ᠪᠤᠭᠤᠲᠤ ᠬᠤᠲᠠ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠦᠭᠵᠢᠶᠡᠨ ᠨᠡᠮᠡᠭᠳᠡᠭᠰᠡᠭᠡᠷ ᠪᠠᠶᠢᠨ᠎ᠠ
ᠨᠡᠶᠢᠲᠡᠯᠡᠭᠰᠡᠨ ᠴᠠᠭ᠄
2022/12/26
     ᠲᠦᠷᠦᠭᠦᠬᠡᠨ ᠳᠤ᠂ 2022 ᠣᠨ ᠤ ᠥᠪᠥᠷ ᠮᠣᠩᠭᠤᠯ ᠤᠨ ᠰᠦᠯᠵᠢᠶᠡᠨ ᠤ ᠺᠠᠷᠲ ᠪᠦᠷᠢᠳᠭᠡᠭᠦᠯᠬᠦ ᠭᠠᠵᠠᠷ ᠤᠨ ᠡᠪᠦᠯ ᠤᠨ ᠤᠯᠠᠷᠢᠯ ᠤᠨ ᠨᠡᠷᠡᠰ ᠤᠨ ᠵᠢᠭᠰᠠᠭᠠᠯᠲᠠ ᠶᠢ ᠵᠢᠩᠬᠢᠨᠢ ᠪᠠᠷ ᠨᠡᠶᠢᠲᠡᠯᠡᠵᠦ᠂ ᠪᠤᠭᠤᠲᠤ ᠶᠢᠨ ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ ᠰᠣᠩᠭᠤᠭᠳᠠᠪᠠ᠃      ᠣᠶᠢᠯᠠᠭᠠᠭᠰᠠᠨ ᠢᠶᠠᠷ᠂ ᠪᠤᠭᠤᠲᠤ ᠶᠢᠨ ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ ᠨᠢ ᠬᠥᠨᠳᠡᠯᠡᠨ ᠲᠣᠭᠤᠷᠢᠭ ᠤᠨ  ᠱᠧᠮᠧᠨ ᠦᠵᠡᠮᠵᠢ ᠶᠢᠨ ᠣᠷᠣᠨ ᠳᠤ ᠪᠠᠶᠢᠷᠢᠯᠠᠵᠤ᠂ 700 ᠭᠠᠷᠤᠢ ᠮᠦ ᠲᠠᠯᠠᠪᠠᠶ ᠲᠠᠢ᠂ ᠨᠡᠶᠢᠲᠡ 3000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠬᠦᠨ ᠢ ᠣᠯᠠᠨ ᠤᠯᠤᠰ ᠤᠨ ᠪᠠᠷᠢᠮᠵᠢᠶ᠎ᠠ ᠶᠣᠰᠣᠭᠠᠷ ᠪᠠᠶᠢᠭᠤᠯᠵᠤ᠂ ᠮᠢᠩᠭ᠎ᠠ ᠭᠠᠷᠤᠢ ᠬᠦᠮᠦᠨ ᠢ ᠪᠠᠭᠲᠠᠭᠠᠵᠤ ᠪᠣᠯᠣᠨ᠎ᠠ᠃ ︽ᠬᠦᠢᠲᠡᠨ︾ ᠬᠥᠳᠡᠯᠭᠡᠭᠡᠨ ᠬᠢᠭᠡᠳ ︽ᠬᠠᠯᠠᠭᠤᠷᠠᠯ︾ ᠡᠭᠦᠰᠭᠡᠯ᠎ᠡ᠃ ᠴᠠᠰᠤᠨ ᠤ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠤᠯᠠᠮ ᠠᠴᠠ ᠤᠯᠠᠮ ᠣᠯᠠᠨ ᠬᠥᠮᠥᠰ ᠭᠡᠷ ᠠᠴᠠ ᠪᠠᠨ ᠭᠠᠷᠴᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠣᠶᠢᠯᠠᠭᠠᠬᠤ ᠣᠷᠭᠢᠯᠤᠮ᠎ᠠ ᠰᠡᠳᠬᠢᠯᠭᠡ ᠪᠠ ᠪᠠᠶᠠᠷ ᠪᠠᠶᠠᠰᠤᠯ ᠢ ᠰᠣᠩᠭᠤᠵᠤ᠂ ᠣᠯᠠᠨ ᠲᠦᠮᠡᠨ ᠤ ᠣᠷᠤᠯᠴᠠᠬᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ ᠯᠦ ᠴᠧᠩ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠠᠪᠴᠢᠷᠠᠵᠤ ᠥᠭᠭᠦᠭᠰᠡᠨ ᠪᠠᠶᠢᠨ᠎ᠠ᠃ ᠡᠭᠦᠨ ᠤ ᠵᠡᠷᠭᠡᠪᠡᠷ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨ ᠤ ᠮᠥᠰᠥ ᠴᠠᠰᠤᠨ ᠤ ᠤᠯᠠᠷᠢᠯ ︱ ᠪᠤᠭᠤᠲᠤ ᠬᠤᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠥᠰᠥ ᠴᠠᠰᠤᠨ ᠤ ᠠᠵᠢᠯᠯᠠᠭ᠎ᠠ ᠴᠤ 12 ᠳ᠋ᠤᠭᠠᠷ ᠰᠠᠷ᠎ᠠ ᠳᠤ ᠡᠬᠢᠯᠡᠵᠦ᠂ 2023 ᠣᠨ ᠤ 3 ᠰᠠᠷ᠎ᠠ ᠪᠣᠯᠲᠠᠯ᠎ᠠ ᠶᠠᠪᠤᠭᠳᠠᠨ᠎ᠠ᠃ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ᠂ ᠮᠠᠨ ᠤ ᠬᠤᠲᠠ ᠺᠦᠨᠯᠦ᠋ᠨ ᠣᠯᠠᠨ ᠤᠯᠤᠰ ᠤᠨ ᠴᠠᠨᠠᠯᠠᠬᠤ ᠲᠠᠯᠠᠪᠠᠶ᠂ ᠡᠮᠦᠨᠡᠲᠦ ᠲᠠᠩᠭᠢᠰ ᠤᠨ ᠨᠤᠭᠤ ᠭᠠᠵᠠᠷ ᠤᠨ ᠴᠡᠴᠡᠷᠯᠢᠭ᠂ ᠰᠢᠶᠣᠣ ᠪᠠᠢ ᠾᠧ ᠨᠤᠭᠤ ᠭᠠᠵᠠᠷ ᠤᠨ ᠴᠡᠴᠡᠷᠯᠢᠭ᠂ ᠰᠠᠶᠢᠬᠠᠨ ᠲᠠᠯ᠎ᠠ ᠴᠡᠴᠡᠷᠯᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠭᠠᠳᠤᠮ ᠤᠨ ᠬᠦᠷᠢᠶᠡᠯᠡᠩ ᠲᠣᠭᠤᠷᠢᠭ᠂ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠪᠡᠶ᠎ᠡ ᠶᠢᠨ ᠲᠠᠮᠢᠷ ᠤᠨ ᠲᠥᠪ ᠵᠡᠷᠭᠡ ᠲᠠᠯᠠᠪᠤᠷ ᠲᠤ ᠣᠯᠠᠨ ᠨᠡᠶᠢᠲᠡ ᠶᠢᠨ ᠮᠥᠰᠥ ᠴᠠᠰᠤᠨ ᠤ ᠡᠯᠪᠡᠭ ᠪᠠᠶᠠᠯᠢᠭ ᠠᠵᠢᠯᠯᠠᠭ᠎ᠠ ᠶᠢ ᠥᠷᠨᠢᠭᠦᠯᠦᠨ᠎ᠡ᠃ ᠲᠤᠬᠠᠢ ᠶᠢᠨ ᠦᠶ᠎ᠡ ᠳᠤ ᠬᠤᠳᠠ ᠶᠢᠨ ᠠᠷᠠᠳ ᠤᠨ ᠴᠠᠨᠠᠯᠠᠬᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠴᠠᠨᠠᠯᠠᠬᠤ ᠤᠷᠤᠯᠳᠤᠭᠠᠨ᠂ ᠲᠦᠷᠭᠡᠨ ᠲᠡᠰᠢᠯᠲᠡ ᠶᠢᠨ ᠤᠷᠤᠯᠳᠤᠭᠠᠨ᠂ ᠴᠠᠰᠤᠨ ᠳᠡᠭᠡᠷᠡᠬᠢ ᠬᠥᠯ ᠪᠥᠮᠪᠦᠭᠡ ᠶᠢᠨ ᠤᠷᠤᠯᠳᠤᠭᠠᠨ᠂ ᠮᠥᠰᠥᠨ ᠳᠤ ᠭᠥᠬᠢᠳᠡᠬᠦ ᠤᠷᠤᠯᠳᠤᠭᠠᠨ᠂ ᠡᠪᠦᠯ ᠤᠨ ᠤᠮᠪᠠᠯᠲᠠ ᠶᠢᠨ ᠤᠷᠤᠯᠳᠤᠭᠠᠨ᠂ ᠮᠥᠰᠥ ᠴᠠᠰᠤᠨ ᠤ ᠰᠣᠨᠢᠷᠬᠠᠯ ᠤᠨ ᠲᠠᠮᠢᠷ ᠤᠨ ᠴᠤᠭᠯᠠᠭᠠᠨ᠂ ᠮᠥᠰᠥ ᠴᠠᠰᠤᠨ ᠤ ᠤᠷᠠᠯᠢᠭ ᠤᠨ ᠨᠠᠶᠢᠷ᠂ ᠮᠥᠰᠥ ᠴᠠᠰᠤᠨ ᠤ ᠨᠠᠶᠢᠷ ᠵᠡᠷᠭᠡ ᠰᠢᠷᠢᠰ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ᠂ ︽ᠰᠢᠨ᠎ᠡ ᠵᠢᠯ ᠢ ᠤᠭᠲᠤᠨ ᠢᠳᠡᠷᠡᠭᠦᠨ ᠠᠯᠬᠤᠬᠤ︾ ᠠᠵᠢᠯᠯᠠᠭ᠎ᠠ ᠵᠢᠴᠢ ᠵᠠᠯᠠᠭᠤᠴᠤᠳ ᠪᠠᠭᠠᠴᠤᠳ᠂ ᠤᠯᠠᠨ ᠲᠦᠮᠡᠨ ᠤ ᠮᠥᠰᠥ ᠴᠠᠰᠤᠨ ᠤ ᠪᠣᠯᠪᠠᠰᠤᠷᠠᠯ ᠢ ᠡᠷᠬᠢᠯᠡᠵᠦ᠂ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠤᠢ ᠪᠣᠯᠭᠠᠨ᠎ᠠ᠃ ᠡᠯᠪᠡᠭ ᠪᠠᠶᠠᠯᠢᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠭᠤᠯᠭ᠎ᠠ ᠪᠠ ᠠᠷᠭ᠎ᠠ ᠬᠡᠯᠪᠡᠷᠢ ᠨᠢ ᠠᠳᠠᠯᠢ ᠪᠤᠰᠤ ᠬᠥᠮᠥᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠬᠤ ᠱᠠᠭᠠᠷᠳᠠᠯᠭ᠎ᠠ ᠶᠢ ᠬᠠᠩᠭᠠᠵᠤ᠂ ᠨᠡᠩ ᠤᠯᠠᠨ ᠬᠥᠮᠥᠰ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠪᠠ ᠪᠠᠶᠠᠷ ᠪᠠᠭ᠋ᠠᠳᠤᠯ ᠢ ᠡᠳ᠋ᠯᠡᠭᠦᠯᠪᠡ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号