮᠦᠰᠦᠨ ᠬᠥᠩᠭᠡᠵᠢᠭᠰᠡᠨ ᠡᠬᠡᠴᠦᠳ | ᠬᠠᠯᠠᠭᠤᠷᠠᠬᠤ ᠪᠤᠶᠤ ᠬᠠᠭᠤᠷᠠᠢ ᠪᠠᠷ ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ ᠶᠠᠭᠠᠬᠢᠪᠠᠯ ᠵᠣᠬᠢᠬᠤ ᠪᠣᠢ︖ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ | ᠵᠠᠮ ᠤᠨ ᠡᠪᠡᠳᠴᠢᠨ ᠤ ᠢᠯᠡᠷᠡᠯ ᠭᠠᠷᠬᠤ ᠦᠶ᠎ᠡ ᠳᠤ᠂ ᠪᠥᠭᠡᠮ ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ | ᠪᠠᠶᠢᠴᠠᠭᠠᠯᠲᠠ ᠬᠢᠵᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠶᠢ ᠲᠣᠳᠣᠯᠠᠵᠤ ᠪᠣᠯᠣᠨ᠎ᠠ᠂ | ᠡᠶᠢᠮᠦ ᠠᠴᠠ ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ ᠬᠢᠪᠡᠯ ᠨᠡᠩ ᠲᠥᠬᠦᠮ ᠪᠠᠶᠢᠳᠠᠭ᠂ ᠭᠡᠪᠡᠴᠦ ᠰᠢᠨ᠎ᠡ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ | ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ | ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ ᠬᠢᠲᠠᠳ ᠡᠮ ᠢ ᠰᠣᠩᠭᠤᠵᠤ ᠡᠪᠡᠳᠴᠢᠨ ᠤ ᠢᠯᠡᠷᠡᠯ ᠳᠤ ᠨᠢ | ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ᠃ ᠬᠡᠷᠪᠡ ᠬᠠᠯᠠᠭᠤᠨ ᠢ ᠪᠠᠭᠤᠷᠠᠭᠤᠯᠬᠤ ᠡᠸᠦ᠋ᠷᠦᠫᠡ ᠡᠮ ᠢ ᠬᠡᠷᠡᠭᠯᠡᠬᠦ ᠳᠤ᠂ | 38.5 ᠭᠷᠡᠳᠦ᠋ᠰ ᠠᠴᠠ ᠳᠡᠭᠡᠭᠰᠢ ᠪᠠᠶᠢᠪᠠᠯ ᠫᠠᠷᠠᠽᠧᠲ᠋ᠠᠮᠣᠯ ᠢ ᠰᠣᠩᠭᠤᠨ ᠬᠡᠷᠡᠭᠯᠡᠵᠦ ᠪᠣᠯᠣᠨ᠎ᠠ᠂ ᠡᠨᠡ ᠨᠢ ᠵᠢᠷᠮᠦᠰᠦᠨ | ᠬᠥᠩᠭᠡᠵᠢᠭᠰᠡᠨ ᠡᠬᠡᠴᠦᠳ ᠲᠤ ᠬᠠᠷᠢᠴᠠᠩᠭᠤᠢ ᠠᠶᠤᠯ ᠦᠭᠡᠢ ᠪᠠᠶᠢᠳᠠᠭ᠂ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ | ᠬᠠᠯᠠᠭᠤᠨ ᠢ ᠨᠢ ᠪᠠᠭᠤᠷᠠᠭᠤᠯᠬᠤ ᠡᠮ ᠢ ᠬᠡᠷᠡᠭᠯᠡᠬᠦ ᠳᠤ ᠪᠠᠨ ᠨᠢᠭᠡ ᠯᠡ ᠵᠦᠢᠯ ᠤᠨ ᠡᠮ ᠢ ᠬᠡᠷᠡᠭᠯᠡᠬᠦ ᠠᠴᠠ ᠪᠢᠰᠢ᠂ | ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ᠂ ᠡᠨᠡ ᠨᠢ ᠡᠯᠢᠭᠡ ᠪᠥᠭᠡᠷᠡᠨ ᠤ ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ | ᠪᠣᠯᠣᠨ᠎ᠠ᠃ ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ᠂ ᠭᠤᠷᠪᠠᠨ ᠲᠠᠯ᠎ᠠ ᠶᠢᠨ | ᠬᠢᠨᠠᠨ ᠰᠢᠨᠵᠢᠯᠡᠯᠲᠡ ᠶᠢ ᠠᠩᠬᠠᠷᠬᠤ ᠬᠡᠷᠡᠭᠲᠡᠢ᠂ ᠡᠨᠡ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠨᠢ ᠳᠠᠷᠤᠢ ᠪᠡᠶ᠎ᠡ ᠶᠢᠨ | ᠳᠤᠯᠠᠭᠠᠨ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ᠃ ᠡᠶᠢᠮᠦ ᠠᠴᠠ ᠵᠢᠷᠮᠦᠰᠦᠨ ᠬᠥᠩᠭᠡᠵᠢᠭᠰᠡᠨ | ᠡᠬᠡᠴᠦᠳ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠭᠦᠷ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠶᠢ ᠬᠢᠨᠠᠨ | ᠰᠢᠨᠵᠢᠯᠡᠬᠦ ᠪᠠᠭᠠᠵᠢ ᠪᠡᠯᠡᠳᠬᠡᠬᠦ ᠬᠡᠷᠡᠭᠲᠡᠢ᠃ ᠪᠠᠰᠠ ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ ᠪᠠᠶᠢᠴᠠᠭᠠᠯᠲᠠ ᠬᠢᠬᠦ | ᠬᠡᠷᠡᠭᠲᠡᠢ᠂ ᠢᠩᠭᠢᠪᠡᠯ ᠴᠢᠰᠤᠨ ᠳᠠᠷᠤᠯᠲᠠ ᠨᠢ ᠬᠡᠪ ᠤᠨ ᠪᠤᠰᠤ ᠪᠠᠶᠢᠳᠠᠯ ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ | ᠪᠣᠯᠣᠨ᠎ᠠ᠃ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ | ᠵᠢᠷᠮᠦᠰᠦᠨ ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ ᠬᠥᠳᠡᠯᠦᠯ ᠤᠨ ᠬᠢᠨᠠᠨ ᠰᠢᠨᠵᠢᠯᠡᠯᠲᠡ ᠶᠢ ᠠᠩᠬᠠᠷᠴᠤ᠂ | ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ ᠰᠢᠨᠵᠢᠯᠡᠵᠦ᠂ | ᠴᠠᠭ ᠪᠦᠷᠢ ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ ᠬᠥᠳᠡᠯᠦᠯ ᠲᠠᠢ ᠪᠠᠶᠢᠬᠤ ᠬᠡᠷᠡᠭᠲᠡᠢ᠃ ᠬᠡᠷᠪᠡ ᠦᠷᠭᠦᠯᠵᠢᠯᠡᠨ | 3 ᠡᠳᠦᠷ ᠠᠴᠠ ᠳᠡᠭᠡᠭᠰᠢ ᠬᠠᠯᠠᠭᠤᠷᠠᠬᠤ ᠡᠪᠡᠳᠴᠢᠨ ᠤ ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠡᠳ | ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ ᠦᠭᠡᠢ᠂ ᠴᠡᠭᠡᠵᠢ ᠡᠪᠡᠳᠬᠦ᠂ ᠴᠡᠭᠡᠵᠢ ᠪᠠᠭᠲᠠᠷᠠᠬᠤ᠂ ᠭᠡᠳᠡᠰᠦ ᠡᠪᠡᠳᠬᠦ | ᠵᠡᠷᠭᠡ ᠪᠠᠶᠢᠳᠠᠯ ᠢᠯᠡᠷᠡᠪᠡᠯ᠂ ᠴᠠᠭ ᠲᠤᠬᠠᠢ ᠳᠤ ᠨᠢ ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ᠂ ᠴᠠᠭ ᠲᠤᠬᠠᠢ ᠳᠤ ᠨᠢ | ᠡᠮᠴᠢᠯᠡᠭᠦᠯᠬᠦ ᠬᠡᠷᠡᠭᠲᠡᠢ᠃ ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠪᠤᠶᠤ | ᠨᠢᠭᠲᠠ ᠣᠶᠢᠷᠠᠲᠤᠭᠰᠠᠳ ᠭᠠᠷᠪᠠᠯ ᠶᠠᠭᠠᠬᠢᠬᠤ ᠪᠤᠢ︖ ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ | ᠬᠠᠯᠳᠠᠪᠤᠷᠢᠯᠠᠭᠰᠠᠳ ᠭᠠᠷᠪᠠᠯ᠂ ᠠᠶᠤᠵᠤ ᠰᠠᠨᠳᠤᠷᠤᠭᠰᠠᠨ ᠤ ᠬᠡᠷᠡᠭ ᠦᠭᠡᠢ᠃ ᠬᠡᠷᠪᠡ ᠭᠡᠷ ᠤᠨ ᠬᠥᠮᠥᠰ ᠨᠢ | ᠬᠠᠯᠳᠠᠪᠤᠷᠢᠯᠠᠭᠳᠠᠭᠰᠠᠨ ᠪᠠᠶᠢᠪᠠᠯ᠂ ᠭᠤᠣᠯᠳᠠᠭᠤ ᠭᠡᠷ ᠪᠦᠯᠢ ᠶᠢᠨ ᠨᠥᠬᠦᠴᠡᠯ ᠠᠴᠠ ᠪᠠᠨ ᠡᠭᠦᠰᠦᠨ᠂ ᠠᠯᠢ ᠴᠢᠳᠠᠬᠤ ᠪᠠᠷ | ᠣᠷᠣᠨ ᠵᠠᠢ ᠶᠢᠨ ᠲᠠᠯ᠎ᠠ ᠪᠠᠷ ᠬᠠᠷᠢᠴᠠᠩᠭᠤᠢ ᠲᠤᠰᠠᠭᠠᠷᠯᠠᠵᠤ᠂ ᠬᠠᠮᠲᠤ ᠬᠤᠭᠤᠯᠠᠯᠠᠬᠤ ᠦᠭᠡᠢ᠂ ᠠᠮᠢᠳᠤᠷᠠᠯ ᠤᠨ ᠡᠳ᠋ | ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ᠂ ᠡᠷᠡᠭᠦᠯ ᠬᠠᠮᠠᠭᠠᠯᠠᠯ ᠤᠨ ᠦᠷᠦᠭᠡ ᠪᠠᠨ ᠠᠷᠢᠭᠤᠳᠬᠠᠨ ᠴᠡᠪᠡᠷᠯᠡᠵᠦ᠂ | ᠶᠡᠷᠦ ᠶᠢᠨ ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ ᠠᠭᠠᠷ ᠰᠠᠯᠬᠢ ᠨᠡᠪᠲᠡᠷᠡᠭᠦᠯᠬᠦ ᠶᠢ ᠠᠩᠬᠠᠷᠬᠤ | ᠬᠡᠷᠡᠭᠲᠡᠢ᠃ ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ ᠢᠯᠡᠷᠡᠪᠡᠯ᠂ ᠭᠡᠷ ᠲᠤ ᠪᠠᠨ ᠠᠵᠢᠯᠯᠠᠬᠤ ᠪᠣᠯᠣᠮᠵᠢ | ᠪᠠᠶᠢᠪᠠᠯ ᠬᠠᠮᠤᠭ ᠤᠨ ᠰᠠᠶᠢᠨ᠂ ᠬᠡᠷᠪᠡ ᠠᠵᠢᠯ ᠤᠨ ᠬᠡᠷᠡᠭᠴᠡᠭᠡ ᠠᠴᠠ ᠪᠣᠯᠵᠤ ᠵᠠᠪᠠᠯ ᠬᠠᠮᠲᠤ ᠶᠢᠨ ᠣᠷᠣᠨ ᠵᠠᠢ ᠳᠤ | ᠠᠵᠢᠯᠯᠠᠬᠤ ᠱᠠᠭᠠᠷᠳᠠᠯᠭ᠎ᠠ ᠲᠠᠢ ᠪᠣᠯ᠂ ᠮᠥᠨ ᠴᠦ ᠠᠵᠢᠯᠯᠠᠬᠤ ᠣᠷᠴᠢᠨ ᠤ ᠪᠠᠨ ᠠᠭᠠᠷ ᠰᠠᠯᠬᠢ ᠨᠡᠪᠲᠡᠷᠡᠭᠦᠯᠬᠦ ᠶᠢ | ᠣᠨᠴᠠᠭᠠᠶᠢᠯᠠᠨ ᠠᠩᠬᠠᠷᠬᠤ ᠬᠡᠷᠡᠭᠲᠡᠢ᠃ ᠡᠭᠦᠨ ᠠᠴᠠ ᠭᠠᠳᠠᠨ᠎ᠠ ᠡᠷᠬᠡᠪᠰᠢ N95 ᠠᠮᠠᠪᠴᠢ ᠵᠡᠭᠦᠬᠦ ᠬᠡᠷᠡᠭᠲᠡᠢ᠂ ᠡᠨᠡ ᠨᠢ | ᠮᠠᠰᠢ ᠴᠢᠬᠤᠯᠠ ᠪᠠᠶᠢᠳᠠᠭ᠃ ᠦᠨᠡᠨ ᠳᠤ ᠪᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ | ᠰᠡᠷᠭᠡᠶᠢᠯᠡᠬᠦ ᠨᠢ ᠬᠠᠮᠤᠭ ᠠᠴᠠ ᠴᠢᠬᠤᠯᠠ ᠶᠤᠮ᠃ ᠬᠡᠦᠬᠡᠳ ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ | ᠨᠥᠭᠡᠴᠡᠯᠡᠵᠦ ᠪᠣᠯᠬᠤ ᠪᠤᠢ︖ ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ ᠦᠷᠭᠦᠯᠵᠢ ᠬᠡᠷᠡᠭᠯᠡᠳᠡᠭ ᠪᠠᠴᠢᠮ | ᠡᠪᠡᠳᠴᠢᠨ ᠢ ᠠᠷᠭᠠᠴᠠᠭᠠᠬᠤ ᠡᠮ ᠢ ᠵᠣᠬᠢᠬᠤ ᠬᠡᠮᠵᠢᠶ᠎ᠡ ᠪᠠᠷ ᠨᠥᠭᠡᠴᠡᠯᠡᠪᠡᠯ ᠵᠣᠬᠢᠨ᠎ᠠ᠂ ᠭᠡᠬᠦ ᠳᠤ ᠪᠠᠨ ᠣᠯᠠᠨ ᠵᠦᠢᠯ ᠤᠨ ᠡᠮ | ᠨᠥᠭᠡᠴᠡᠯᠡᠬᠦ ᠱᠠᠭᠠᠷᠳᠠᠯᠭ᠎ᠠ ᠦᠭᠡᠢ᠂ ᠣᠯᠠᠨ ᠵᠦᠢᠯ ᠤᠨ ᠡᠮ ᠨᠥᠭᠡᠴᠡᠯᠡᠭᠰᠡᠨ ᠴᠦ ᠵᠣᠬᠢᠰ ᠦᠭᠡᠢ ᠬᠠᠳᠠᠭᠠᠯᠠᠭᠰᠠᠨ ᠠᠴᠠ | ᠪᠣᠯᠵᠤ ᠬᠡᠦᠬᠡᠳ ᠪᠤᠷᠤᠭᠤ ᠡᠮ ᠢ ᠠᠳᠡᠭᠦᠷᠡᠨ ᠬᠡᠷᠡᠭᠯᠡᠵᠦ ᠮᠡᠳᠡᠨ᠎ᠡ᠃ ᠨᠥᠭᠡᠴᠡᠯᠡᠬᠦ ᠴᠢᠬᠤᠯᠠᠲᠠᠢ ᠡᠮ ᠠᠴᠠ | ᠲᠠᠨᠢᠯᠴᠠᠭᠤᠯᠪᠠᠯ᠂ ᠨᠢᠭᠡᠳᠦᠭᠡᠷ ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ᠂ ᠬᠡᠦᠬᠡᠳ ᠬᠠᠯᠠᠭᠤᠷᠠᠬᠤ ᠨᠢ ᠦᠷᠭᠦᠯᠵᠢ | ᠲᠣᠬᠢᠶᠠᠯᠳᠤᠳᠠᠭ ᠶᠠᠪᠤᠳᠠᠯ ᠪᠠᠶᠢᠵᠤ᠂ 6 ᠰᠠᠷ᠎ᠠ ᠠᠴᠠ ᠳᠡᠭᠡᠭᠰᠢᠬᠢ ᠬᠡᠦᠬᠡᠳ ᠲᠤ ᠪᠢᠳᠡ ᠢᠪᠦ᠋ᠫᠷᠣᠹᠧᠨ᠂ ᠫᠠᠷᠠᠽᠧᠲ᠋ᠠᠮᠣᠯ ᠢ | ᠰᠣᠩᠭᠤᠵᠤ ᠪᠣᠯᠣᠨ᠎ᠠ᠂ ᠡᠭᠦᠨ ᠤ ᠳᠣᠲᠣᠷ᠎ᠠ ᠠᠴᠠ ᠨᠢᠭᠡ ᠵᠦᠢᠯ ᠨᠢ ᠪᠠᠶᠢᠪᠠᠯ ᠪᠣᠯᠴᠢᠬᠠᠨ᠎ᠠ᠃ 2 ᠰᠠᠷ᠎ᠠ ᠠᠴᠠ 6 | ᠰᠠᠷ᠎ᠠ ᠲᠠᠢ ᠬᠡᠦᠬᠡᠳ ᠲᠤ ᠢᠪᠦ᠋ᠫᠷᠣᠹᠧᠨ ᠢ ᠬᠡᠷᠡᠭᠯᠡᠬᠦ ᠳᠤ ᠲᠣᠬᠢᠷᠠᠮᠵᠢ ᠦᠭᠡᠢ ᠤᠴᠢᠷ ᠠᠴᠠ ᠫᠠᠷᠠᠽᠧᠲ᠋ᠠᠮᠣᠯ ᠢ ᠰᠣᠩᠭᠤᠵᠤ | ᠪᠣᠯᠣᠨ᠎ᠠ᠃ ᠬᠤᠶᠠᠷ ᠰᠠᠷ᠎ᠠ ᠠᠴᠠ ᠪᠠᠭ᠎ᠠ ᠨᠢᠷᠠᠢ ᠬᠡᠦᠬᠡᠳ ᠲᠤ ᠬᠠᠯᠠᠭᠤᠨ ᠢ ᠪᠠᠭᠤᠷᠠᠭᠤᠯᠬᠤ ᠡᠩ ᠤᠨ ᠡᠮ ᠬᠡᠷᠡᠭᠯᠡᠬᠦ ᠶᠢ | ᠵᠥᠪᠯᠡᠬᠦ ᠦᠭᠡᠢ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ | ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃ ᠪᠠᠰᠠ ᠬᠠᠯᠠᠭᠤᠷᠠᠬᠤ᠂ ᠬᠠᠨᠢᠶᠠᠯᠭᠠᠬᠤ ᠮᠡᠲᠦ ᠶᠢᠨ ᠠᠮᠢᠰᠬᠤᠯ ᠤᠨ | ᠵᠠᠮ ᠤᠨ ᠬᠠᠯᠳᠠᠪᠤᠷᠢᠯᠠᠯ ᠤᠨ ᠪᠠᠶᠢᠳᠠᠯ ᠢ ᠰᠡᠷᠭᠡᠶᠢᠯᠡᠬᠦ ᠳᠤ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠡᠮ | ᠨᠥᠭᠡᠴᠡᠯᠡᠵᠦ ᠪᠣᠯᠣᠨ᠎ᠠ᠃ ᠬᠠᠨᠢᠶᠠᠯᠭᠠᠬᠤ ᠨᠢ ᠠᠮᠢᠰᠬᠤᠯ ᠤᠨ ᠵᠠᠮ ᠤᠨ ᠰᠢᠭᠦᠷᠡᠳᠡᠰᠦ ᠶᠢ ᠭᠠᠳᠠᠭᠰᠢᠯᠠᠭᠤᠯᠬᠤ ᠳᠤ ᠲᠤᠰᠠᠲᠠᠢ | ᠪᠠᠶᠢᠵᠤ᠂ ᠬᠡᠦᠬᠡᠳ ᠬᠡᠷᠪᠡ ᠬᠥᠩᠭᠡᠨ ᠬᠠᠨᠢᠶᠠᠯᠭᠠᠵᠤ ᠪᠠᠶᠢᠪᠠᠯ ᠡᠮ ᠬᠡᠷᠡᠭᠯᠡᠬᠦ ᠶᠢ ᠵᠥᠪᠯᠡᠬᠦ ᠦᠭᠡᠢ᠂ ᠬᠡᠷᠪᠡ ᠬᠠᠮᠠᠷ ᠨᠢ | ᠪᠢᠲᠡᠭᠦᠷᠡᠵᠦ᠂ ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ᠂ ᠬᠠᠮᠠᠷ ᠢ ᠨᠢ ᠤᠬᠢᠶᠠᠵᠤ ᠪᠣᠯᠣᠨ᠎ᠠ᠃ ᠡᠶᠢᠮᠦ ᠠᠴᠠ | ᠭᠡᠷ ᠲᠤ ᠪᠠᠨ ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ᠂ ᠢᠩᠭᠢᠪᠡᠯ | ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ᠃ ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ | ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ᠂ ᠡᠭᠦᠨ ᠳᠤ ᠬᠡᠦᠬᠡᠳ ᠤᠨ ᠨᠠᠰᠤ ᠶᠢ ᠦᠨᠳᠦᠰᠦᠯᠡᠨ᠂ | ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ᠃ ᠭᠡᠪᠡᠴᠦ ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ | ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ ᠰᠠᠨᠠᠭᠤᠯᠵᠤ ᠪᠠᠶᠢᠨ᠎ᠠ᠃ ᠬᠡᠦᠬᠡᠳ ᠲᠤ ᠡᠮ | ᠬᠡᠷᠡᠭᠯᠡᠬᠦ ᠳᠤ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠣᠢ︖ ᠬᠡᠦᠬᠡᠳ ᠲᠤ ᠡᠮ ᠬᠡᠷᠡᠭᠯᠡᠬᠦ ᠳᠤ ᠪᠠᠰᠠ ᠠᠩᠬᠠᠷᠬᠤ | ᠵᠦᠢᠯ ᠪᠠᠶᠢᠳᠠᠭ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ ᠡᠮ ᠶᠢ ᠬᠡᠷᠡᠭᠯᠡᠬᠦ ᠳᠤ ᠪᠠᠨ᠂ ᠬᠤᠶᠠᠷ ᠵᠦᠢᠯ ᠤᠨ ᠡᠮ ᠢ | ᠬᠠᠮᠲᠤ ᠳᠤ ᠨᠢ ᠤᠤᠭᠤᠯᠭᠠᠵᠤ ᠪᠣᠯᠬᠤ ᠦᠭᠡᠢ᠂ ᠪᠠᠰᠠ ᠡᠭᠡᠯᠵᠢᠯᠡᠨ ᠤᠤᠭᠤᠬᠤ ᠴᠢᠬᠤᠯᠠ ᠦᠭᠡᠢ᠃ | ᠲᠣᠳᠣᠷᠬᠠᠶᠢᠯᠠᠯᠲᠠ ᠶᠢᠨ ᠪᠢᠴᠢᠭ ᠲᠤ ᠨᠢ ᠵᠢᠭᠠᠭᠰᠠᠨ ᠲᠣᠬᠢᠷᠠᠬᠤ ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ ᠲᠤᠩ ᠬᠡᠮᠵᠢᠶ᠎ᠡ | ᠪᠤᠶᠤ ᠡᠮᠴᠢ ᠶᠢᠨ ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ ᠤᠳᠠᠭ᠎ᠠ ᠪᠦᠷᠢ ᠶᠢᠨ ᠬᠤᠭᠤᠷᠣᠨᠳᠤᠬᠢ ᠠᠯᠤᠰᠯᠠᠬᠤ ᠴᠠᠭ ᠢ | ᠠᠩᠬᠠᠷᠬᠤ ᠬᠡᠷᠡᠭᠲᠡᠢ᠃ ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ ᠲᠠᠭᠠᠮᠠᠭᠯᠠᠯ ᠢᠶᠠᠷ ᠢᠶᠠᠨ | ᠬᠡᠦᠬᠡᠳ ᠲᠤ ᠪᠠᠨ ᠡᠮ ᠬᠡᠷᠡᠭᠯᠡᠵᠦ ᠪᠣᠯᠬᠤ ᠦᠭᠡᠢ᠂ ᠤᠴᠢᠷ ᠨᠢ ᠬᠡᠦᠬᠡᠳ ᠤᠨ ᠡᠷᠬᠡᠲᠡᠨ ᠤ ᠪᠤᠶᠢᠵᠢᠯᠲᠠ ᠨᠢ ᠲᠡᠳᠦᠢ | ᠪᠣᠯᠪᠠᠰᠤᠷᠠᠩᠭᠤᠢ ᠪᠢᠰᠢ ᠪᠣᠯᠬᠤᠷ ᠡᠮ ᠬᠡᠷᠡᠭᠯᠡᠬᠦ ᠳᠤ ᠪᠠᠨ ᠨᠡᠩ ᠳᠦᠷᠢᠮᠵᠢᠭᠦᠨ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ᠃ | ᠣᠳᠣ ᠮᠠᠰᠢ ᠣᠯᠠᠨ ᠡᠮᠨᠡᠯᠭᠡ ᠶᠢᠨ ᠬᠤᠷᠢᠶ᠎ᠠ ᠨᠢ ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ᠂ ᠥᠪᠡᠷ ᠢᠶᠠᠨ | ᠰᠢᠢᠳᠴᠦ ᠴᠢᠳᠠᠬᠤ ᠦᠭᠡᠢ ᠦᠶ᠎ᠡ ᠳᠤ᠂ ᠪᠢᠳᠡ ᠪᠠᠰᠠ ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ | ᠮᠡᠷᠭᠡᠵᠢᠯᠲᠡᠨ ᠤ ᠡᠮ ᠬᠡᠷᠡᠭᠯᠡᠬᠦ ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ ᠪᠣᠯᠣᠨ᠎ᠠ᠃ ᠬᠡᠦᠬᠡᠳ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ ᠪᠣᠢ︖ ᠬᠡᠦᠬᠡᠳ ᠤᠨ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ ᠬᠥᠮᠥᠨ ᠤ ᠬᠢ ᠲᠠᠢ ᠠᠳᠠᠯᠢᠪᠲᠤᠷ ᠪᠠᠶᠢᠵᠤ᠂ ᠮᠥᠨ | ᠴᠦ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠢᠯᠡᠷᠡᠯ ᠪᠣᠯᠣᠨ᠎ᠠ᠃ ᠡᠭᠦᠨ ᠳᠤ ᠬᠠᠯᠠᠭᠤᠷᠠᠬᠤ᠂ | ᠬᠠᠨᠢᠶᠠᠯᠭᠠᠬᠤ᠂ ᠨᠢᠰᠤ ᠭᠤᠭᠤᠵᠢᠬᠤ᠂ ᠬᠠᠮᠠᠷ ᠪᠢᠲᠡᠭᠦᠷᠡᠬᠦ ᠵᠡᠷᠭᠡ ᠢᠯᠡᠷᠡᠯ ᠭᠠᠷᠴᠤ᠂ ᠡᠨᠡ ᠨᠢ ᠣᠯᠠᠩᠬᠢ ᠬᠡᠦᠬᠡᠳ ᠤᠨ | ᠢᠯᠡᠷᠡᠯ ᠪᠣᠯᠣᠨ᠎ᠠ᠃ ᠪᠠᠰᠠ ᠨᠢᠭᠡ ᠪᠦᠯᠦᠭ ᠨᠢ ᠲᠠᠮᠢᠷᠳᠠᠬᠤ᠂ ᠬᠤᠭᠤᠯᠠᠨ ᠤ ᠳᠤᠷᠠᠰᠢᠯ ᠮᠠᠭᠤᠳᠠᠬᠤ᠂ ᠪᠥᠭᠡᠯᠵᠢᠬᠦ᠂ | ᠴᠢᠨᠠᠭᠰᠢᠯᠠᠪᠠᠯ ᠰᠠᠭᠤᠯᠭᠠᠬᠤ ᠵᠡᠷᠭᠡ ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ᠃ ᠪᠠᠰᠠ ᠵᠠᠷᠢᠮ ᠬᠡᠦᠬᠡᠳ ᠤᠨ | ᠠᠮᠢᠰᠬᠤᠭ᠎ᠠ ᠨᠢ ᠳᠠᠪᠬᠤᠴᠠᠵᠤ᠂ ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ᠃ ᠭᠡᠪᠡᠴᠦ | ᠬᠡᠦᠬᠡᠳ ᠤᠳ ᠤᠨ ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ ᠨᠡᠯᠢᠶᠡᠳ ᠶᠡᠭᠡ ᠪᠠᠶᠢᠵᠤ᠂ ᠵᠠᠷᠢᠮ ᠬᠡᠦᠬᠡᠳ ᠨᠢ ᠨᠡᠯᠢᠶᠡᠳ | ᠥᠨᠳᠥᠷ ᠬᠠᠯᠠᠭᠤᠷᠠᠵᠤ᠂ ᠴᠢᠨᠠᠭᠰᠢᠯᠠᠪᠠᠯ 39 ᠭᠷᠡᠳᠦ᠋ᠰ ᠢ ᠳᠠᠪᠠᠨ᠂ 40 ᠭᠷᠡᠳᠦ᠋ᠰ ᠴᠦ ᠬᠦᠷᠴᠦ ᠮᠠᠭᠠᠳ᠂ ᠭᠡᠪᠡᠴᠦ | ᠲᠡᠳᠡᠨ ᠤ ᠬᠠᠯᠠᠭᠤᠷᠠᠬᠤ ᠬᠤᠭᠤᠴᠠᠭ᠎ᠠ ᠨᠢ ᠶᠡᠷᠦ ᠳᠤ ᠪᠠᠨ 2 ᠠᠴᠠ 3 ᠡᠳᠦᠷ ᠪᠠᠶᠢᠳᠠᠭ᠃ ᠪᠢᠳᠡᠨ ᠤ ᠣᠳᠣᠬᠠᠨ ᠤ | ᠠᠵᠢᠭᠯᠠᠯᠲᠠ ᠪᠠᠷ 2 ᠠᠴᠠ 3 ᠡᠳᠦᠷ ᠲᠤ ᠣᠯᠠᠩᠬᠢ ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ᠃ ᠡᠶᠢᠮᠦ ᠠᠴᠠ | ᠡᠪᠡᠳᠴᠢᠯᠡᠯᠲᠡ ᠶᠢᠨ ᠶᠠᠪᠤᠴᠠ ᠨᠢ 3 ᠠᠴᠠ 5 ᠡᠳᠦᠷ ᠣᠷᠴᠢᠮ ᠪᠠᠶᠢᠳᠠᠭ᠂ ᠡᠨᠡ ᠨᠢ ᠣᠯᠠᠩᠬᠢ ᠬᠡᠦᠬᠡᠳ ᠤᠨ ᠢᠯᠡᠷᠡᠯ | ᠪᠠᠶᠢᠵᠤ᠂ ᠬᠦᠨᠳᠦ ᠡᠪᠡᠳᠴᠢᠯᠡᠯᠲᠡ ᠤᠨ ᠲᠣᠬᠢᠶᠠᠯᠳᠤᠮᠵᠢ ᠨᠢ ᠮᠠᠰᠢ ᠳᠣᠣᠷ᠎ᠠ᠃ ᠬᠡᠷᠪᠡ ᠬᠡᠦᠬᠡᠳ ᠬᠠᠯᠠᠭᠤᠷᠠᠬᠤ ᠵᠡᠷᠭᠡ | ᠢᠯᠡᠷᠡᠯ ᠭᠠᠷᠪᠠᠯ ᠶᠠᠮᠠᠷ ᠪᠠᠶᠢᠳᠠᠯ ᠳᠤ ᠡᠮᠨᠡᠯᠭᠡ ᠳᠤ ᠣᠴᠢᠬᠤ ᠴᠢᠬᠤᠯᠠ ᠲᠠᠢ᠂ ᠶᠠᠮᠠᠷ ᠪᠠᠶᠢᠳᠠᠯ ᠳᠤ ᠣᠴᠢᠬᠤ ᠴᠢᠬᠤᠯᠠ | ᠦᠭᠡᠢ ᠪᠣᠢ︖ ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ᠂ ᠪᠢᠳᠡ ᠵᠠᠪᠠᠯ ᠬᠡᠦᠬᠡᠳ ᠤᠨ ᠴᠤᠭ | ᠰᠦᠯᠳᠡ ᠶᠢ ᠨᠢ ᠦᠵᠡᠬᠦ ᠬᠡᠷᠡᠭᠲᠡᠢ᠂ ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ ᠨᠡᠯᠢᠶᠡᠳ ᠴᠤᠭ | ᠵᠢᠪᠬᠤᠭ᠎ᠠ ᠲᠠᠢ᠂ ᠢᠯᠠᠩᠭᠤᠶ᠎ᠠ ᠬᠠᠯᠠᠭᠤᠨ ᠨᠢ ᠪᠠᠭᠤᠷᠠᠭᠰᠠᠨ ᠤ ᠳᠠᠷᠠᠭ᠎ᠠ ᠢᠳᠡᠬᠦ ᠤᠤᠭᠤᠬᠤ ᠨᠠᠭᠠᠳᠬᠤ ᠨᠢ ᠬᠡᠪ ᠤᠨ | ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ ᠰᠠᠨᠳᠤᠷᠤᠭᠰᠠᠨ ᠤ ᠬᠡᠷᠡᠭ ᠦᠭᠡᠢ᠂ ᠮᠥᠨ ᠴᠦ ᠳᠠᠷᠦ᠋ᠢᠬᠠᠨ ᠡᠮᠨᠡᠯᠭᠡ ᠳᠤ | ᠣᠴᠢᠵᠤ ᠡᠮᠨᠡᠭᠦᠯᠬᠦ ᠴᠢᠬᠤᠯᠠ ᠦᠭᠡᠢ᠂ ᠭᠡᠷ ᠲᠤ ᠪᠠᠨ ᠦᠷᠭᠦᠯᠵᠢᠯᠡᠨ ᠠᠵᠢᠭᠯᠠᠵᠤ᠂ ᠡᠪᠡᠳᠴᠢᠨ ᠤ ᠢᠯᠡᠷᠡᠯ ᠳᠤ ᠨᠢ | ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ ᠪᠣᠯᠴᠢᠬᠠᠨ᠎ᠠ᠃ ᠭᠡᠪᠡᠴᠦ ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ | ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ᠂ ᠵᠢᠱᠢᠶᠡᠯᠡᠪᠡᠯ᠂ 3 ᠡᠳᠦᠷ ᠠᠴᠠ ᠳᠡᠭᠡᠭᠰᠢ ᠬᠠᠯᠠᠭᠤᠷᠠᠵᠤ | ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ ᠣᠴᠢᠪᠠᠯ ᠵᠣᠬᠢᠨ᠎ᠠ︔ ᠳᠠᠬᠢᠪᠠᠯ ᠬᠡᠦᠬᠡᠳ ᠴᠤᠭ ᠰᠦᠯᠳᠡ ᠦᠭᠡᠢ᠂ | ᠥᠭᠡᠷ᠎ᠡ ᠪᠠᠷ ᠬᠡᠯᠡᠪᠡᠯ ᠬᠠᠯᠠᠭᠤᠨ ᠨᠢ ᠪᠠᠭᠤᠷᠠᠭᠰᠠᠨ ᠴᠤ ᠴᠤᠭ ᠰᠦᠯᠳᠡ ᠦᠭᠡᠢ ᠪᠠᠶᠢᠬᠤ᠂ ᠡᠭᠦᠨ ᠳᠤ ᠨᠢᠷᠠᠢ ᠬᠡᠦᠬᠡᠳ | ᠵᠠᠷᠢᠮ ᠳᠤ ᠪᠠᠨ ᠤᠬᠢᠯᠠᠨ ᠪᠤᠬᠢᠨᠢᠳᠤᠵᠤ ᠲᠠᠶᠢᠳᠬᠤᠷᠠᠭᠤᠯᠬᠤ ᠳᠤ ᠬᠡᠴᠡᠭᠦᠦ᠂ ᠲᠣᠮᠣ ᠬᠡᠦᠬᠡᠳ ᠳᠠᠩᠳᠠ ᠤᠨᠲᠠᠵᠤ᠂ ᠴᠤᠭ | ᠰᠦᠯᠳᠡ ᠦᠭᠡᠢ᠂ ᠴᠢᠷᠠᠢ ᠶᠢᠨ ᠥᠩᠭᠡ ᠨᠢ ᠪᠠᠷᠤᠭᠲᠠᠢ᠂ ᠡᠶᠢᠮᠦᠷᠬᠦᠦ ᠪᠠᠶᠢᠳᠠᠯ ᠳᠤ ᠪᠡᠶ᠎ᠡ ᠶᠢᠨ ᠬᠠᠯᠠᠭᠤᠨ ᠤ ᠥᠨᠳᠥᠷ | ᠳᠣᠣᠷ᠎ᠠ ᠶᠢ ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ ᠡᠮᠴᠢᠯᠡᠭᠦᠯᠬᠦ ᠬᠡᠷᠡᠭᠲᠡᠢ︔ ᠪᠠᠰᠠ ᠵᠠᠷᠢᠮ ᠪᠠᠶᠢᠳᠠᠯ ᠳᠤ | ᠬᠠᠨᠢᠶᠠᠯᠭᠠᠬᠤ ᠨᠢ ᠠᠬᠠᠳᠠᠬᠤ ᠪᠠ ᠣᠯᠠᠰᠢᠷᠠᠵᠤ᠂ ᠡᠳᠦᠷ ᠲᠤᠲᠤᠮ ᠤᠨ ᠠᠮᠢᠳᠤᠷᠠᠯ ᠪᠠ ᠤᠨᠲᠠᠵᠤ ᠠᠮᠠᠷᠠᠬᠤ ᠶᠢ ᠨᠢ | ᠨᠥᠯᠥᠭᠡᠯᠡᠬᠦ ᠳᠤ ᠬᠦᠷᠪᠡᠯ ᠳᠠᠷᠤᠢ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ︔ ᠡᠭᠦᠨ ᠠᠴᠠ ᠭᠠᠳᠠᠨ᠎ᠠ ᠪᠠᠰᠠ ᠵᠠᠷᠢᠮ | ᠬᠡᠦᠬᠡᠳ ᠠᠮᠢᠰᠬᠤᠭᠠᠳᠠᠬᠤ᠂ ᠠᠮᠢᠰᠬᠤᠭ᠎ᠠ ᠨᠢ ᠲᠦᠷᠭᠡᠰᠴᠦ᠂ ᠴᠢᠨᠠᠭᠰᠢᠯᠠᠭᠠᠳ ᠠᠮᠢᠰᠬᠤᠯ ᠴᠢᠬᠤᠯᠳᠠᠬᠤ᠂ ᠳᠠᠭᠤ ᠨᠢ | ᠨᠡᠯᠢᠶᠡᠳ ᠰᠥᠭᠡᠩᠭᠢ ᠪᠣᠯᠬᠤ ᠵᠡᠷᠭᠡ ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ᠂ ᠮᠥᠭᠡᠷᠰᠦᠨ ᠬᠤᠭᠤᠯᠠᠢ ᠶᠢᠨ | ᠦᠷᠪᠢᠰᠦᠯ ᠪᠠᠶᠢᠵᠤ ᠮᠠᠭᠠᠳ ᠤᠴᠢᠷ ᠠᠴᠠ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ ᠤᠬᠠᠭᠠᠨ | ᠠᠯᠳᠠᠵᠤ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ ᠳᠠᠷᠦ᠋ᠢᠬᠠᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃ | ᠣᠨᠴᠠᠭᠠᠶᠢᠯᠠᠨ ᠠᠩᠬᠠᠷᠤᠭᠤᠰᠢᠲᠠᠢ ᠨᠢ᠂ ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ | ᠭᠤᠷᠪᠠᠨ ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ᠂ ᠬᠡᠷᠪᠡ | ᠬᠠᠯᠠᠭᠤᠷᠠᠬᠤ ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ ᠣᠴᠢᠵᠤ ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ᠃ | ᠨᠠᠰᠤᠲᠠᠶᠢᠴᠤᠳ ᠨᠠᠰᠤᠲᠠᠶᠢᠴᠤᠳ ᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠪᠣᠢ︖ ᠡᠩ | ᠲᠡᠷᠢᠭᠦᠨ ᠳᠤ᠂ ᠸᠠᠺᠼᠢᠨ ᠳᠠᠷᠢᠬᠤ ᠬᠡᠷᠡᠭᠲᠡᠢ᠃ ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ ᠴᠢᠩᠭᠠᠳᠬᠠᠭᠰᠠᠨ | ᠸᠠᠺᠼᠢᠨ ᠤ ᠲᠠᠷᠢᠯᠭ᠎ᠠ ᠬᠢᠬᠦ ᠵᠡᠷᠭᠡ ᠶᠢ ᠪᠠᠭᠲᠠᠭᠠᠨ᠎ᠠ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠨᠠᠰᠤᠲᠠᠶᠢᠴᠤᠳ ᠤᠨ | ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ ᠪᠣᠯᠣᠨ᠎ᠠ᠃ ᠬᠤᠶᠠᠳᠤᠭᠠᠷ ᠲᠤ᠂ ᠣᠲᠣ ᠶᠢᠨ | ᠪᠠᠶᠢᠳᠠᠯ ᠳᠣᠣᠷ᠎ᠠ᠂ ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ ᠪᠠᠶᠢᠨ᠎ᠠ᠂ ᠢᠯᠠᠩᠭᠤᠶ᠎ᠠ ᠬᠥᠮᠥᠨ | ᠣᠯᠠᠨ ᠴᠤᠭᠯᠠᠷᠠᠳᠠᠭ ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠂ ᠬᠡᠷᠪᠡ ᠵᠠᠪᠠᠯ | ᠣᠴᠢᠬᠤ ᠴᠢᠬᠤᠯᠠ ᠲᠠᠢ ᠪᠣᠯ ᠠᠮᠠᠪᠴᠢ ᠪᠠᠨ ᠰᠠᠶᠢᠲᠤᠷ ᠵᠡᠭᠦᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠦᠬᠦ᠋ᠢᠯᠡ | ᠶᠠᠪᠤᠴᠠ ᠳᠤ᠂ ᠭᠠᠳᠠᠭᠠᠳᠤ ᠣᠷᠴᠢᠨ ᠲᠠᠢ ᠣᠶᠢᠷᠠᠳᠬᠤ ᠪᠠᠨ ᠠᠯᠢ ᠴᠢᠳᠠᠬᠤ ᠪᠠᠷ ᠪᠠᠭᠠᠰᠬᠠᠵᠤ᠂ ᠪᠤᠴᠠᠵᠤ ᠢᠷᠡᠪᠡᠯ | ᠭᠠᠷ ᠢᠶᠠᠨ ᠵᠠᠪᠠᠯ ᠤᠬᠢᠶᠠᠬᠤ ᠬᠡᠷᠡᠭᠲᠡᠢ᠃ ᠭᠤᠷᠪᠠᠳᠤᠭᠠᠷ ᠲᠤ᠂ ᠢᠯᠡᠭᠦᠬᠡᠨ ᠰᠠᠯᠬᠢ ᠨᠡᠪᠲᠡᠷᠡᠭᠦᠯᠦᠨ᠎ᠡ᠃ ᠣᠲᠣ ᠶᠠᠭ | ᠡᠪᠦᠯ ᠤᠨ ᠤᠯᠠᠷᠢᠯ ᠪᠣᠯᠵᠤ᠂ ᠢᠯᠠᠩᠭᠤᠶ᠎ᠠ ᠤᠮᠠᠷᠠᠲᠤ ᠣᠷᠣᠨ ᠤ ᠠᠭᠤᠷ ᠠᠮᠢᠰᠬᠤᠯ ᠨᠡᠯᠢᠶᠡᠳ ᠬᠦᠢᠲᠡᠨ ᠪᠣᠯᠬᠤᠷ ᠰᠠᠯᠬᠢ | ᠨᠡᠪᠲᠡᠷᠡᠭᠦᠯᠬᠦ ᠶᠠᠪᠤᠴᠠ ᠳᠤ ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ ᠠᠩᠬᠠᠷᠴᠤ᠂ ᠨᠠᠰᠤᠲᠠᠶᠢᠴᠤᠳ ᠢ | ᠥᠭᠡᠷ᠎ᠡ ᠨᠢᠭᠡ ᠥᠷᠥᠭᠡᠨ ᠳᠤ ᠣᠷᠣᠭᠤᠯᠵᠤ ᠪᠣᠯᠣᠨ᠎ᠠ᠂ ᠰᠠᠯᠬᠢ ᠨᠡᠪᠲᠡᠷᠡᠭᠦᠯᠦᠭᠰᠡᠨ ᠤ ᠳᠠᠷᠠᠭ᠎ᠠ᠂ ᠭᠡᠷ ᠤᠨ ᠳᠤᠯᠠᠭᠠᠨ | ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠨᠠᠰᠤᠲᠠᠶᠢᠴᠤᠳ ᠢ ᠰᠠᠶ᠋ᠢ ᠲᠣᠰ ᠥᠷᠥᠭᠡᠨ ᠳᠤ ᠨᠢ ᠪᠤᠴᠠᠭᠠᠨ᠎ᠠ᠃ | ᠳᠥᠷᠪᠡᠳᠦᠭᠡᠷ ᠲᠤ᠂ ᠨᠠᠰᠤᠲᠠᠶᠢᠴᠤᠳ ᠲᠤ ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ᠂ | ᠰᠠᠭᠤᠷᠢ ᠡᠪᠡᠳᠴᠢᠨ ᠢ ᠣᠳᠣᠬᠢ ᠱᠠᠲᠤᠨ ᠳᠤ ᠵᠠᠪᠠᠯ ᠰᠠᠶᠢᠲᠤᠷ ᠡᠵᠡᠮᠳᠡᠵᠦ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ | ᠠᠶᠤᠭᠠᠳ ᠡᠮ ᠢᠶᠠᠨ ᠵᠣᠭᠰᠣᠭᠠᠵᠤ ᠪᠣᠯᠬᠤ ᠦᠭᠡᠢ᠂ ᠡᠯ᠎ᠡ ᠵᠦᠢᠯ ᠤᠨ ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ | ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ ᠠᠪᠤᠭᠤᠯᠵᠤ ᠪᠣᠯᠣᠨ᠎ᠠ᠃ ᠲᠠᠪᠤᠳᠤᠭᠠᠷ ᠲᠤ᠂ | ᠨᠠᠰᠤᠲᠠᠶᠢᠴᠤᠳ ᠣᠶᠢᠷ᠎ᠠ ᠶᠢᠨ ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ ᠠᠮᠢᠳᠤᠷᠠᠵᠤ᠂ ᠬᠡᠲᠦᠷᠬᠡᠢ ᠰᠠᠨᠳᠤᠷᠬᠤ | ᠬᠡᠷᠡᠭ ᠦᠭᠡᠢ᠃ ᠵᠢᠮ᠎ᠡ ᠶᠣᠰᠣ ᠲᠠᠢ ᠪᠠᠷ ᠤᠨᠲᠠᠵᠤ ᠠᠮᠠᠷᠠᠨ᠂ ᠰᠢᠮ᠎ᠡ ᠲᠡᠵᠢᠭᠡᠯ ᠢᠶᠠᠨ ᠪᠠᠲᠤᠯᠠᠬᠤ ᠬᠡᠷᠡᠭᠲᠡᠢ᠂ ᠭᠡᠪᠡᠴᠦ | ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠠᠷᠢᠬᠢ ᠡᠳ᠋ᠯᠡᠬᠦ ᠪᠠᠨ ᠠᠯᠢ ᠴᠢᠳᠠᠬᠤ ᠪᠠᠷ | ᠪᠠᠭᠠᠰᠬᠠᠨ᠎ᠠ᠃ ᠬᠡᠷᠪᠡ ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ ᠣᠶᠢᠷ᠎ᠠ ᠶᠢᠨ | ᠬᠤᠭᠤᠴᠠᠭᠠᠨ ᠳᠤ ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ᠂ ᠸᠢᠷᠦ᠋ᠰ ᠯᠡᠪᠡᠷᠡᠬᠦ ᠲᠣᠬᠢᠶᠠᠯ ᠢ | ᠪᠠᠭᠠᠰᠬᠠᠵᠤ ᠪᠣᠯᠣᠨ᠎ᠠ᠃ ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ | ᠨᠠᠰᠤᠲᠠᠶᠢᠴᠤᠳ ᠥᠪᠡᠷ ᠢ ᠪᠠᠨ ᠬᠡᠷᠬᠢᠨ ᠰᠠᠶᠢᠲᠤᠷ ᠬᠠᠮᠠᠭᠠᠯᠠᠬᠤ ᠪᠣᠶ︖ ᠬᠡᠷᠪᠡ ᠬᠠᠮᠲᠤ ᠠᠮᠢᠳᠤᠷᠠᠵᠤ ᠪᠠᠶᠢᠭ᠎ᠠ | ᠬᠥᠮᠥᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ᠂ ᠨᠠᠰᠤᠲᠠᠶᠢᠴᠤᠳ ᠤᠨ ᠸᠢᠷᠦ᠋ᠰ ᠲᠠᠢ | ᠣᠶᠢᠷᠠᠳᠬᠤ ᠲᠣᠬᠢᠶᠠᠯ ᠢ ᠠᠯᠢ ᠴᠢᠳᠠᠬᠤ ᠪᠠᠷ ᠪᠠᠭᠠᠰᠬᠠᠬᠤ ᠪᠣᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ ᠬᠡᠷᠪᠡ | ᠨᠥᠬᠦᠴᠡᠯ ᠲᠠᠢ ᠪᠣᠯ ᠨᠠᠰᠤᠲᠠᠶᠢᠴᠤᠳ ᠢ ᠥᠭᠡᠷ᠎ᠡ ᠨᠢᠭᠡ ᠣᠷᠣᠨ ᠰᠠᠭᠤᠴᠠ ᠳᠤ ᠠᠪᠠᠴᠢᠨ ᠰᠠᠭᠤᠯᠭᠠᠵᠤ ᠪᠣᠯᠣᠨ᠎ᠠ᠃ ᠬᠡᠷᠪᠡ | ᠨᠥᠬᠦᠴᠡᠯ ᠦᠭᠡᠢ ᠪᠣᠯ ᠨᠢᠭᠡᠨ ᠲᠤᠰᠠᠭᠠᠷ ᠦᠷᠦᠭᠡ ᠭᠠᠷᠭᠠᠵᠤ᠂ ᠡᠭᠦᠳᠡ ᠪᠠᠨ ᠰᠠᠶᠢᠲᠤᠷ ᠬᠠᠭᠠᠵᠤ᠂ ᠰᠠᠯᠬᠢ | ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠰᠠᠯᠬᠢ ᠨᠡᠪᠲᠡᠷᠡᠭᠦᠯᠬᠦ ᠳᠤ ᠠᠩᠬᠠᠷᠬᠤ ᠵᠦᠢᠯ ᠨᠢ ᠳᠡᠭᠡᠷ᠎ᠡ ᠳᠤᠷᠠᠳᠤᠭᠰᠠᠨ ᠲᠠᠢ | ᠠᠳᠠᠯᠢ ᠶᠤᠮ᠃ ᠪᠠᠰᠠ ᠨᠢᠭᠡ ᠵᠦᠢᠯ ᠭᠡᠪᠡᠯ᠂ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠬᠤ ᠬᠡᠷᠡᠭᠲᠡᠢ᠂ | ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ ᠲᠣᠭᠤᠷᠢᠨ ᠳᠤ᠂ ᠵᠢᠱᠢᠶᠡᠯᠡᠪᠡᠯ ᠵᠣᠷᠯᠣᠩ᠂ ᠡᠭᠦᠳᠡᠨ ᠤ ᠪᠠᠷᠢᠭᠤᠯ᠂ | ᠤᠰᠤᠨ ᠴᠣᠷᠭᠤ ᠳᠤ ᠡᠪᠡᠳᠴᠢᠲᠡᠨ ᠬᠦᠷᠦᠯᠴᠡᠭᠰᠡᠨ ᠤ ᠳᠠᠷᠠᠭ᠎ᠠ ᠵᠠᠪᠠᠯ ᠠᠷᠢᠭᠤᠳᠬᠠᠬᠤ ᠬᠡᠷᠡᠭᠲᠡᠢ᠃ ᠡᠭᠦᠨ ᠠᠴᠠ ᠭᠠᠳᠠᠨ᠎ᠠ᠂ | ᠨᠠᠰᠤᠲᠠᠶᠢᠴᠤᠳ ᠤᠨ ᠪᠠᠶᠢᠳᠠᠯ ᠤᠨ ᠬᠤᠪᠢᠷᠠᠯᠲᠠ ᠶᠢ ᠠᠩᠬᠠᠷᠴᠤ᠂ ᠬᠡᠷᠪᠡ ᠠᠰᠠᠭᠤᠳᠠᠯ ᠭᠠᠷᠪᠠᠯ ᠡᠷᠲᠡᠬᠡᠨ ᠢᠯᠭᠠᠨ | ᠲᠣᠳᠣᠯᠠᠵᠤ᠂ ᠡᠷᠲᠡᠬᠡᠨ ᠣᠨᠣᠰᠢᠯᠠᠬᠤ ᠬᠡᠷᠡᠭᠲᠡᠢ᠃ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖ ᠨᠢᠭᠡᠳᠦᠭᠡᠷ ᠲᠤ᠂ ᠨᠠᠰᠤᠲᠠᠶᠢᠴᠤᠳ ᠬᠡᠷᠪᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ ᠶᠠᠭᠤᠨ ᠤ ᠡᠮᠦᠨ᠎ᠡ ᠠᠵᠢᠭᠯᠠᠯᠲᠠ ᠪᠠ ᠬᠢᠨᠠᠨ ᠰᠢᠨᠵᠢᠯᠡᠯᠲᠡ ᠶᠢ ᠴᠢᠩᠭᠠᠳᠬᠠᠬᠤ | ᠬᠡᠷᠡᠭᠲᠡᠢ᠃ ᠬᠤᠶᠠᠳᠤᠭᠠᠷ ᠲᠤ᠂ ᠡᠳᠦᠷ ᠲᠤᠲᠤᠮ ᠤᠨ ᠰᠤᠪᠢᠯᠠᠯᠲᠠ ᠶᠢ ᠴᠢᠩᠭᠠᠳᠬᠠᠬᠤ ᠬᠡᠷᠡᠭᠲᠡᠢ᠂ ᠡᠨᠡ ᠬᠦ ᠡᠳᠦᠷ | ᠲᠤᠲᠤᠮ ᠤᠨ ᠰᠤᠪᠢᠯᠠᠯᠲᠠ ᠳᠤ ᠬᠠᠷᠠᠰᠣ ᠢᠳᠡᠭᠡᠨ ᠤᠮᠳᠠᠭᠠᠨ ᠢ ᠪᠠᠭᠲᠠᠭᠠᠨ᠎ᠠ᠃ ᠨᠠᠰᠤᠲᠠᠢ ᠬᠥᠮᠥᠨ | ᠬᠠᠯᠳᠠᠪᠤᠷᠢᠯᠠᠭᠳᠠᠭᠰᠠᠨ ᠤ ᠳᠠᠷᠠᠭ᠎ᠠ ᠬᠤᠳᠣᠭᠤᠳᠤ ᠭᠡᠳᠡᠰᠦᠨ ᠤ ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ ᠢᠳᠡᠵᠦ | ᠣᠯᠠᠨ ᠤᠳᠠᠭ᠎ᠠ ᠬᠤᠭᠤᠯᠠᠯᠠᠵᠤ᠂ ᠨᠢᠭᠡ ᠤᠳᠠᠭ᠎ᠠ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ ᠪᠥᠭᠡᠯᠵᠢᠬᠦ ᠠᠴᠠ | ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ ᠡᠭᠦᠨ ᠠᠴᠠ ᠭᠠᠳᠠᠨ᠎ᠠ ᠨᠠᠰᠤᠲᠠᠶᠢᠴᠤᠳ ᠤᠨ ᠤᠨᠲᠠᠵᠤ ᠠᠮᠠᠷᠠᠬᠤ ᠶᠢ ᠪᠠᠲᠤᠯᠠᠬᠤ | ᠬᠡᠷᠡᠭᠲᠡᠢ︔ ᠪᠠᠰᠠ ᠵᠣᠬᠢᠬᠤ ᠬᠡᠮᠵᠢᠶᠡᠨ ᠤ ᠤᠰᠤ ᠨᠥᠬᠦᠪᠦᠷᠢᠯᠡᠬᠦ ᠬᠡᠷᠡᠭᠲᠡᠢ᠂ ᠤᠰᠤᠨ ᠤ ᠬᠡᠮᠵᠢᠶ᠎ᠡ ᠶᠢ ᠢᠳᠡᠭᠡᠨ | ᠤᠮᠳᠠᠭᠠᠨ ᠲᠠᠢ ᠠᠳᠠᠯᠢ ᠪᠠᠶᠢᠯᠭᠠᠵᠤ᠂ ᠪᠡᠶ᠎ᠡ ᠶᠢᠨ ᠳᠤᠯᠠᠭᠠᠨ ᠪᠠ ᠬᠥᠯᠥᠰᠦ ᠭᠠᠷᠬᠤ ᠪᠠᠶᠢᠳᠠᠯ ᠲᠠᠢ ᠨᠢ ᠤᠶᠠᠯᠳᠤᠭᠤᠯᠤᠨ | ᠵᠣᠬᠢᠰᠲᠠᠢ ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ᠃ ᠤᠰᠤ ᠶᠢ ᠪᠠᠰᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ | ᠨᠥᠬᠦᠪᠦᠷᠢᠯᠡᠵᠦ᠂ ᠨᠢᠭᠡ ᠤᠳᠠᠭ᠎ᠠ ᠶᠡᠭᠡ ᠬᠡᠮᠵᠢᠶᠡᠨ ᠤ ᠤᠰᠤ ᠨᠥᠬᠦᠪᠦᠷᠢᠯᠡᠭᠡᠳ ᠬᠤᠳᠣᠭᠤᠳᠤ ᠭᠡᠳᠡᠰᠦ ᠨᠢ ᠡᠪ ᠦᠭᠡᠶᠢᠷᠡᠬᠦ | ᠪᠠ ᠵᠢᠷᠦᠬᠡᠨ ᠤ ᠳᠠᠷᠤᠭᠠᠰᠤ ᠶᠢ ᠨᠢ ᠬᠦᠨᠳᠦᠷᠡᠭᠦᠯᠬᠦ ᠠᠴᠠ ᠰᠡᠷᠭᠡᠶᠢᠯᠡᠬᠦ ᠬᠡᠷᠡᠭᠲᠡᠢ᠃ ᠭᠤᠷᠪᠠᠳᠤᠭᠠᠷ ᠲᠤ᠂ ᠬᠠᠯᠠᠭᠤᠨ ᠢ | ᠪᠠᠭᠤᠷᠠᠭᠤᠯᠬᠤ ᠡᠮ ᠢ ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠵᠤ᠂ ᠪᠡᠶ᠎ᠡ ᠶᠢᠨ ᠳᠤᠯᠠᠭᠠᠨ ᠨᠢ | ᠬᠡᠳᠦᠢ ᠥᠨᠳᠥᠷ᠂ ᠨᠠᠰᠤ ᠨᠢ ᠬᠡᠳᠦᠢ ᠥᠨᠳᠥᠷ ᠪᠣᠯ᠂ ᠡᠮ ᠬᠡᠷᠡᠭᠯᠡᠬᠦ ᠳᠤ ᠪᠠᠨ ᠨᠡᠩ ᠪᠣᠯᠭᠤᠮᠵᠢᠲᠠᠢ ᠪᠠᠶᠢᠬᠤ ᠬᠡᠷᠡᠭᠲᠡᠢ᠃ | ᠡᠭᠦᠨ ᠳᠤ 38℃ ᠲᠤ 1 ᠦᠷᠢᠯ᠂ 39℃ ᠲᠤ 2 ᠦᠷᠢᠯ ᠭᠡᠬᠦ ᠮᠡᠲᠦ ᠪᠠᠷ ᠬᠡᠷᠡᠭᠯᠡᠬᠦ ᠪᠢᠰᠢ᠃ ᠬᠠᠯᠠᠭᠤᠷᠠᠬᠤ ᠨᠢ ᠬᠡᠳᠦᠢ | ᠥᠨᠳᠥᠷ ᠪᠣᠯᠬᠤ ᠲᠤᠳᠤᠮ᠂ ᠡᠮ ᠬᠡᠷᠡᠭᠯᠡᠬᠦ ᠳᠤ ᠪᠠᠨ ᠲᠡᠳᠦᠢ ᠪᠣᠯᠭᠤᠮᠵᠢᠲᠠᠢ ᠪᠠᠶᠢᠬᠤ ᠬᠡᠷᠡᠭᠲᠡᠢ᠃ ᠡᠨᠡ ᠨᠢ ᠭᠤᠣᠯᠳᠠᠭᠤ | ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠰᠡᠨ ᠤ ᠳᠠᠷᠠᠭ᠎ᠠ ᠨᠢᠭᠡ ᠤᠳᠠᠭ᠎ᠠ ᠶᠡᠭᠡ ᠬᠡᠮᠵᠢᠶᠡᠨ ᠤ | ᠬᠥᠯᠥᠰᠦ ᠭᠠᠷᠬᠤ ᠠᠴᠠ ᠪᠣᠯᠵᠤ ᠲᠠᠮᠢᠷᠳᠠᠨ ᠮᠠᠨᠠᠷᠠᠬᠤ ᠪᠤᠶᠤ ᠴᠢᠨᠠᠭᠰᠢᠯᠠᠪᠠᠯ ᠴᠢᠰᠤᠨ ᠳᠠᠷᠤᠯᠲᠠ ᠳᠣᠣᠷ᠎ᠠ ᠪᠣᠯᠬᠤ | ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ᠃ ᠡᠭᠦᠨ ᠢ ᠤᠯᠠᠨ ᠳᠤ ᠣᠨᠴᠠᠭᠠᠶᠢᠯᠠᠨ ᠰᠠᠨᠠᠭᠤᠯᠵᠤ ᠪᠠᠶᠢᠨ᠎ᠠ᠃ | ᠡᠭᠦᠨ ᠠᠴᠠ ᠭᠠᠳᠠᠨ᠎ᠠ᠂ ᠡᠨᠡ ᠬᠤᠭᠤᠴᠠᠭᠠᠨ ᠳᠤ ᠬᠠᠯᠠᠭᠤᠨ ᠢ ᠪᠠᠭᠤᠷᠠᠭᠤᠯᠬᠤ ᠶᠢ ᠤᠳᠠᠭᠠᠰᠢᠷᠠᠭᠤᠯᠵᠤ᠂ ᠹᠢᠽᠢᠺ ᠤᠨ | ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠳᠤ ᠪᠠᠨ | ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ ᠵᠠᠶᠢᠯᠠᠰᠬᠢᠨ᠎ᠡ᠃ ᠪᠠᠰᠠ ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ | ᠵᠣᠷ ᠤᠨ ᠨᠠᠶᠢᠷᠠᠯᠭ᠎ᠠ ᠲᠠᠢ ᠪᠠᠶᠢᠵᠤ᠂ ᠡᠰᠡᠷᠭᠦ ᠫᠠᠷᠠᠽᠧᠲ᠋ᠠᠮᠣᠯ ᠠᠭᠤᠯᠵᠤ ᠮᠡᠳᠡᠨ᠎ᠡ᠂ ᠬᠡᠷᠪᠡ ᠡᠳᠡᠭᠡᠷ ᠡᠮ ᠢ ᠬᠠᠮᠲᠤ ᠳᠤ ᠨᠢ | ᠬᠡᠷᠡᠭᠯᠡᠪᠡᠯ ᠡᠮ ᠤᠨ ᠬᠡᠮᠵᠢᠶ᠎ᠡ ᠨᠢ ᠬᠡᠲᠦᠷᠡᠬᠦ ᠪᠠᠶᠢᠳᠠᠯ ᠭᠠᠷᠴᠤ ᠮᠡᠳᠡᠨ᠎ᠡ᠃ ᠡᠶᠢᠮᠦ ᠠᠴᠠ ᠡᠷᠬᠡᠪᠰᠢ ᠡᠮ ᠤᠨ | ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ ᠯᠠᠪᠯᠠᠬᠤ ᠬᠡᠷᠡᠭᠲᠡᠢ᠃ ᠳᠥᠷᠪᠡᠳᠦᠭᠡᠷ ᠲᠤ᠂ ᠬᠢᠲᠠᠳ ᠪᠡᠯᠡᠨ ᠡᠮ᠃ | ᠬᠢᠲᠠᠳ ᠪᠡᠯᠡᠨ ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ᠂ ᠵᠠᠪᠠᠯ ᠴᠥᠭᠡᠨ ᠮᠥᠷᠲᠡᠭᠡᠨ ᠨᠠᠷᠢᠯᠢᠭ ᠪᠠᠶᠢᠬᠤ ᠬᠡᠷᠡᠭᠲᠡᠢ᠃ | ᠨᠢᠭᠡ ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ᠂ ᠠᠳᠠᠯᠢ ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ | ᠡᠮ ᠢ ᠬᠠᠮᠲᠤ ᠳᠤ ᠨᠢ ᠬᠡᠷᠡᠭᠯᠡᠵᠦ ᠪᠣᠯᠬᠤ ᠦᠭᠡᠢ᠃ ᠲᠠᠪᠤᠳᠤᠭᠠᠷ ᠲᠤ᠂ ᠰᠠᠭᠤᠷᠢ ᠡᠪᠡᠳᠴᠢᠨ ᠳᠠᠪᠬᠤᠴᠠᠭᠰᠠᠨ | ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠠᠳᠡ ᠬᠤᠶᠠᠷ | ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ᠃ ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ ᠰᠡᠷᠭᠡᠶᠢᠯᠡᠬᠦ | ᠡᠮ᠂ ᠤᠴᠢᠷ ᠨᠢ ᠬᠠᠯᠠᠭᠤᠷᠠᠭᠰᠠᠨ ᠠᠴᠠ ᠪᠣᠯᠵᠤ ᠶᠡᠭᠡ ᠬᠡᠮᠵᠢᠶᠡᠨ ᠤ ᠤᠰᠤ ᠠᠯᠳᠠᠭᠳᠠᠵᠤ ᠴᠢᠰᠤᠨ ᠳᠠᠷᠤᠯᠲᠠ ᠶᠢ | ᠪᠠᠭᠤᠷᠠᠭᠤᠯᠵᠤ ᠮᠡᠳᠡᠨ᠎ᠡ᠃ ᠬᠠᠯᠠᠭᠤᠷᠠᠵᠤ ᠪᠠᠶᠢᠭ᠎ᠠ ᠬᠤᠭᠤᠴᠠᠭᠠᠨ ᠳᠤ᠂ ᠣᠨᠴᠠᠭᠠᠶᠢᠯᠠᠨ ᠬᠠᠯᠠᠭᠤᠨ ᠢ ᠪᠠᠭᠤᠷᠠᠭᠤᠯᠬᠤ ᠡᠮ | ᠬᠡᠷᠡᠭᠯᠡᠬᠦ ᠦᠶ᠎ᠡ ᠳᠤ ᠡᠷᠬᠡᠪᠰᠢ ᠴᠢᠰᠤᠨ ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ ᠬᠡᠷᠡᠭᠲᠡᠢ᠃ ᠬᠡᠷᠪᠡ ᠴᠢᠰᠤᠨ | ᠳᠠᠷᠤᠯᠲᠠ ᠨᠢ ᠳᠣᠣᠷᠠᠳᠠᠵᠤ ᠬᠡᠪ ᠤᠨ ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠨ | ᠬᠡᠮᠵᠢᠶ᠎ᠡ ᠶᠢ ᠪᠠᠭᠠᠰᠬᠠᠬᠤ ᠪᠤᠶᠤ ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ᠂ ᠴᠢᠰᠤᠨ ᠳᠠᠷᠤᠯᠲᠠ ᠨᠢ ᠬᠡᠪ ᠤᠨ | ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ᠃ ᠨᠥᠭᠦᠭᠡ ᠨᠢᠭᠡ ᠨᠢ ᠴᠢᠰᠤᠨ ᠰᠢᠬᠢᠷ ᠢ | ᠪᠠᠭᠤᠷᠠᠭᠤᠯᠬᠤ ᠡᠮ ᠪᠣᠯᠣᠨ᠎ᠠ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ | ᠢᠳᠡᠬᠦ ᠬᠤᠭᠤᠯᠠᠨ ᠤ ᠬᠡᠮᠵᠢᠶ᠎ᠡ ᠨᠢ ᠮᠠᠰᠢ ᠪᠠᠭᠠᠳᠠᠵᠤ ᠮᠡᠳᠡᠨ᠎ᠡ᠂ ᠡᠶᠢᠮᠦ ᠠᠴᠠ ᠪᠢᠳᠡ ᠴᠢᠰᠤᠨ ᠰᠢᠬᠢᠷ ᠤᠨ ᠬᠤᠪᠢᠷᠠᠯᠲᠠ ᠶᠢ | ᠬᠢᠨᠠᠨ ᠰᠢᠨᠵᠢᠯᠡᠵᠦ᠂ ᠴᠢᠰᠤᠨ ᠰᠢᠬᠢᠷ ᠳᠣᠣᠷ᠎ᠠ ᠪᠣᠯᠬᠤ ᠠᠴᠠ ᠰᠡᠷᠭᠡᠶᠢᠯᠡᠬᠦ ᠬᠡᠷᠡᠭᠲᠡᠢ᠃ ᠬᠠᠮᠤᠭ ᠤᠨ ᠰᠡᠬᠦᠯ ᠳᠤ᠂ | ᠨᠠᠰᠤᠲᠠᠶᠢᠴᠤᠳ ᠲᠤ ᠣᠨᠴᠠᠭᠠᠶᠢᠯᠠᠨ ᠰᠠᠨᠠᠭᠤᠯᠬᠤ ᠨᠢ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ | ᠨᠡᠷᠪᠡᠭᠳᠡᠪᠡᠯ᠂ ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ᠂ ᠵᠠᠯᠠᠭᠤᠴᠤᠳ ᠲᠤ ᠴᠤ ᠡᠶᠢᠮᠦ ᠲᠥᠷᠥᠭᠳᠡᠯ ᠪᠠᠶᠢᠵᠤ | ᠮᠡᠳᠡᠨ᠎ᠡ᠃ ᠬᠠᠯᠠᠭᠤᠷᠠᠭᠰᠠᠨ ᠤ ᠲᠠᠷᠠᠭ᠎ᠠ ᠵᠠᠮ ᠶᠠᠪᠤᠬᠤ ᠳᠤ ᠪᠠᠨ ᠵᠢᠭᠠᠬᠠᠨ ᠬᠠᠶᠢᠪᠠᠯᠵᠠᠬᠤ ᠪᠣᠯᠣᠨ᠎ᠠ᠂ ᠨᠠᠰᠤᠲᠠᠶᠢᠴᠤᠳ ᠲᠤ | ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ ᠣᠶᠢᠴᠢᠳᠠᠭ᠂ ᠣᠶᠢᠴᠢᠭᠰᠠᠨ ᠤ ᠲᠠᠷᠠᠭ᠎ᠠ ᠠᠮᠠᠷᠬᠠᠨ ᠶᠠᠰᠤ | ᠬᠤᠭᠤᠷᠠᠳᠠᠭ ᠶᠤᠮ᠃ ᠡᠶᠢᠮᠦ ᠠᠴᠠ ᠨᠠᠰᠤᠲᠠᠶᠢᠴᠤᠳ ᠬᠠᠯᠠᠭᠤᠷᠠᠬᠤ᠂ ᠨᠡᠯᠢᠶᠡᠳ ᠲᠠᠮᠢᠷᠳᠠᠬᠤ ᠦᠶ᠎ᠡ ᠳᠤ ᠣᠶᠢᠴᠢᠬᠤ ᠠᠴᠠ | ᠣᠨᠴᠠ ᠰᠡᠷᠭᠡᠶᠢᠯᠡᠬᠦ ᠬᠡᠷᠡᠭᠲᠡᠢ᠃ ᠶᠠᠮᠠᠷ ᠪᠠᠶᠢᠳᠠᠯ ᠳᠤ ᠨᠠᠰᠤᠲᠠᠶᠢᠴᠤᠳ ᠤᠨ ᠡᠮᠨᠡᠯᠭᠡ ᠳᠤ ᠣᠴᠢᠵᠤ ᠡᠮᠨᠡᠭᠦᠯᠬᠦ ᠶᠢ | ᠪᠣᠳᠣᠯᠬᠢᠯᠠᠬᠤ ᠴᠢᠬᠤᠯᠠᠲᠠᠢ ᠪᠣᠶ︖ ᠨᠢᠭᠡᠳᠦᠭᠡᠷ ᠲᠤ᠂ ᠡᠪᠡᠳᠴᠢᠨ ᠤ ᠢᠯᠡᠷᠡᠯ ᠨᠢ ᠦᠷᠭᠦᠯᠵᠢᠯᠡᠬᠦ ᠪᠤᠶᠤ ᠬᠦᠨᠳᠦᠷᠡᠬᠦ | ᠂ ᠵᠢᠱᠢᠶᠡᠯᠡᠪᠡᠯ ᠦᠷᠭᠦᠯᠵᠢᠯᠡᠨ ᠬᠠᠯᠠᠭᠤᠷᠠᠬᠤ ᠪᠤᠶᠤ ᠴᠢᠨᠠᠭᠰᠢᠯᠠᠪᠠᠯ ᠬᠦᠨᠳᠦᠷᠡᠬᠦ ᠬᠠᠨᠳᠤᠰᠢ ᠲᠠᠢ᠃ ᠬᠤᠶᠠᠳᠤᠭᠠᠷ ᠲᠤ᠂ | ᠰᠢᠨ᠎ᠡ ᠡᠪᠡᠳᠴᠢᠨ ᠤ ᠰᠢᠨᠵᠢ ᠢᠯᠡᠷᠡᠬᠦ᠂ ᠵᠢᠱᠢᠶᠡᠯᠡᠪᠡᠯ ᠴᠡᠭᠡᠵᠢ ᠡᠪᠡᠳᠬᠦ᠂ ᠠᠮᠢᠰᠬᠤᠯ ᠴᠢᠬᠤᠯᠳᠠᠬᠤ᠂ ᠥᠳᠬᠡᠨ ᠰᠢᠩᠭᠡᠨ | ᠮᠥᠷ ᠠᠯᠳᠠᠭᠳᠠᠬᠤ ᠪᠤᠶᠤ ᠭᠡᠨᠡᠳᠲᠡ ᠮᠥᠴᠢ ᠪᠠᠨ ᠬᠥᠳᠡᠯᠭᠡᠵᠦ ᠳᠡᠶᠢᠯᠬᠦ ᠦᠭᠡᠢ ᠪᠣᠯᠬᠤ᠂ ᠣᠨᠴᠠᠭᠠᠶᠢᠯᠠᠨ ᠥᠷᠥᠭᠡᠰᠦᠨ | ᠲᠠᠯ᠎ᠠ ᠶᠢᠨ ᠮᠥᠴᠢ ᠶᠢᠨ ᠬᠥᠳᠡᠯᠭᠡᠭᠡᠨ ᠬᠢᠵᠦ ᠳᠡᠶᠢᠯᠬᠦ ᠦᠭᠡᠢ ᠪᠣᠯᠬᠤ᠂ ᠡᠰᠡᠬᠦᠯ᠎ᠡ ᠬᠤᠭᠤᠯᠠ ᠢᠳᠡᠵᠦ ᠳᠡᠶᠢᠯᠬᠦ ᠦᠭᠡᠢ | ᠪᠣᠯᠬᠤ᠂ ᠳᠤᠷ᠎ᠠ ᠪᠣᠯᠭᠢᠵᠤ ᠪᠥᠭᠡᠯᠵᠢᠬᠦ ᠪᠠᠶᠢᠳᠠᠯ ᠢᠯᠡᠷᠡᠬᠦ᠂ ᠡᠰᠡᠬᠦᠯ᠎ᠡ ᠳᠠᠩᠳᠠ ᠤᠨᠲᠠᠬᠤ ᠪᠠᠶᠢᠳᠠᠯ ᠲᠠᠢ ᠪᠣᠯᠬᠤ᠂ ᠬᠥᠮᠥᠨ ᠢ | ᠲᠠᠨᠢᠬᠤ ᠦᠭᠡᠢ ᠪᠣᠯᠬᠤ᠂ ᠲᠣᠭᠲᠠᠭᠰᠠᠨ ᠴᠢᠭᠯᠡᠯ ᠤᠨ ᠰᠠᠭᠠᠳ ᠲᠠᠢ ᠪᠣᠯᠬᠤ ᠵᠡᠷᠭᠡ ᠨᠢ ᠪᠦᠷ ᠠᠶᠤᠯ ᠲᠦᠭᠰᠢᠭᠦᠷᠢ ᠶᠢᠨ | ᠳᠣᠬᠢᠶ᠎ᠠ ᠪᠣᠯᠣᠨ᠎ᠠ᠃ ᠡᠭᠦᠨ ᠠᠴᠠ ᠭᠠᠳᠠᠨ᠎ᠠ᠂ ᠰᠠᠭᠤᠷᠢ ᠡᠪᠡᠳᠴᠢᠨ ᠨᠢ ᠬᠦᠨᠳᠦᠷᠡᠬᠦ᠂ ᠵᠢᠱᠢᠶᠡᠯᠡᠪᠡᠯ ᠨᠠᠰᠤᠲᠠᠶᠢᠴᠤᠳ | ᠤᠤᠯ ᠳᠤ ᠪᠠᠨ ᠵᠢᠷᠦᠬᠡᠨ ᠤ ᠲᠢᠲᠢᠮ ᠡᠪᠡᠳᠴᠢᠨ ᠲᠠᠢ ᠪᠣᠯ᠂ ᠵᠢᠷᠦᠬᠡ ᠪᠠᠵᠠᠯᠠᠨ ᠡᠪᠡᠳᠬᠦ ᠢᠯᠡᠷᠡᠯ ᠲᠠᠢ᠂ ᠤᠤᠯ ᠨᠢ | ᠠᠭᠤᠰᠬᠢᠨ ᠤ ᠠᠷᠬᠠᠭ ᠡᠪᠡᠳᠴᠢᠨ ᠪᠤᠶᠤ ᠠᠭᠰᠠᠭ᠎ᠠ ᠲᠠᠢ ᠪᠣᠯ᠂ ᠠᠭᠤᠰᠬᠢᠨ ᠤ ᠠᠷᠬᠠᠭ ᠡᠪᠡᠳᠴᠢᠨ ᠪᠠ ᠠᠭᠰᠠᠭ᠎ᠠ ᠨᠢ | ᠬᠦᠨᠳᠦᠷᠡᠬᠦ ᠢᠯᠡᠷᠡᠯ ᠲᠠᠢ ᠪᠠᠶᠢᠵᠤ᠂ ᠬᠦᠨᠳᠦᠷᠡᠬᠦ ᠦᠶ᠎ᠡ ᠳᠤ ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ | ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠵᠠᠷᠢᠮ ᠰᠠᠭᠤᠷᠢ ᠡᠪᠡᠳᠴᠢᠨ ᠤ ᠲᠣᠰ ᠪᠡᠶ᠎ᠡ ᠨᠢ | ᠲᠣᠭᠲᠠᠭᠤᠨ ᠪᠤᠰᠤ ᠪᠠᠶᠢᠳᠠᠭ᠂ ᠵᠢᠱᠢᠶᠡᠯᠡᠪᠡᠯ ᠠᠮᠢᠰᠬᠤᠯ ᠤᠨ ᠰᠢᠰᠲ᠋ᠧᠮ ᠤᠨ ᠬᠦᠨᠳᠦ ᠡᠪᠡᠳᠴᠢᠨ ᠲᠠᠢ᠂ ᠵᠢᠷᠦᠬᠡᠨ ᠤ | ᠬᠦᠨᠳᠦ ᠡᠪᠡᠳᠴᠢᠨ ᠲᠠᠢ᠂ ᠡᠰᠡᠬᠦᠯ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ | ᠦᠭᠡᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠬᠦᠨᠳᠦ ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ᠂ ᠠᠶᠤᠯ ᠶᠡᠬᠡᠲᠡᠢ ᠬᠥᠮᠥᠰ ᠤᠨ ᠳᠤᠮᠳᠠ ᠠᠶᠤᠯ ᠶᠡᠬᠡᠲᠡᠢ ᠬᠥᠮᠥᠰ ᠪᠣᠯᠬᠤᠷ ᠣᠨᠴᠠᠭᠠᠶ ᠠᠩᠬᠠᠷᠬᠤ ᠴᠢᠬᠤᠯᠠᠲᠠᠢ | ᠶᠤᠮ᠃ ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ | ᠪᠠᠶᠢᠳᠠᠭ ᠪᠣᠶ︖ ᠡᠭᠦᠨ ᠳᠤ ᠬᠤᠶᠠᠷ ᠰᠢᠯᠲᠠᠭᠠᠨ ᠪᠣᠶ᠂ ᠨᠢᠭᠡ ᠳᠤ᠂ ᠨᠠᠰᠤ ᠨᠢ ᠨᠡᠮᠡᠭᠳᠡᠬᠦ ᠶᠢ ᠳᠠᠭᠠᠯᠳᠤᠨ᠂ | ᠲᠡᠭᠦᠨ ᠤ ᠡᠭᠡᠯᠢᠯᠡᠭᠡ ᠶᠢᠨ ᠴᠢᠳᠠᠪᠤᠷᠢ ᠨᠢ ᠮᠠᠭᠤᠳᠠᠵᠤ ᠪᠠᠶᠢᠨ᠎ᠠ᠂ ᠬᠤᠶᠠᠷ ᠲᠤ᠂ ᠣᠯᠠᠩᠬᠢ ᠨᠠᠰᠤᠲᠠᠶᠢᠴᠤᠳ ᠴᠥᠮ ᠰᠠᠭᠤᠷᠢ | ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ ᠡᠨᠡ | ᠬᠦ ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ ᠲᠦᠭᠰᠢᠭᠦᠷᠢ ᠲᠠᠢ ᠪᠠᠶᠢᠳᠠᠭ᠃ ᠡᠶᠢᠮᠦ ᠪᠠᠶᠢᠳᠠᠯ ᠳᠣᠣᠷ᠎ᠠ᠂ | ᠨᠠᠰᠤᠲᠠᠶᠢᠴᠤᠳ ᠭᠠᠭᠴᠠᠭᠠᠷ ᠰᠠᠭᠤᠵᠤ ᠪᠠᠶᠢᠭᠰᠠᠨ ᠴᠤ ᠲᠡᠷᠡ᠂ ᠭᠡᠷ ᠤᠨ ᠬᠥᠮᠥᠰ ᠲᠠᠢ ᠪᠠᠨ ᠬᠠᠮᠲᠤ ᠰᠠᠭᠤᠵᠤ ᠪᠠᠶᠢᠭᠰᠠᠨ | ᠴᠤ ᠲᠡᠷᠡ᠂ ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ ᠶᠤᠮ ᠪᠣᠯ᠂ ᠲᠠᠷᠢᠯᠭ᠎ᠠ ᠶᠢ ᠬᠢᠵᠦ | ᠳᠠᠭᠤᠰᠬᠠᠬᠤ ᠶᠢ ᠰᠠᠨᠠᠭᠤᠯᠵᠤ ᠪᠠᠶᠢᠨ᠎ᠠ᠃ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ᠂ ᠴᠢᠩᠭᠠᠳᠬᠠᠬᠤ ᠲᠠᠷᠢᠯᠭ᠎ᠠ ᠶᠢ | ᠪᠠᠭᠲᠠᠭᠠᠨ᠎ᠠ᠃ ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ ᠨᠠᠰᠤᠲᠠᠶᠢᠴᠤᠳ ᠲᠤ ᠬᠡᠵᠢᠶᠡᠳᠡ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠦᠦ︖ ᠸᠠᠺᠼᠢᠨ ᠤ | ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ ᠨᠢᠭᠡᠨ ᠴᠢᠩᠭ᠎ᠠ ᠴᠡᠭᠡᠷ ᠪᠠᠶᠢᠳᠠᠭ᠂ ᠲᠤᠬᠠᠶᠢᠯᠠᠪᠠᠯ ᠸᠠᠺᠼᠢᠨ ᠤ ᠲᠠᠷᠢᠯᠭ᠎ᠠ | ᠬᠢᠭᠰᠡᠨ ᠤ ᠳᠠᠷᠠᠭ᠎ᠠ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ ᠳᠠᠷᠢᠵᠤ | ᠪᠣᠯᠬᠤ ᠦᠭᠡᠢ᠃ ᠪᠤᠰᠤᠳ ᠣᠯᠠᠩᠬᠢ ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ ᠪᠣᠯᠬᠤ ᠪᠠᠶᠢᠳᠠᠯ ᠳᠤ ᠲᠣᠭᠠᠴᠠᠭᠳᠠᠨ᠎ᠠ᠂ | ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ ᠵᠢᠱᠢᠬᠦ ᠶᠠᠪᠤᠴᠠ ᠳᠤ | ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠳᠠᠯ ᠢ ᠪᠠᠭᠲᠠᠭᠠᠨ᠎ᠠ᠂ ᠡᠭᠦᠨ ᠳᠤ ᠣᠯᠠᠩᠬᠢ ᠨᠢ ᠠᠯᠭᠤᠷ ᠲᠠᠷᠢᠯᠭ᠎ᠠ ᠬᠢᠬᠦ | ᠪᠠᠶᠢᠳᠠᠯ ᠳᠤ ᠲᠣᠭᠠᠴᠠᠭᠳᠠᠨ᠎ᠠ᠃ ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ ᠡᠪᠡᠳᠴᠢᠨ ᠲᠠᠢ ᠪᠣᠯ ᠡᠬᠢᠨ ᠤ | ᠬᠤᠭᠤᠴᠠᠭᠠᠨ ᠳᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠣᠷᠣᠰᠢᠵᠤ᠂ ᠬᠡᠰᠡᠭ ᠬᠤᠭᠤᠴᠠᠭ᠎ᠠ ᠡᠮᠨᠡᠭᠦᠯᠦᠭᠰᠡᠨ ᠤ | ᠳᠠᠷᠠᠭ᠎ᠠ ᠲᠣᠭᠲᠠᠮᠠᠯ ᠬᠤᠭᠤᠴᠠᠭᠠᠨ ᠳᠤ ᠣᠷᠣᠰᠢᠬᠤ᠂ ᠥᠭᠡᠷ᠎ᠡ ᠪᠠᠷ ᠬᠡᠯᠡᠪᠡᠯ ᠣᠨᠴᠠᠭᠠᠶ ᠵᠠᠰᠠᠯ ᠠᠴᠠ ᠪᠣᠯᠵᠤ ᠸᠠᠺᠼᠢᠨ ᠤ | ᠲᠠᠷᠢᠯᠭ᠎ᠠ ᠬᠢᠵᠦ ᠪᠣᠯᠬᠤ ᠦᠭᠡᠢ ᠪᠠᠶᠢᠭᠰᠠᠨ ᠪᠣᠯ᠂ ᠡᠶᠢᠮᠦᠷᠬᠦᠦ ᠣᠨᠴᠠᠭᠠᠶ ᠵᠠᠰᠠᠯ ᠨᠢ ᠳᠠᠭᠤᠰᠤᠭᠰᠠᠨ ᠤ ᠳᠠᠷᠠᠭ᠎ᠠ ᠡᠲᠡᠭᠡᠷ | ᠬᠥᠮᠥᠰ ᠴᠥᠮ ᠲᠠᠷᠢᠯᠭ᠎ᠠ ᠬᠢᠬᠦ ᠶᠢ ᠪᠣᠳᠣᠯᠬᠢᠯᠠᠵᠤ ᠪᠣᠯᠣᠨ᠎ᠠ᠃ ᠢᠯᠠᠩᠭᠤᠶ᠎ᠠ ᠣᠳᠣᠬᠠᠨ ᠳᠤ ᠡᠶᠢᠮᠦᠷᠬᠦᠦ ᠬᠢᠵᠢᠭ ᠳᠡᠯᠭᠡᠷᠡᠬᠦ | ᠬᠦᠴᠦᠯᠡᠴᠡ ᠨᠢ ᠨᠡᠯᠢᠶᠡᠳ ᠴᠢᠩᠭ᠎ᠠ᠂ ᠬᠠᠯᠳᠠᠪᠤᠷᠢᠯᠠᠬᠤ ᠡᠬᠢ ᠰᠤᠷᠪᠤᠯᠵᠢ ᠨᠢ ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ | ᠂ ᠡᠲᠡᠭᠡᠷ ᠬᠥᠮᠥᠰ ᠲᠤ ᠳᠠᠬᠢᠨᠲᠠ ᠦᠨᠡᠯᠡᠨ ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ ᠬᠦᠷᠪᠡᠯ ᠳᠠᠷᠤᠢ ᠲᠠᠷᠢᠯᠭ᠎ᠠ | ᠬᠢᠵᠦ ᠪᠣᠯᠣᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠲᠡᠨ ᠵᠢᠷᠦᠬᠡ ᠴᠢᠰᠤᠨ ᠰᠤᠳᠠᠯ ᠤᠨ ᠡᠪᠡᠳᠴᠢᠲᠡᠨ | ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ ᠳᠠᠷᠠᠭ᠎ᠠ᠂ ᠭᠡᠷ ᠲᠤ ᠪᠠᠨ ᠡᠮᠨᠡᠨ ᠵᠠᠰᠠᠬᠤ ᠳᠤ ᠶᠠᠭᠤ ᠶᠢ | ᠠᠩᠬᠠᠷᠪᠠᠯ ᠵᠣᠬᠢᠬᠤ ᠪᠣᠢ︖ ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠬᠥᠮᠥᠰ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ ᠵᠣᠪᠠᠭ᠋ᠤ ᠬᠡᠷᠡᠭ ᠦᠭᠡᠢ᠂ ᠲᠡᠳᠡ ᠭᠡᠷ ᠲᠤ ᠪᠠᠨ | ᠰᠠᠭᠤᠵᠤ ᠤᠤᠯ ᠤᠨ ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ ᠵᠢᠷᠦᠬᠡᠨ ᠤ | ᠲᠢᠲᠢᠮ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ ᠮᠠᠭᠤᠳᠠᠬᠤ ᠮᠡᠲᠦ ᠶᠢᠨ ᠡᠪᠡᠳᠴᠢᠨ ᠳᠤ | ᠨᠡᠷᠪᠡᠭᠳᠡᠵᠦ᠂ ᠪᠦᠷ ᠰᠠᠭᠤᠷᠢ ᠡᠪᠡᠳᠴᠢᠨ ᠤ ᠡᠮ ᠤᠤᠭᠤᠵᠤ ᠪᠠᠶᠢᠳᠠᠭ᠃ ᠶᠡᠭᠡ ᠪᠠᠷ ᠬᠠᠯᠠᠭᠤᠷᠠᠭᠰᠠᠨ ᠤ ᠳᠠᠷᠠᠭ᠎ᠠ | ᠤᠰᠤ ᠠᠷᠪᠢᠨ ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ ᠮᠡᠳᠡᠨ᠎ᠡ᠂ ᠵᠢᠱᠢᠶᠡᠯᠡᠪᠡᠯ ᠪᠤᠯᠴᠢᠩ ᠮᠢᠬ᠎ᠠ | ᠱᠠᠷᠬᠢᠷᠠᠵᠤ ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ ᠵᠠᠰᠠᠯ ᠤᠨ ᠡᠮ ᠵᠡᠷᠭᠡ ᠨᠢ ᠣᠳᠣᠬᠠᠨ ᠳᠤ | ᠲᠡᠳᠡᠭᠡᠷ ᠤᠨ ᠬᠤᠭᠤᠷᠣᠨᠳᠣᠬᠢ ᠡᠰᠡᠷᠭᠦ ᠦᠢᠯᠡᠳᠦᠯ ᠢ ᠬᠠᠷᠠᠬᠠᠨ ᠣᠯᠵᠤ ᠮᠡᠳᠡᠭᠡᠳᠦᠢ᠂ ᠡᠶᠢᠮᠦ ᠠᠴᠠ ᠰᠠᠨᠠᠭ᠎ᠠ ᠵᠣᠪᠠᠭᠰᠠᠨ ᠤ | ᠬᠡᠷᠡᠭ ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ ᠭᠡᠪᠡᠯ ᠵᠢᠷᠦᠬᠡ ᠴᠢᠰᠤᠨ ᠰᠤᠳᠠᠯ ᠤᠨ | ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ ᠰᠠᠭᠤᠷᠢ ᠡᠪᠡᠳᠴᠢᠨ ᠢ ᠰᠠᠶᠢᠲᠤᠷ ᠵᠠᠰᠠᠬᠤ ᠳᠤ | ᠂ ᠤᠤᠯ ᠤᠨ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮ ᠢᠶᠠᠨ ᠰᠠᠶᠢᠲᠤᠷ ᠬᠡᠷᠡᠭᠯᠡᠵᠦ᠂ ᠪᠡᠶ᠎ᠡ | ᠮᠠᠬᠠᠪᠤᠳ ᠤᠨ ᠡᠭᠡᠯᠢᠯᠡᠭᠡ ᠶᠢᠨ ᠴᠢᠳᠠᠯ ᠢᠶᠠᠨ ᠨᠡᠮᠡᠭᠳᠡᠭᠦᠯᠦᠨ᠂ ᠤᠨᠲᠠᠯᠭ᠎ᠠ ᠪᠠᠨ ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ | ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ ᠡᠪᠡᠳᠴᠢᠲᠡᠨ ᠨᠢ ᠮᠠᠰᠢ ᠣᠯᠠᠨ ᠨᠠᠵᠠᠭᠠᠢ ᠰᠤᠷᠠᠭ ᠴᠢᠮᠡᠭᠡ ᠶᠢ | ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ ᠡᠶᠢᠮᠦ ᠠᠴᠠ ᠠᠶᠤᠵᠤ ᠰᠦᠷᠳᠡᠭᠰᠡᠨ ᠤ ᠬᠡᠷᠡᠭ ᠦᠭᠡᠢ᠂ | ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ ᠤᠤᠭᠤᠵᠤ | ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ ᠦᠭᠡᠢ᠂ | ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ ᠪᠤᠶᠤ ᠬᠦᠨᠳᠦᠷᠡᠭᠦᠯᠵᠦ ᠮᠡᠳᠡᠨ᠎ᠡ᠃ ᠬᠡᠷᠪᠡ ᠦᠷᠭᠦᠯᠵᠢᠯᠡᠭᠰᠡᠨ | ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ 24 | ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ ᠣᠨᠣᠰᠢᠯᠠᠬᠤ ᠪᠠ ᠡᠮᠨᠡᠨ ᠵᠠᠰᠠᠭᠤᠯᠵᠤ ᠪᠣᠯᠣᠨ᠎ᠠ᠃ | ᠵᠢᠷᠦᠬᠡ ᠴᠢᠰᠤᠨ ᠰᠤᠳᠠᠯ ᠤᠨ ᠡᠪᠡᠳᠴᠢᠲᠡᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖ | ᠤᠤᠯ ᠳᠤ ᠪᠠᠨ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ | ᠥᠨᠳᠥᠷ᠂ ᠵᠢᠷᠦᠬᠡᠨ ᠤ ᠲᠢᠲᠢᠮ ᠡᠪᠡᠳᠴᠢᠨ᠂ ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ ᠪᠠᠰᠠ ᠵᠢᠷᠦᠬᠡᠨ ᠤ ᠵᠠᠰᠠᠯ | ᠬᠢᠯᠭᠡᠭᠰᠡᠨ ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ ᠮᠡᠰᠡ ᠵᠠᠰᠠᠯ ᠬᠢᠯᠭᠡᠭᠰᠡᠨ ᠡᠪᠡᠳᠴᠢᠲᠡᠨ ᠭᠡᠷ ᠲᠤ ᠪᠠᠨ | ᠰᠠᠭᠤᠬᠤ ᠳᠤ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ | ᠬᠡᠷᠡᠭᠲᠡᠢ᠃ ᠳᠣᠣᠷᠠᠬᠢ ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠠᠴᠠ ᠲᠣᠭᠲᠠᠭᠠᠭᠰᠠᠨ ᠭᠡᠷ ᠪᠦᠯᠢ ᠶᠢᠨ ᠠᠮᠢᠳᠤᠷᠠᠯ ᠤᠨ ᠵᠠᠷᠴᠢᠮ ᠪᠣᠯᠣᠨ᠎ᠠ᠄ ᠨᠢᠭᠡᠳᠦᠭᠡᠷ ᠲᠤ᠂ | ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠬᠡᠷᠡᠭᠲᠡᠢ᠃ ᠰᠢᠬᠢᠷ ᠲᠣᠰᠣ ᠳᠠᠪᠤᠰᠤ ᠶᠢ ᠬᠡᠲᠦᠷᠡᠲᠡᠯ᠎ᠡ ᠢᠳᠡᠪᠡᠯ ᠯᠠᠪᠲᠠᠢ | ᠡᠷᠡᠭᠦᠯ ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ ᠨᠡᠮᠡᠭᠳᠡᠭᠦᠯᠦᠨ᠎ᠡ᠂ ᠡᠶᠢᠮᠦ ᠠᠴᠠ ᠵᠠᠪᠠᠯ ᠰᠢᠬᠢᠷ | ᠲᠣᠰᠣ ᠳᠠᠪᠤᠰᠤ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠃ ᠬᠤᠶᠠᠳᠤᠭᠠᠷ ᠲᠤ᠂ ᠲᠠᠮᠠᠬᠢ ᠪᠠᠨ ᠵᠣᠭᠰᠣᠵᠤ | ᠠᠷᠢᠬᠢ ᠪᠠᠨ ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ ᠳᠡᠭᠡᠭᠰᠢᠬᠢ ᠠᠷᠢᠬᠢ ᠨᠢ ᠰᠢᠨ᠎ᠡ ᠲᠢᠲᠢᠮᠯᠢᠭ | ᠸᠢᠷᠦ᠋ᠰ ᠢ ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ ᠤᠤᠭᠤᠪᠠᠯ ᠯᠠᠪᠲᠠᠢ ᠤᠷᠢᠳ ᠢᠶᠠᠷ ᠵᠢᠷᠦᠬᠡᠨ | ᠡᠪᠡᠳᠴᠢᠨ ᠢ ᠬᠥᠳᠡᠯᠭᠡᠨ᠎ᠡ᠃ ᠡᠶᠢᠮᠦ ᠠᠴᠠ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠬᠤ ᠨᠢ ᠵᠢᠷᠦᠬᠡ ᠴᠢᠰᠤᠨ | ᠰᠤᠳᠠᠯ ᠤᠨ ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ ᠰᠠᠨᠠᠭᠤᠯᠵᠤ ᠪᠠᠶᠢᠨ᠎ᠠ᠃ ᠭᠤᠷᠪᠠᠳᠤᠭᠠᠷ ᠲᠤ᠂ | ᠵᠣᠬᠢᠬᠤ ᠬᠡᠮᠵᠢᠶᠡᠨ ᠤ ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ ᠵᠢᠷᠦᠬᠡ ᠴᠢᠰᠤᠨ ᠰᠤᠳᠠᠯ ᠤᠨ | ᠰᠠᠭᠤᠷᠢ ᠡᠪᠡᠳᠴᠢᠨ ᠲᠠᠢ ᠪᠣᠯ ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ ᠠᠩᠬᠠᠷᠴᠤ᠂ ᠬᠦᠴᠢᠯᠲᠥ᠋ᠷᠥᠭᠴᠢ | ᠦᠭᠡᠢ ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ ᠤᠰᠤᠨ ᠯᠣᠩᠬᠤ ᠪᠠᠷ ᠮᠥᠴᠢ ᠶᠢᠨ ᠬᠥᠳᠡᠯᠭᠡᠭᠡᠨ ᠬᠢᠵᠦ ᠪᠣᠯᠣᠨ᠎ᠠ᠂ | ᠮᠥᠴᠢ ᠶᠢᠨ ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ ᠴᠢᠰᠤᠨ ᠰᠤᠳᠠᠯ ᠳᠤ ᠪᠦᠷ ᠰᠠᠶᠢᠨ ᠪᠠᠶᠢᠳᠠᠭ᠃ | ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ ᠳᠠᠪᠠᠭ᠋ᠤ | ᠬᠡᠷᠡᠭᠲᠡᠢ᠃ ᠡᠨᠡ ᠬᠦ ᠰᠢᠨ᠎ᠡ ᠲᠢᠲᠢᠮᠯᠢᠭ ᠸᠢᠷᠦ᠋ᠰ ᠨᠢ ᠶᠠᠭ ᠪᠢᠳᠡᠨ ᠤ ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ ᠯᠠᠪᠲᠠᠢ | ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠨ ᠬᠦᠨᠳᠦᠷᠡᠭᠦᠯᠵᠦ ᠪᠣᠯᠬᠤ ᠦᠭᠡᠢ᠂ | ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ ᠬᠦᠨᠳᠦᠷᠡᠬᠦ ᠠᠴᠠ ᠰᠡᠷᠭᠡᠶᠢᠯᠡᠬᠦ ᠬᠡᠷᠡᠭᠲᠡᠢ᠃ | |