︵2022 ᠣᠨ ᠤ 12 ᠰᠠᠷ᠎ᠠ ᠶᠢᠨ 22 ᠤᠨ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠲᠠᠪᠤᠲᠤᠭᠠᠷ ᠪᠦᠭᠦᠲᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ 2022 ᠣᠨ ᠤ 12 ᠰᠠᠷ᠎ᠠ ᠶᠢᠨ 21 ᠠᠴᠠ 22 ᠤᠨ ᠡᠳᠦᠷ ᠪᠣᠯᠲᠠᠯ᠎ᠠ | ᠬᠥᠬᠡᠬᠤᠲᠠ ᠳᠤ ᠬᠤᠷᠠᠯᠳᠤᠪᠠ᠃ | | | ᠲᠤᠰ ᠤᠳᠠᠭ᠎ᠠ ᠶᠢᠨ ᠪᠦᠬᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠡᠰᠢᠭᠦᠨ 64 ᠬᠥᠮᠥᠨ᠂ ᠣᠷᠣᠯᠠᠭᠴᠢ ᠭᠡᠰᠢᠭᠦᠨ 9 ᠬᠥᠮᠥᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠨᠢᠭᠡᠴᠢ ᠶᠢᠨ | ᠬᠠᠷᠢᠭᠤᠴᠠᠯᠭᠠᠲᠠᠨ ᠨᠥᠬᠦᠳ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠭᠤᠣᠯ | ᠬᠠᠷᠢᠭᠤᠴᠠᠯᠭᠠᠲᠠᠨ ᠨᠥᠬᠦᠳ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ | ᠣᠷᠣᠯᠴᠠᠪᠠ᠃ ᠬᠤᠷᠠᠯ ᠳᠤ ᠬᠢᠩᠭᠠᠨ ᠠᠶᠢᠮᠠᠭ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠣᠷᠳᠣᠰ | ᠬᠤᠳᠠ ᠳᠤ ᠲᠤᠰ ᠲᠤᠰ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ ᠃ | ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ | ᠯᠢ ᠰᠢᠶᠠ ᠲᠣᠰ ᠲᠣᠰ ᠶᠠᠷᠢᠶ᠎ᠠ ᠲᠠᠯᠪᠢᠪᠠ᠃ | | ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠦᠨ ᠱᠤᠤ ᠴᠧᠩ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ | ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2022 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ | 2023 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ ᠃ | | ᠪᠦᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ ᠃ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ | ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠠᠷᠠᠳ ᠤᠨ | ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠪᠠᠷ ᠬᠦᠴᠦᠯᠡᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ | ᠠᠵᠢᠯ ᠬᠢᠬᠦ ᠶᠢ ᠵᠣᠷᠢᠭᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠪᠦᠬᠦ | ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤᠪᠠᠷ ᠴᠢᠷᠮᠠᠶᠢᠵᠤ᠂ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ | ᠰᠠᠨᠠᠯ ᠨᠢᠭᠡᠲᠠᠢ ᠦᠵᠡᠵᠡᠭᠡᠪᠡ ᠃ | ᠪᠥᠬᠦᠳᠡ ᠬᠤᠷᠠᠯ ᠠᠴᠠ᠂ ᠲᠦᠷᠦᠭᠦᠬᠡᠨ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠠᠴᠠ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠢᠷᠡᠬᠦ ᠵᠢᠯ ᠤᠨ | ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠵᠤ᠂ ᠪᠢᠳᠡᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠠᠩ ᠰᠠᠶᠢᠲᠤᠷ ᠲᠦᠯᠬᠢᠨ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠨ᠂ ᠵᠢᠷᠤᠮᠯᠠᠯ ᠬᠠᠩᠭᠠᠪᠠ᠃ | ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠢᠷᠡᠬᠦ ᠵᠢᠯ ᠤᠨ ᠪᠥᠬᠦ ᠣᠷᠣᠨ ᠤ ᠠᠵᠤ | ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠦᠯᠦᠪᠵᠢᠭᠦᠯᠵᠦ᠂ ᠬᠥᠭᠵᠢᠯᠲᠡ ᠪᠠ | ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠦᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠪᠴᠢᠯᠡᠵᠦ᠂ ᠨᠡᠮᠡᠭᠳᠡᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠲᠣᠭᠲᠠᠭᠤᠨ ᠤ ᠲᠤᠮᠲᠠ ᠤᠷᠤᠭᠰᠢᠯᠠᠨ ᠲᠠᠪᠰᠢᠬᠤ | ᠰᠠᠭᠤᠷᠢᠨ ᠳᠡᠭᠡᠷ᠎ᠡ ᠲᠣᠭᠲᠠᠭᠤᠨ ᠤ ᠲᠤᠮᠲᠠ ᠲᠦᠷᠭᠡᠨ ᠤᠷᠤᠭᠰᠢᠯᠠᠭᠤᠯᠵᠤ᠂ ᠲᠣᠭᠲᠠᠭᠤᠨ ᠤ ᠲᠤᠮᠲᠠ ᠰᠠᠶᠢᠲᠤᠷ | ᠤᠷᠤᠭᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠲᠡᠭᠡᠭᠰᠢᠯᠡᠯᠲᠡ ᠪᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠳᠤ ᠬᠤᠪᠢ ᠨᠡᠮᠡᠷᠢ ᠦᠵᠡᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ ᠃ | ᠪᠦᠬᠦᠳᠡ ᠬᠤᠷᠠᠯ ᠠᠴᠠ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠡᠩ | ᠲᠡᠷᠢᠭᠦᠨ ᠳᠤ ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠲᠠᠯ᠎ᠠ ᠪᠠᠷ ᠰᠢᠷᠭᠠᠭᠤ | ᠬᠠᠲᠠᠭᠤᠵᠢᠯᠲᠠᠢ ᠴᠢᠷᠮᠠᠶᠢᠬᠤ ᠬᠡᠷᠡᠭᠲᠡᠢ᠃ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ᠂ ᠬᠥᠭᠵᠢᠯᠲᠡ ᠶᠢ ᠲᠦᠷᠭᠡᠳᠬᠡᠬᠦ᠂ | ᠬᠥᠭᠵᠢᠯᠲᠡ ᠶᠢ ᠶᠡᠭᠡ ᠪᠠᠷ ᠠᠳᠬᠤᠬᠤ ᠣᠶᠢᠯᠠᠭᠠᠭᠳᠠᠬᠤᠨ ᠢ ᠪᠤᠢ ᠪᠣᠯᠭᠠᠵᠤ᠂ ᠵᠣᠷᠢᠭᠲᠠᠢ ᠪᠠᠷ ᠲᠡᠷᠢᠭᠦᠨ ᠤ ᠬᠢ | ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠪᠠᠷ ᠴᠢᠷᠮᠠᠶᠢᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠠᠬᠢ ᠬᠤᠪᠢ ᠶᠢᠨ ᠵᠢᠩ ᠪᠣᠯᠣᠨ ᠪᠠᠶᠢᠷᠢ ᠳᠠᠷᠠᠭᠠᠯᠠᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ ︽ᠪᠢ | ᠪᠤᠰᠤᠳ ᠢ ᠬᠦᠷᠬᠦ ᠦᠭᠡᠢ︾ ᠭᠡᠬᠦ ᠪᠤᠳᠤᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ ᠭᠡᠬᠦ | ᠪᠤᠳᠤᠯ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ᠂ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ | ᠵᠤᠷ ᠦᠭᠡᠢ ᠪᠤᠯ ᠡᠮ ᠦᠭᠬᠦ ᠵᠤᠷᠢᠭ ᠦᠭᠡᠢ︾ ᠬᠢᠲᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠬᠤᠯᠠ ᠶᠢ | ᠬᠠᠷᠠᠬᠤ ᠦᠭᠡᠢ︾ ᠰᠡᠳᠬᠢᠬᠦᠢ᠂ ︽ᠨᠠᠷᠢᠨ ᠵᠦᠢᠯᠡᠰ ᠢ ᠠᠩᠬᠠᠷᠬᠤ ᠦᠭᠡᠢ ᠪᠠᠷᠤᠭ ᠲᠦᠯᠦᠪ ᠢᠶᠠᠷ ᠨᠢ ᠪᠤᠯᠭᠠᠬᠤ︾ | ᠭᠡᠬᠦ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠪᠠᠨ | ᠲᠠᠶᠠᠭᠳᠠᠵᠤ᠂ ᠲᠠᠷᠢᠬᠢ ᠲᠣᠯᠣᠭᠠᠢ ᠳᠠᠬᠢ ᠲᠡᠳᠡᠭᠡᠷ ᠴᠠᠭ ᠦᠶ᠎ᠡ ᠳᠤ ᠲᠣᠬᠢᠷᠠᠬᠤ ᠦᠭᠡᠢ ᠵᠦᠢᠯᠡᠰ ᠢᠶᠠᠨ ᠡᠷᠡᠰ | ᠲᠠᠶᠠᠭᠳᠠᠵᠤ᠂ ᠵᠥᠪ ᠬᠥᠭᠵᠢᠯᠲᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ ᠃ | ᠪᠥᠬᠦᠳᠡ ᠬᠤᠷᠠᠯ ᠠᠴᠠ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ | ᠡᠭᠦᠷᠭᠡ ᠶᠢ ᠲᠤᠲᠤᠷᠬᠠᠶᠢᠯᠠᠪᠠ᠃ ᠨᠢᠭᠡ ᠳᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠵᠢᠷᠤᠮᠵᠢᠯ ᠡᠮᠬᠢ ᠲᠢᠭᠯᠢᠮ ᠲᠠᠢ᠂ ᠲᠡᠯᠡᠬᠦ ᠲᠠᠯᠪᠢᠬᠤ ᠬᠡᠮᠵᠢᠶ᠎ᠡ ᠲᠠᠢ᠂ ᠤᠷᠴᠢᠯ ᠰᠠᠭᠠᠳ ᠦᠭᠡᠢ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠪᠠᠶᠢᠭᠠᠯᠢ ᠶᠢᠨ ᠡᠬᠢ | ᠪᠠᠶᠠᠯᠢᠭ᠂ ᠣᠷᠣᠰᠢᠨ ᠲᠣᠭᠲᠠᠨᠢᠬᠤ ᠨᠥᠬᠦᠴᠡᠯ᠂ ᠠᠮᠢ ᠠᠬᠤᠢ ᠶᠢᠨ ᠪᠠᠶᠢᠳᠠᠯ ᠲᠠᠢ ᠤᠶᠠᠯᠳᠤᠭᠤᠯᠤᠨ᠂ ᠶᠠᠮᠠᠷ | ᠭᠠᠵᠠᠷ ᠲᠤ ᠬᠥᠮᠥᠨ ᠴᠤᠭᠯᠠᠷᠠᠭᠤᠯᠬᠤ᠂ ᠶᠠᠮᠠᠷ ᠭᠠᠵᠠᠷ ᠲᠤ ᠬᠥᠮᠥᠨ ᠨᠡᠭᠦᠯᠭᠡᠬᠦ ᠶᠢ ᠨᠢᠭᠡᠳᠦᠯᠲᠡᠢ ᠲᠥᠯᠥᠪᠯᠡᠨ | ᠰᠦᠪᠡᠭᠴᠢᠯᠡᠬᠦ ᠬᠡᠷᠡᠭᠲᠡᠢ᠃ᠴᠢᠬᠤᠯᠠ ᠰᠠᠪᠠ ᠭᠠᠵᠠᠷ ᠪᠠ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠳᠤ ᠠᠩᠬᠠᠷᠤᠯ ᠢᠶᠠᠨ ᠲᠥᠪᠯᠡᠷᠡᠭᠦᠯᠦᠨ ᠤᠰᠤᠨ ᠲᠣᠣᠷ ᠤᠨ ᠪᠠᠶᠢᠷᠢᠯᠠᠭᠤᠯᠤᠯᠲᠠ ᠶᠢ ᠰᠠᠶᠢᠲᠤᠷ | ᠠᠳᠬᠤᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ᠂ | ᠤᠰᠤᠨ ᠤ ᠠᠮᠢ ᠠᠬᠤᠢ ᠶᠢ ᠬᠠᠮᠠᠭᠠᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ | ᠤᠰᠤᠨ ᠲᠣᠣᠷ ᠤᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠠᠢ᠃ᠶᠡᠭᠡ ᠶᠢ ᠠᠳᠬᠤᠨ ᠪᠠᠭ᠎ᠠ ᠶᠢ ᠳᠠᠶᠢᠴᠢᠯᠠᠬᠤ ᠶᠢ | ᠪᠠᠷᠢᠮᠲᠠᠯᠠᠵᠤ᠂ ᠵᠤᠯᠭᠠᠭᠤᠯᠤᠨ ᠵᠠᠯᠭᠠᠯᠲᠤᠭᠤᠯᠬᠤ ᠶᠢ ᠴᠢᠩᠭᠠᠳᠬᠠᠵᠤ᠂ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠭᠰᠡᠨ᠂ | ᠡᠮᠦᠨᠡᠰᠢ ᠤᠮᠠᠷᠠᠰᠢ ᠭᠤᠯᠳᠤ ᠬᠤᠯᠪᠣᠯᠳᠤᠭᠰᠠᠨ᠂ ᠪᠡᠭᠡᠵᠢᠩ ᠲᠠᠢ ᠰᠢᠭᠤᠳ ᠨᠡᠪᠲᠡᠷᠡᠭᠰᠡᠨ᠂ ᠨᠠᠢᠮᠠᠨ ᠮᠤᠵᠢ ᠲᠠᠢ | ᠰᠠᠭᠠᠳ ᠦᠭᠡᠢ ᠨᠡᠪᠲᠡᠷᠡᠭᠰᠡᠨ᠂ ᠬᠢᠯᠢ ᠬᠢᠵᠠᠭᠠᠷ ᠳᠠᠯᠠᠢ ᠲᠠᠩᠭᠢᠰ ᠲᠤ ᠬᠦᠷᠦᠭᠰᠡᠨ᠂ ᠬᠤᠳᠠ ᠬᠥᠳᠡᠭᠡ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠲᠦᠷᠭᠡᠨ ᠢᠶᠠᠷ | ᠪᠠᠶᠢᠭᠤᠯᠬᠤ ᠬᠡᠷᠡᠭᠲᠠᠢ᠃ᠣᠯᠠᠨ ᠲᠥᠯᠦᠪᠵᠢᠭᠦᠯᠭᠡ ᠶᠢ ᠨᠢᠭᠡᠳᠬᠡᠭᠰᠡᠨ᠂ ᠵᠢᠷᠤᠭ ᠲᠤᠭ᠎ᠠ ᠨᠢᠭᠡᠳᠦᠯᠲᠡᠢ ᠂ ᠲᠡᠭᠡᠷ᠎ᠡ | ᠲᠤᠤᠷ᠎ᠠ ᠨᠢᠭᠡ ᠴᠣᠭᠴᠠᠵᠢᠭᠤᠯᠤᠭᠰᠠᠨ ᠪᠥᠬᠦ ᠣᠷᠣᠨ ᠤ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ︽ᠨᠢᠭᠡ ᠵᠢᠷᠤᠭ︾ ᠢ ᠲᠦᠷᠭᠡᠳᠬᠡᠨ ᠪᠣᠶ ᠪᠣᠯᠭᠠᠨ᠎ᠠ᠃ᠡᠯ᠎ᠡ ᠭᠠᠵᠠᠷ ᠤᠨ ᠬᠠᠷᠢᠴᠠᠩᠭᠤᠢ | ᠳᠠᠪᠠᠭᠤᠯᠢᠭ ᠢ ᠪᠠᠳᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠰᠢᠨ᠎ᠡ ᠡᠨᠧᠷᠭᠢ᠂ ᠨᠡᠭᠦᠷᠡᠰᠦ᠂ ᠲᠠᠷᠢᠶᠠᠯᠠᠩ ᠮᠠᠯ ᠠᠵᠤ ᠠᠬᠤᠢ᠂ ᠦᠶᠯᠡᠳᠬᠦ ᠦᠢᠯᠡᠰ ᠵᠡᠷᠭᠡ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠨ᠎ᠡ᠃ ᠲᠠᠷᠢᠶᠠᠯᠠᠩ ᠮᠠᠯ ᠠᠵᠤ ᠠᠬᠤᠢ ᠨᠢ ᠲᠠᠯᠠᠪᠠᠢ | ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠦᠭᠦᠭᠡᠷᠦᠮᠵᠢᠲᠤ ᠲᠠᠷᠢᠶᠠᠯᠠᠩ ᠪᠣᠯᠣᠨ | ᠬᠠᠰᠢᠶᠠᠯᠠᠨ ᠲᠡᠵᠢᠭᠡᠬᠦ ᠶᠢ ᠶᠡᠬᠡᠪᠡᠷ ᠬᠥᠭᠵᠢᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠲᠠᠯ᠎ᠠ ᠪᠠᠷ ᠮᠡᠷᠭᠡᠵᠢᠯ ᠤᠨ | ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠴᠢᠩᠭᠠᠳᠬᠠᠵᠤ᠂ ᠲᠣᠭᠠᠴᠢᠯᠠᠬᠤ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ ᠣᠷᠣᠭᠤᠯᠤᠯᠲᠠ ᠭᠠᠷᠭᠠᠯᠲᠠ ᠶᠢᠨ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠃ᠰᠢᠨ᠎ᠡ | ᠡᠨᠧᠷᠭᠢ ᠶᠢ ᠨᠡᠭᠡᠭᠡᠨ ᠠᠰᠢᠭᠯᠠᠬᠤ ᠳᠤ ︽ᠬᠦᠯᠢᠶᠡᠵᠦ ᠦᠯᠦ ᠪᠤᠯᠬᠤ︾ ᠲᠤᠯᠭᠠᠮ ᠰᠡᠳᠬᠢᠯᠭᠡ ᠪᠠ | ︽ᠤᠳᠠᠭᠠᠰᠢᠷᠠᠭᠤᠯᠵᠤ ᠦᠯᠦ ᠪᠤᠯᠬᠤ︾ ᠲᠦᠭᠰᠢᠭᠦᠷᠢᠲᠦ ᠰᠡᠳᠬᠢᠯᠭᠡ ᠲᠠᠢ ᠪᠠᠶᠢᠵᠤ᠂ ᠥᠷᠯᠥᠭᠡ ᠦᠳᠡᠰᠢ ᠶᠢ | ᠲᠡᠮᠡᠴᠡᠵᠦ᠂ ᠶᠡᠭᠡ ᠪᠠᠷ ᠠᠵᠢᠯᠯᠠᠵᠤ ᠲᠦᠷᠭᠡᠨ ᠬᠥᠭᠵᠢᠬᠦ ᠬᠡᠷᠡᠭᠲᠡᠢ᠃ ᠵᠢᠭᠤᠯᠴᠢᠯᠠᠯ ᠤᠨ ᠦᠢᠯᠡᠰ ᠡᠬᠢ ᠪᠠᠶᠠᠯᠢᠭ ᠢ | ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ | ᠦᠢᠯᠡᠰ ᠤᠨ ᠠᠵᠢᠯ ᠢ ᠭᠦᠢᠴᠡᠳ ᠬᠢᠬᠦ ᠬᠡᠷᠡᠭᠲᠡᠢ᠃ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠡᠳ᠋ ᠬᠥᠷᠥᠩᠭᠡ ᠶᠢᠨ ᠬᠡᠪᠴᠢᠶ᠎ᠡ ᠶᠢ | ᠦᠷᠭᠡᠳᠬᠡᠨ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ | ᠲᠣᠷᠭᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠣᠯᠭᠠᠨ᠎ᠠ᠃ᠰᠢᠨ᠎ᠡ ᠨᠡᠮᠡᠭᠳᠡᠯ ᠤᠨ ᠴᠡᠭ ᠢ ᠲᠦᠷᠭᠡᠨ ᠢᠶᠠᠷ | ᠪᠣᠶᠢᠵᠢᠭᠤᠯᠵᠤ᠂ ᠭᠠᠵᠠᠷ ᠰᠢᠷᠣᠢ ᠶᠢ ᠡᠵᠡᠩᠨᠡᠬᠦ ᠪᠠ ᠨᠡᠭᠦᠷᠡᠰᠦᠲᠥ᠋ᠷᠥᠭᠴᠢ ᠬᠤᠷᠠᠯᠳᠤᠭᠤᠯᠬᠤ ᠭᠦᠢᠴᠡᠳᠬᠡᠯ ᠲᠤᠭ᠎ᠠ ᠶᠢ | ᠠᠷᠠᠯᠵᠢᠶᠠᠯᠠᠬᠤ ᠠᠵᠢᠯ ᠢ ᠰᠠᠶᠢᠲᠤᠷ ᠬᠢᠨ᠎ᠡ᠃ ᠬᠡᠷᠡᠭᠯᠡᠭᠡ᠂ ᠭᠠᠲᠠᠭᠠᠲᠤ ᠭᠠᠷᠭᠠᠯᠲᠠ᠂ ᠪᠡᠯᠡ ᠤᠷᠤᠭᠤᠯᠤᠯᠲᠠ ᠶᠢ | ᠪᠥᠬᠦ ᠬᠦᠴᠦᠨ ᠢᠶᠠᠷ ᠢᠶᠠᠨ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠡ ᠶᠢ ᠲᠠᠰᠤᠷᠠᠯᠲᠠ ᠦᠭᠡᠢ | ᠰᠡᠷᠭᠦᠭᠡᠨ ᠥᠷᠭᠡᠳᠬᠡᠵᠦ᠂ ᠵᠡᠭᠦᠨᠰᠢ ᠪᠠᠷᠠᠭᠤᠨᠰᠢ ᠥᠷᠭᠡᠳᠬᠡᠨ ᠨᠡᠭᠡᠭᠡᠯᠲᠡ ᠬᠢᠬᠦ ᠠᠵᠢᠯ ᠢ ᠰᠠᠶᠢᠲᠤᠷ ᠬᠢᠨ᠎ᠡ᠃ | ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠨᠡᠩ ᠶᠡᠭᠡ | ᠡᠷᠴᠢᠮ ᠢᠶᠠᠷ ᠴᠢᠩᠭᠠᠳᠬᠠᠨ᠎ᠠ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠴᠢᠨᠠᠭᠰᠢᠲᠠ | ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠣᠷᠣᠭᠤᠯᠤᠨ | ᠠᠪᠴᠢᠷᠠᠬᠤ ᠲᠣᠭᠲᠠᠴᠠ ᠶᠢ ᠰᠢᠯᠤᠭᠤᠳᠬᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠬᠠᠨᠳᠤᠯᠭᠠᠲᠤ | ᠴᠢᠨᠠᠷᠲᠠᠢ ᠪᠠᠷ ᠴᠢᠳᠠᠪᠤᠷᠢᠲᠠᠨ ᠢ ᠡᠯᠰᠡᠵᠦ ᠤᠷᠤᠭᠤᠯᠤᠨ ᠠᠪᠴᠢᠷᠠᠵᠤ᠂ ᠲᠤᠰ ᠭᠠᠵᠠᠷ ᠤᠨ ᠴᠢᠳᠠᠪᠤᠷᠢᠲᠠᠨ ᠰᠡᠳᠬᠢᠯ | ᠬᠤᠷᠭᠤᠳᠠᠬᠤ᠂ ᠭᠠᠳᠠᠨᠠᠬᠢ ᠴᠢᠳᠠᠪᠤᠷᠢᠲᠠᠨ ᠢᠷᠡᠬᠦ ᠳᠤᠷᠠᠲᠠᠢ ᠪᠣᠯᠭᠠᠬᠤ ᠬᠡᠷᠡᠭᠲᠡᠢ᠃ ᠨᠢᠭᠡᠨᠲᠡ ᠪᠠᠶᠢᠭ᠎ᠠ ᠰᠢᠨ᠎ᠡ ᠶᠢ | ᠡᠭᠦᠳᠬᠦ ᠲᠠᠪᠴᠠᠩ ᠢᠯᠠᠩᠭᠤᠶ᠎ᠠ ᠤᠯᠤᠰ ᠤᠨ ᠲᠡᠰ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ | ᠰᠠᠶᠢᠲᠤᠷ ᠬᠡᠷᠡᠭᠯᠡᠵᠦ᠂ ᠠᠵᠤ ᠦᠢᠯᠡᠰ ᠤᠨ ᠬᠥᠭᠵᠢᠯᠲᠡ ᠳᠤ ᠨᠡᠩ ᠰᠠᠶᠢᠨ ᠬᠦᠲᠡᠯᠭᠡᠬᠦ ᠬᠦᠴᠦᠨ ᠤᠯᠭᠤᠬᠤ ᠬᠡᠷᠡᠭᠲᠠᠢ | ᠃ ᠳᠥᠷᠪᠡ ᠳᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ ᠤᠰᠤ᠂ ᠭᠠᠵᠠᠷ ᠰᠢᠷᠣᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ | ᠭᠠᠷᠤᠯᠲᠠ᠂ ᠬᠠᠶᠠᠭᠳᠠᠮᠠᠯ ᠪᠣᠳᠠᠰ᠂ ᠪᠠᠶᠢᠭᠤᠯᠭ᠎ᠠ ᠶᠢᠨ ᠠᠯᠪᠠᠨ ᠠᠵᠢᠯ ᠵᠡᠷᠭᠡ ᠬᠦᠷᠢᠶᠡᠨ ᠳᠠᠬᠢ ᠡᠯ᠎ᠡ ᠵᠦᠢᠯ ᠤᠨ ᠡᠬᠢ | ᠪᠠᠶᠠᠯᠢᠭ ᠢ ᠪᠦᠷᠢᠯᠭᠡᠨ ᠰᠦᠢᠳᠬᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠦᠨᠡᠨ ᠬᠦ | ᠠᠮᠢᠲᠤᠯᠢᠭᠵᠢᠭᠤᠯᠵᠤ᠂ ᠥᠨᠳᠥᠷ ᠪᠦᠲᠦᠮᠵᠢᠲᠡᠢ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠲᠠᠪᠤ ᠳᠤ ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ᠂ | ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠯᠠᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠢ ᠴᠢᠩᠭ᠎ᠠ | ᠠᠳᠬᠤᠨ ᠪᠣᠳᠠᠲᠠᠢ ᠠᠳᠬᠤᠬᠤ ᠬᠡᠷᠡᠭᠲᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠨ᠎ᠠ᠃ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ᠡᠳ᠋ ᠤᠨ ᠵᠠᠰᠠᠭ | ᠮᠥᠩᠭᠦᠨ ᠭᠦᠢᠯᠭᠡᠭᠡ᠂ ᠭᠡᠷ ᠭᠠᠵᠠᠷ ᠤᠨ ᠬᠥᠷᠥᠩᠭᠡ ᠵᠡᠷᠭᠡ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠵᠦ ᠠᠷᠢᠯᠭᠠᠬᠤ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ᠨᠡᠶᠢᠭᠡᠮ ᠤᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ᠂ | ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠲᠡᠭᠦᠯᠬᠦ ᠬᠡᠷᠡᠭᠲᠠᠢ ᠃ | ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠨ ᠡᠬᠢᠯᠡᠯᠲᠡ ᠲᠠᠢ ᠪᠤᠯᠭᠠᠬᠤ ᠶᠢ | ᠴᠢᠷᠮᠠᠶᠢᠨ ᠪᠡᠶᠡᠯᠡᠭᠦᠯᠵᠦ᠂ ᠪᠦᠬᠦᠯᠢ ᠴᠣᠭᠴᠠ ᠪᠠᠷ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ | ᠥᠷᠭᠡᠳᠬᠡᠬᠦ ᠬᠡᠷᠡᠭᠲᠡᠢ᠃ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠲᠡᠷᠢᠭᠦᠨ ᠤ ᠦᠢᠯᠡᠳᠬᠦ | ᠦᠢᠯᠡᠰ ᠢᠶᠠᠷ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠪᠠᠷᠢᠮᠲᠠᠯᠠᠵᠤ᠂ ᠲᠠᠪᠠᠭᠤᠯᠢᠭ | ᠢᠶᠠᠨ ᠪᠠᠲᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠡᠷᠡᠭᠲᠡᠢ᠃ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ | ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ᠦᠢᠯᠡᠴᠢᠯᠡᠭᠡᠨ ᠤ ᠤᠬᠠᠮᠰᠠᠷ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ | ᠴᠢᠩᠭᠠᠳᠬᠠᠵᠤ᠂ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ᠃ᠠᠮᠢ ᠠᠬᠤᠢ ᠶᠢ ᠤᠷᠢᠳ | ᠢᠶᠠᠷ ᠪᠤᠲᠤᠯᠬᠢᠯᠠᠬᠤ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠤ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠯᠬᠤᠮ ᠢ ᠠᠯᠬᠤᠬᠤ ᠬᠡᠷᠡᠭᠲᠡᠢ᠃ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠢᠳᠤᠷᠠᠯ ᠢ ᠡᠲᠦᠷ ᠠᠴᠠ ᠡᠲᠦᠷ ᠦᠭᠡᠳᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ | ᠡᠨᠡ ᠬᠦ ᠭᠤᠣᠯᠳᠠᠯᠭ᠎ᠠ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠠᠵᠤ ᠠᠬᠤᠢ ᠶᠢᠨ ᠠᠵᠢᠯ ᠢ ᠨᠢᠭᠡᠳᠦᠯᠲᠡᠢ | ᠲᠦᠯᠦᠪᠵᠢᠭᠦᠯᠦᠨ ᠲᠦᠯᠦᠪᠯᠡᠬᠦ ᠪᠠᠨ ᠴᠢᠩᠭᠠᠳᠬᠠᠵᠤ᠂ ᠦᠷ᠎ᠡ ᠳ᠋ᠦᠩ ᠢ ᠨᠡᠩ ᠴᠢᠬᠤᠯᠠᠴᠢᠯᠠᠬᠤ ᠬᠢᠨᠠᠨ ᠰᠢᠯᠭᠠᠬᠤ | ᠲᠣᠭᠲᠠᠴᠠ ᠶᠢ ᠲᠡᠭᠦᠯᠳᠡᠷᠵᠢᠭᠦᠯᠦᠨ ᠪᠣᠳᠠᠲᠠᠶᠢᠵᠢᠭᠤᠯᠬᠤ ᠬᠡᠷᠡᠭᠲᠡᠢ᠃ᠡᠯ᠎ᠡ ᠱᠠᠲᠤᠨ ᠤ ᠨᠠᠮ ᠤᠨ ᠬᠤᠷᠢᠶᠠᠨ ᠤ ᠱᠦᠵᠢ | ᠠᠵᠤ ᠠᠬᠤᠢ ᠶᠢᠨ ᠠᠵᠢᠯ ᠢ ᠠᠳᠬᠤᠬᠤ ᠤᠬᠠᠮᠰᠠᠷ ᠢᠶᠠᠨ ᠴᠢᠩᠭᠠᠳᠬᠠᠵᠤ᠂ ᠪᠡᠶ᠎ᠡ ᠪᠠᠷ ᠢᠶᠠᠨ ᠭᠠᠷᠳᠠᠵᠦ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠰᠤᠷᠤᠯᠴᠠᠯᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠢ ᠤᠳᠤᠷᠢᠳᠬᠤ ᠪᠠ ᠠᠬᠢᠭᠤᠯᠬᠤ ᠴᠢᠳᠠᠪᠤᠷᠢ ᠪᠠᠨ | ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠭᠤᠤᠯ ᠨᠢ | ᠬᠢᠵᠦ ᠨᠠᠶᠢᠲᠠᠪᠤᠷᠢᠵᠢᠭᠤᠯᠬᠤ ᠳᠤ ᠪᠤᠢ᠃ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ᠲᠦᠷᠦᠭᠦᠯᠡᠬᠦ ᠶᠢ | ᠪᠠᠷᠢᠮᠲᠠᠯᠠᠵᠤ᠂ ᠪᠦᠬᠦ ᠣᠷᠣᠨ ᠲᠠᠶᠠᠭᠠᠷ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠵᠤ᠂᠂ | ᠬᠠᠷᠠᠯᠲᠠ ᠪᠠᠨ ᠡᠵᠡᠮᠳᠡᠵᠦ᠂ ᠵᠣᠷᠢᠭᠲᠠᠢ ᠪᠠᠷ ᠠᠵᠢᠯᠯᠠᠵᠤ᠂ ᠬᠤᠷᠲᠤᠴᠠ ᠪᠠᠨ ᠲᠦᠷᠭᠡᠳᠭᠡᠵᠦ ᠦᠷ᠎ᠡ ᠪᠦᠲᠦᠮᠵᠢ ᠪᠠᠨ | ᠲᠡᠭᠡᠭᠰᠢᠯᠡᠭᠦᠯᠵᠦ ᠠᠵᠢᠯ ᠢᠶᠠᠨ ᠰᠠᠶᠢᠲᠤᠷ ᠬᠢᠵᠦ᠂ ᠡᠷᠡᠮᠡᠬᠡᠶᠢᠯᠡᠨ ᠲᠡᠮᠡᠴᠡᠵᠦ ᠵᠢᠳᠭᠦᠯ ᠴᠢᠷᠮᠠᠶᠢᠭ᠎ᠠ ᠭᠠᠷᠭᠠᠬᠤ | ᠤᠶᠤᠨ ᠰᠠᠨᠠᠭᠠᠨ ᠤ ᠪᠠᠶᠢᠳᠠᠯ ᠪᠣᠯᠣᠨ ᠴᠠᠭ ᠮᠦᠴᠡ ᠲᠠᠢ ᠤᠷᠤᠯᠳᠤᠬᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ | ᠵᠦᠢᠯ ᠤᠨ ᠬᠠᠷᠠᠯᠲᠠ ᠡᠭᠦᠷᠭᠡ ᠶᠢ ᠴᠠᠭ ᠢᠮᠠᠭᠳᠠ ᠪᠣᠳᠠᠲᠠᠢ ᠳᠤ ᠨᠠᠶᠢᠳᠠᠪᠤᠷᠢᠵᠢᠭᠤᠯᠬᠤ ᠵᠢᠠᠬᠢᠭᠤᠯᠬᠤ ᠬᠡᠷᠡᠭᠲᠡᠢ᠃ | ᠣᠳᠣᠬᠠᠨ ᠳᠤ ᠶᠠᠭ ᠰᠠᠶᠢᠬᠠᠨ ᠵᠢᠯ ᠤᠨ ᠠᠭᠤᠯᠵᠠᠷ ᠲᠤ ᠪᠠᠶᠢᠭ᠎ᠠ ᠪᠣᠯᠬᠤᠷ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠨᠠᠷᠢᠨ ᠨᠢᠮᠪᠠᠢ ᠵᠤᠬᠢᠶᠠᠨ ᠪᠠᠶᠢᠭᠤᠯᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ | ᠡᠳ᠋ ᠪᠣᠳᠠᠰ ᠤᠨ ᠬᠠᠩᠭᠠᠯᠭ᠎ᠠ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠭᠦ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠥᠯᠥᠰᠦᠨ ᠠᠵᠢᠯᠴᠢᠨ ᠤ | ᠴᠠᠯᠢᠩ ᠢ ᠲᠠᠷᠬᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠢ ᠬᠠᠯᠠᠭᠤᠨ | ᠳᠤᠯᠠᠭᠠᠨ ᠠᠮᠤᠷ ᠲᠦᠪᠰᠢᠨ ᠢᠶᠠᠷ ᠡᠪᠦᠯ ᠢ ᠥᠩᠭᠡᠷᠡᠭᠦᠯᠬᠦ᠂ ᠪᠠᠶᠠᠷ ᠪᠠᠶᠠᠰᠬᠤᠯᠠᠩ ᠲᠠᠢ ᠪᠠᠷ ᠪᠠᠶᠠᠷ ᠲᠤᠷᠠᠰᠬᠠᠯ ᠤᠨ | ᠡᠳᠦᠷ ᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ | ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠢᠯᠡᠭᠦᠬᠡᠨ ᠬᠤᠪᠢ ᠨᠡᠮᠡᠷᠢ ᠦᠵᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠶᠠᠨ | ᠵᠢᠷᠭᠠᠯ ᠢᠢᠯᠡᠭᠦᠬᠡᠨ ᠨᠡᠮᠡᠭᠲᠡᠭᠦᠯᠰᠦᠭᠡᠢ ᠭᠡᠵᠦ ᠤᠷᠢᠶᠠᠯᠠᠪᠠ᠃ | | | | |