2022 · ᠥᠪᠥᠷ ᠮᠣᠩᠭᠤᠯ ᠤᠨ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ — ︽ᠳᠠᠯᠠᠨ ᠬᠠᠷ᠎ᠠ ᠠᠭᠤᠯᠠᠨ ᠳᠤ ᠴᠠᠰᠤ ᠪᠦᠵᠢᠵᠦ ᠴᠡᠯᠡᠭᠡᠷ ᠲᠠᠯ᠎ᠠ ᠪᠠᠷ ᠪᠠᠶᠠᠰᠤᠯᠲᠠᠢ ᠵᠤᠭᠠᠴᠠᠬᠤ︾ ᠭᠤᠷᠪᠠᠨ ᠶᠡᠭᠡ ᠭᠤᠣᠯ ᠰᠡᠳᠦᠪ ᠤᠨ 40 ᠭᠠᠷᠤᠢ ᠠᠭᠤᠯᠭ᠎ᠠ ᠲᠠᠢ᠂ ᠡᠨᠡ ᠡᠪᠦᠯ ᠬᠥᠬᠡᠬᠤᠲᠠ ᠪᠠᠷ ᠵᠤᠭᠠᠴᠠᠨ᠎ᠠ︕
ᠨᠡᠶᠢᠲᠡᠯᠡᠭᠰᠡᠨ ᠴᠠᠭ᠄
2022/12/26
     12 ᠳ᠋ᠤᠭᠠᠷ ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠸᠠᠩ ᠾᠦᠢ ᠮᠢᠨ ᠬᠥᠬᠡᠬᠤᠲᠠ ᠶᠢᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠳᠤ ᠲᠠᠨᠢᠯᠴᠠᠭᠤᠯᠭ᠎ᠠ ᠬᠢᠪᠡ᠃      ᠬᠥᠬᠡᠬᠤᠲᠠ ᠶᠢᠨ ᠮᠥᠰᠥ ᠴᠠᠰᠤᠨ ᠤ ᠡᠬᠢ ᠪᠠᠶᠠᠯᠢᠭ ᠡᠯᠪᠡᠭ ᠳᠡᠯᠪᠡᠭ᠂ ᠮᠥᠰᠥ ᠴᠠᠰᠤᠨ ᠤ ᠲᠠᠯᠠᠪᠠᠢ ᠤᠯᠠᠨ ᠂ ᠣᠷᠣᠨ ᠪᠠᠶᠢᠷᠢ ᠳᠠᠪᠠᠭᠤᠯᠢᠭ ᠰᠠᠶᠢᠨ᠂ ᠱᠢ ᠵᠢᠶᠠ ᠵᠤᠸᠠᠩ ᠢ ᠭᠠᠷᠭᠠᠪᠠᠯ ᠨᠡᠶᠢᠰᠯᠡᠯ ᠪᠡᠭᠡᠵᠢᠩ ᠠᠴᠠ ᠬᠠᠮᠤᠭ ᠤᠨ ᠣᠶᠢᠷ᠎ᠠ ᠪᠠᠶᠢᠭ᠎ᠠ ᠮᠤᠵᠢ ᠶᠢᠨ ᠲᠥᠪ ᠬᠤᠳᠠ ᠪᠣᠯᠬᠤ ᠪᠥᠭᠡᠳ ᠤᠮᠠᠷᠠᠲᠤ ᠣᠷᠣᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠠ ᠵᠢᠭᠤᠯᠴᠢᠯᠠᠭᠴᠢᠳ ᠢ ᠲᠥᠪᠯᠡᠷᠡᠭᠦᠯᠵᠦ ᠲᠠᠷᠬᠠᠭᠠᠬᠤ ᠭᠠᠵᠠᠷ ᠪᠣᠯᠣᠨ᠎ᠠ᠃ ᠡᠨᠡ  ᠡᠪᠦᠯ ᠠᠴᠠ ᠡᠬᠢᠯᠡᠨ᠂ ᠮᠠᠨ ᠤ ᠬᠤᠲᠠ ︽ᠳᠠᠯᠠᠨ ᠬᠠᠷ᠎ᠠ ᠠᠭᠤᠯᠠᠨ ᠳᠤ ᠴᠠᠰᠤ ᠪᠦᠵᠢᠵᠦ ᠴᠡᠯᠡᠭᠡᠷ ᠲᠠᠯ᠎ᠠ ᠪᠠᠷ ᠪᠠᠶᠠᠰᠤᠯᠲᠠᠢ ᠵᠤᠭᠠᠴᠠᠬᠤ︾ ᠭᠡᠬᠦ ᠭᠤᠣᠯ ᠰᠡᠳᠦᠪ ᠤᠨ ᠲᠣᠭᠤᠷᠢᠨ ᠳᠤ᠂ ᠬᠠᠲᠤᠨ ᠭᠤᠣᠯ᠂ ᠳᠠᠯᠠᠨ ᠬᠠᠷ᠎ᠠ ᠠᠭᠤᠯᠠ ᠪᠣᠯᠣᠨ ᠴᠡᠯᠡᠭᠡᠷ ᠲᠠᠯ᠎ᠠ ᠶᠢᠨ ᠮᠥᠰᠥ ᠴᠠᠰᠤᠨ ᠤ ᠡᠬᠢ ᠪᠠᠶᠠᠯᠢᠭ ᠪᠣᠯᠣᠨ ᠰᠣᠶᠣᠯ ᠤᠨ ᠡᠬᠢ ᠪᠠᠶᠠᠯᠢᠭ ᠢ ᠠᠰᠢᠭᠯᠠᠨ᠂ ᠡᠪᠦᠯ ᠤᠨ ᠤᠯᠠᠷᠢᠯ ᠤᠨ ᠵᠢᠭᠤᠯᠴᠢᠯᠠᠯ ᠪᠣᠯᠣᠨ ᠴᠠᠭᠠᠨ ᠰᠠᠷ᠎ᠠ᠂ ᠠᠷᠪᠠᠨ ᠲᠠᠪᠤᠨ ᠤ ᠪᠠᠶᠠᠷ ᠵᠡᠷᠭᠡ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢ ᠬᠠᠷᠢᠯᠴᠠᠨ ᠤᠶᠠᠯᠳᠤᠭᠤᠯᠵᠤ᠂ 2022 ᠣᠨ ᠤ 12 ᠳ᠋ᠤᠭᠠᠷ ᠰᠠᠷ᠎ᠠ ᠠᠴᠠ 2023 ᠣᠨ ᠤ 2 ᠳ᠋ᠤᠭᠠᠷ ᠰᠠᠷ᠎ᠠ ᠪᠣᠯᠲᠠᠯ᠎ᠠ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠭᠤᠷᠪᠠᠨ ᠲᠣᠮᠣ ᠭᠤᠣᠯ ᠰᠡᠳᠦᠪ ᠲᠠᠢ 40 ᠭᠠᠷᠤᠢ ᠲᠥᠷᠥᠯ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠦᠷᠨᠢᠭᠦᠯᠦᠨ᠎ᠡ᠃
     ᠡᠨᠡ ᠭᠤᠷᠪᠠᠨ ᠶᠡᠭᠡ ᠭᠤᠣᠯ ᠰᠡᠳᠦᠪ ᠪᠣᠯ᠄      ᠨᠢᠭᠡ᠂ ︽ᠷᠣᠮᠠᠨᠲ᠋ᠢᠭ ᠬᠦᠬᠡᠬᠤᠲᠠ︾ ᠮᠥᠰᠥ ᠴᠠᠰᠤᠨ ᠤ ᠨᠠᠭᠠᠳᠤᠮ ᠤᠨ ᠠᠵᠢᠯᠯᠠᠭ᠎ᠠ᠃
     ᠬᠤᠶᠠᠷ᠂ ︽ᠬᠦᠬᠡᠬᠤᠲᠠ ᠶᠢᠨ ᠦᠨᠦᠷ ᠠᠮᠲᠠ ᠳᠤᠮᠳᠠᠳᠤ ᠤᠯᠤᠰ ᠤᠨ ᠤᠯᠠᠭᠠᠨ︾ ᠬᠦᠬᠡᠬᠤᠲᠠ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ᠃      ᠭᠤᠷᠪᠠ᠂ ︽ᠤᠷᠠᠨ ᠰᠠᠶᠢᠬᠠᠨ ᠢᠶᠠᠷ ᠬᠥᠬᠡᠬᠤᠲᠠ ᠶᠢ ᠦᠵᠡᠬᠦ︾ ᠤᠷᠠᠨ ᠰᠠᠶᠢᠬᠠᠨ ᠤ ᠦᠪᠡᠳᠡᠭᠰᠢ ᠨᠠᠶᠢᠷ ᠤᠨ ᠠᠵᠢᠯᠯᠠᠭ᠎ᠠ᠃      ᠡᠭᠦᠨ ᠤ ᠬᠠᠮᠲᠤ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠿᠦ ᠢ ᠭᠤᠤᠯ ᠤᠨ ᠳ᠋ᠦᠩ ᠾᠧ ᠬᠡᠰᠡᠭ ᠤᠨ ᠮᠥᠰᠥ ᠴᠠᠰᠤᠨ ᠤ ᠲᠠᠯᠠᠪᠠᠶ ᠳᠤ 80 ᠡᠳᠦᠷ ᠣᠷᠴᠢᠮ ᠤᠨ ᠬᠤᠭᠤᠴᠠᠭ᠎ᠠ ᠲᠠᠢ ︽ᠶᠢᠰᠦᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ︾ ᠪᠠ ᠬᠥᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠤᠯᠠᠷᠢᠯ ᠤᠨ ᠰᠢᠷᠢᠰ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠬᠦ ᠪᠠᠷ ᠪᠣᠶ᠃ ᠡᠭᠦᠨ ᠳᠤ ᠡᠷᠲᠡᠨ ᠤ ᠬᠤᠲᠠ ᠴᠠᠶᠢᠵᠠ ᠶᠢᠨ ᠴᠠᠨᠠᠯᠠᠬᠤ ᠵᠠᠮ᠂ ᠵᠡᠭᠦᠳᠦ ᠵᠡᠷᠭᠡᠯᠭᠡᠨ ᠬᠡᠦᠬᠡᠳ ᠤᠨ ᠴᠠᠰᠤᠨ ᠤ ᠴᠡᠩᠭᠡᠯ ᠤᠨ ᠬᠦᠷᠢᠶᠡᠯᠡᠩ᠂ ᠵᠠᠯᠠᠭᠤᠴᠤᠳ ᠪᠠᠭᠠᠴᠤᠳ ᠤᠨ ᠮᠥᠰᠥᠨ ᠪᠥᠮᠪᠦᠭᠡ ᠶᠢᠨ ᠢᠯᠡ ᠤᠷᠤᠯᠳᠤᠭᠠᠨ ᠵᠡᠷᠭᠡ 8 ᠶᠡᠭᠡ ᠮᠥᠰᠥ ᠴᠠᠰᠤᠨ ᠤ ᠵᠦᠢᠯᠡᠰ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠᠭᠲᠠᠬᠤ ᠶᠢᠨ ᠬᠠᠮᠲᠤ᠂ ᠡᠯ᠎ᠡ ᠬᠤᠰᠢᠭᠤ ᠰᠢᠶᠠᠨ ᠲᠣᠭᠤᠷᠢᠭ ᠲᠤ ᠴᠥᠮ ᠰᠦᠢᠳᠬᠡᠯ ᠥᠯᠥ ᠬᠤᠷᠢᠶᠠᠬᠤ ᠮᠥᠰᠥᠨ ᠲᠠᠯᠠᠪᠠᠶ ᠭᠠᠷᠭᠠᠵᠤ ᠬᠤᠲᠠ ᠶᠢᠨ ᠠᠷᠠᠳ ᠲᠤ ᠬᠡᠷᠡᠭᠯᠡᠭᠦᠯᠬᠦ ᠪᠠᠷ ᠪᠣᠶ᠃ ᠡᠭᠦᠨ ᠤ ᠬᠠᠮᠲᠤ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠠᠰᠠ ᠪᠥᠬᠦ ᠬᠤᠲᠠ ᠶᠢᠨ ᠬᠡᠪᠴᠢᠶᠡᠨ ᠳᠤ 500 ᠲᠦᠮᠡᠨ ᠲᠥᠭᠦᠷᠢᠭ ᠤᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃
     ᠡᠯᠪᠡᠭ ᠪᠠᠶᠠᠯᠢᠭ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠬᠦ ᠪᠠᠷ ᠳᠠᠮᠵᠢᠭᠤᠯᠵᠤ᠂ ᠬᠥᠬᠡᠬᠤᠲᠠ ᠶᠢᠨ ᠡᠪᠦᠯ ᠤᠨ ᠤᠯᠠᠷᠢᠯ ᠤᠨ ︽ᠬᠦᠢᠲᠡᠨ ᠡᠬᠢ ᠪᠠᠶᠠᠯᠢᠭ︾ ᠤᠨ ︽ᠢᠯᠴᠢ ᠶᠢᠨ ᠡᠨᠧᠷᠭᠢ︾ ᠶᠢ ᠪᠠᠳᠠᠷᠠᠭᠤᠯᠵᠤ᠂ ᠬᠥᠬᠡᠬᠤᠲᠠ ᠶᠢᠨ ᠦᠷᠦᠭᠡᠨ ᠤ ᠳᠣᠲᠣᠷᠠᠬᠢ ᠶᠢᠨ ︽ᠬᠠᠯᠠᠭᠤᠯᠵᠤ︾᠂ ᠦᠷᠦᠭᠡᠨ ᠤ ᠭᠠᠳᠠᠨᠠᠬᠢ ︽ᠭᠠᠯ︾ ᠢ ᠬᠥᠭᠵᠢᠭᠡᠵᠦ᠂ ᠨᠡᠩ ᠤᠯᠠᠨ ᠵᠢᠭᠤᠯᠴᠢᠯᠠᠭᠴᠢᠳ ᠲᠤ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠬᠠᠯᠠᠭᠤᠨ ᠰᠡᠳᠬᠢᠯᠭᠡ ᠶᠢ ᠮᠡᠳᠡᠷᠡᠭᠦᠯᠬᠦ ᠶᠢ ᠬᠦᠰᠡᠵᠦ ᠪᠠᠶᠢᠨ᠎ᠠ︕
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号