2022 ᠣᠨ ᠤ ᠦᠬᠠᠢ ᠶᠢᠨ ᠮᠥᠰᠥ ᠴᠠᠰᠤᠨ ᠤ ᠳᠡᠯᠡᠬᠡᠢ ᠶᠢᠨ ᠰᠣᠶᠣᠯ ᠵᠢᠭᠤᠯᠴᠢᠯᠠᠯ ᠤᠨ ᠤᠷᠠᠨ ᠰᠠᠶᠢᠬᠠᠨ ᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2022/12/26
     12 ᠳ᠋ᠤᠭᠠᠷ ᠰᠠᠷ᠎ᠠ ᠶᠢᠨ 21 ᠤ ᠡᠳᠦᠷ᠂ ᠦᠬᠠᠢ ᠬᠤᠲᠠ 2022 ᠣᠨ ᠤ ᠦᠬᠠᠢ ᠶᠢᠨ ᠮᠥᠰᠥ ᠴᠠᠰᠤᠨ ᠤ ᠳᠡᠯᠡᠬᠡᠢ ᠶᠢᠨ ᠰᠣᠶᠣᠯ ᠵᠢᠭᠤᠯᠴᠢᠯᠠᠯ ᠤᠨ ᠤᠷᠠᠨ ᠰᠠᠶᠢᠬᠠᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠢ ᠵᠢᠶᠦ᠋ᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠥᠩ ᠶᠤᠸᠠᠢ ᠰᠢᠶᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠣᠶᠢᠷ᠎ᠠ ᠶᠢᠨ ᠵᠢᠯ ᠳᠤ᠂ ᠦᠬᠠᠢ ᠬᠤᠲᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠳᠥᠷᠪᠡᠨ ᠤᠯᠠᠷᠢᠯ ᠤᠨ ᠵᠢᠭᠤᠯᠴᠢᠯᠠᠯ ᠪᠠ ︽ᠵᠢᠭᠤᠯᠴᠢᠯᠠᠯ +︾ ᠶᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠨᠡᠭᠡᠭᠡᠨ ᠥᠷᠭᠡᠳᠬᠡᠵᠦ᠂ ᠮᠥᠰᠥ ᠴᠠᠰᠤᠨ ᠤ ᠪᠡᠶ᠎ᠡ ᠶᠢᠨ ᠲᠠᠮᠢᠷ᠂ ᠲᠠᠷᠢᠶᠠᠴᠢᠨ ᠠᠶᠢᠯ ᠤᠨ ᠵᠢᠭᠤᠯᠴᠢᠯᠠᠯ᠂ ᠦᠵᠦᠮ ᠤᠨ ᠠᠷᠢᠬᠢ ᠶᠢ ᠠᠮᠲᠠᠯᠠᠬᠤ ᠵᠡᠷᠭᠡ ᠲᠤᠰᠬᠠᠢ ᠲᠥᠷᠥᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠵᠤ᠂ ᠪᠣᠷᠤᠯᠠᠭᠤᠯᠭ᠎ᠠ ᠶᠢ ᠠᠬᠢᠭᠤᠯᠬᠤ ᠪᠠ ᠭᠤᠣᠯᠳᠠᠯᠭ᠎ᠠ ᠲᠠᠢ ᠪᠣᠶᠢᠵᠢᠭᠤᠯᠬᠤ ᠶᠢ ᠦᠷᠭᠦᠯᠵᠢᠯᠡᠨ ᠤᠬᠠᠭᠤᠯᠬᠤ ᠪᠠᠷ ᠳᠡᠮᠵᠢᠨ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠲᠦᠷᠭᠡᠨ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠃      ᠲᠤᠰ ᠤᠳᠠᠭ᠎ᠠ ᠶᠢᠨ ᠮᠥᠰᠥ ᠴᠠᠰᠤᠨ ᠤ ᠨᠠᠶᠢᠷ ᠨᠠᠭᠠᠳᠤᠮ ᠳᠤ ᠴᠠᠨᠠᠯᠠᠬᠤ ᠵᠡᠷᠭᠡ ᠡᠩ ᠤᠨ ᠲᠦᠷᠦᠯ ᠵᠦᠢᠯ ᠠᠴᠠ ᠭᠠᠳᠠᠨ᠎ᠠ᠂ ᠮᠥᠰᠥᠨ ᠳᠡᠭᠡᠷᠡᠬᠢ ᠯᠤᠤᠲᠤ ᠣᠩᠭᠤᠴᠠ᠂ ᠲᠣᠣᠷ ᠰᠦᠯᠵᠢᠶᠡᠨ ᠤ ᠳᠤᠭᠤᠢ ᠲᠡᠷᠭᠡ᠂ ᠮᠥᠰᠥ ᠴᠠᠰᠤᠨ ᠤ ᠬᠥᠯ ᠪᠥᠮᠪᠦᠭᠡ ᠵᠡᠷᠭᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠰᠢᠨ᠎ᠡ ᠪᠠᠷ ᠨᠡᠮᠡᠪᠡ᠂ ᠬᠤᠳᠠ ᠶᠢᠨ ᠠᠷᠠᠳ ᠨᠠᠶᠢᠵᠠ ᠨᠠᠷ ᠴᠢᠨᠡᠭᠡ ᠪᠠᠷ ᠢᠶᠠᠨ ᠣᠷᠣᠯᠴᠠᠵᠤ᠂ ᠡᠪᠦᠯ ᠤᠨ ᠡᠳᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠦᠬᠠᠢ ᠶᠢᠨ ᠡᠪᠦᠯ ᠤᠨ ᠤᠯᠠᠷᠢᠯ ᠤᠨ ᠠᠳᠠᠯᠢ ᠪᠤᠰᠤ ᠰᠠᠶᠢᠬᠠᠨ ᠪᠠᠶᠢᠳᠠᠯ ᠢ ᠣᠶᠢᠯᠠᠭᠠᠵᠤ ᠪᠣᠯᠣᠨ᠎ᠠ᠃
 
ᠢᠷᠡᠯᠲᠡ᠄ ᠦᠬᠠᠢ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号