ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ | ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠤᠯᠠᠨ ᠦᠵᠡᠯ ᠰᠠᠨᠠᠭ᠎ᠠ ᠭᠦᠨᠵᠡᠭᠡᠢ᠂ ᠤᠷᠠᠯᠢᠭ ᠲᠡᠭᠦᠯᠳᠡᠷ | ᠪᠤᠯᠪᠠᠰᠤᠷᠠᠩᠭᠤᠢ᠂ ᠵᠣᠬᠢᠶᠠᠨ ᠪᠦᠲᠦᠭᠡᠯᠲᠡ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ | ᠳᠡᠯᠭᠡᠨ ᠦᠵᠡᠬᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠢ ᠴᠣᠭᠴᠠᠯᠠᠬᠤ︾ ᠠᠵᠢᠯ ᠤᠨ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ | ᠠᠷᠠᠳ ᠲᠦᠮᠡᠨ ᠤ ᠥᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠬᠦᠴᠦ ᠪᠠᠨ ᠬᠠᠮᠲᠤᠳᠬᠠᠨ ᠴᠠᠭ ᠦᠶ᠎ᠡ ᠶᠢᠨ | ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠥᠲᠥᠭᠡᠪᠡ᠃ | | ᠡᠨᠡ ᠵᠢᠯ ᠠᠴᠠ ᠨᠠᠭᠠᠰᠢ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠢᠨ ᠠᠷᠠᠳ ᠲᠦᠮᠡᠨ ᠢᠶᠠᠷ ᠭᠤᠣᠯ | ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ︽ᠠᠯᠠᠱᠠ ᠠᠶᠢᠮᠠᠭ ᠤᠨ ᠤᠯᠠᠭᠠᠨᠮᠥ᠋ᠴᠢᠷ ᠤᠨ | ᠦᠢᠯᠡᠰ ᠤᠨ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ︵2021 —— | 2030 ᠣᠨ︶︾᠂ ︽2022 ᠣᠨ ᠤ ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ | ᠵᠣᠬᠢᠶᠠᠨ ᠪᠦᠲᠦᠭᠡᠬᠦ ᠲᠥᠯᠥᠪᠯᠡᠭᠡ︾ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠷᠠᠳ ᠣᠯᠠᠨ ᠤ | ᠰᠣᠶᠣᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠦᠲᠦᠭᠡᠯᠴᠢ ᠴᠢᠨᠠᠷᠲᠠᠢ ᠪᠠᠷ | ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠪᠠ᠃ ︽ᠬᠤᠶᠠᠷ ᠢ ᠴᠣᠭᠴᠠᠯᠠᠬᠤ︾ | ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠴᠤᠭᠴᠠᠯᠠᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠢ ᠪᠡᠯᠭᠡᠯᠡᠬᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯ ᠰᠡᠳᠦᠪ ᠤᠨ ᠲᠤᠭᠤᠷᠢᠨ ᠳᠤ᠂ ᠡᠯ᠎ᠡ ᠲᠦᠷᠦᠯ ᠤᠨ | ᠤᠳᠬ᠎ᠠ ᠤᠷᠠᠯᠢᠭ ᠤᠨ ᠪᠦᠲᠦᠭᠡᠯ ᠢ 69 ᠵᠣᠬᠢᠶᠠᠨ ᠪᠦᠲᠦᠭᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ ᠪᠦᠬᠦ ᠠᠶᠢᠮᠠᠭ ᠤᠨ ᠠᠵᠤ ᠠᠬᠤᠢ ᠶᠢᠨ | ᠬᠥᠭᠵᠢᠯᠲᠡ᠂ ᠰᠣᠶᠣᠯ ᠤᠨ ᠴᠡᠴᠡᠭᠯᠡᠯ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠵᠣᠯ ᠵᠢᠷᠭᠠᠯᠲᠤ ᠠᠮᠢᠳᠤᠷᠠᠯ ᠢ ᠲᠤᠰᠬᠠᠭᠰᠠᠨ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ | ᠪᠦᠲᠦᠭᠡᠯ ᠢ ᠲᠥᠪᠯᠡᠷᠡᠭᠦᠯᠦᠨ ᠡᠭᠦᠳᠴᠡᠢ᠃ | | ᠪᠦᠬᠦ ᠠᠶᠢᠮᠠᠭ ᠤᠨ ᠤᠯᠠᠭᠠᠨᠮᠥ᠋ᠴᠢᠷ ᠤᠨ ᠬᠢᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠷᠢᠨ ᠬᠢᠨᠠᠮᠠᠭᠠᠢ ᠵᠣᠬᠢᠶᠠᠨ ᠪᠦᠲᠦᠭᠡᠭᠰᠡᠨ ᠰᠣᠳᠣᠨ | ᠪᠦᠲᠦᠭᠡᠯ ᠢ ︽ᠤᠬᠠᠭᠤᠯᠤᠨ ᠲᠠᠶᠢᠯᠪᠤᠷᠢᠯᠠᠬᠤ + ᠤᠳᠬ᠎ᠠ ᠤᠷᠠᠯᠢᠭ︾︾ ᠤᠨ ᠬᠡᠯᠪᠡᠷᠢ ᠪᠠᠷ ᠮᠠᠯᠵᠢᠬᠤ ᠲᠠᠷᠢᠶᠠᠯᠠᠬᠤ | ᠣᠷᠣᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ | ᠭᠠᠵᠠᠷ ᠲᠤ ᠭᠦᠨᠵᠡᠭᠡᠶᠢᠷᠡᠭᠦᠯᠵᠦ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾᠂ ︽ᠲᠠᠯ᠎ᠠ ᠨᠤᠲᠤᠭ ᠤᠨ ᠤᠷᠠᠨ | ᠰᠠᠶᠢᠬᠠᠨ ᠤ ᠡᠳᠦᠷ ᠪᠦᠷᠢ ᠶᠢᠨ ᠲᠣᠭᠯᠠᠯᠲᠠ︾᠂ ︽ᠵᠠᠭᠤᠨ ᠪᠦᠯᠬᠦᠮ ᠮᠢᠩᠭᠠᠨ ᠲᠠᠯᠠᠪᠠᠢ ᠦᠨᠳᠦᠰᠦᠨ ᠱᠠᠲᠤᠨ ᠳᠤ | ᠬᠦᠷᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ ᠨᠡᠶᠢᠳᠡ 347 ᠤᠳᠠᠭ᠎ᠠ | ᠥᠷᠨᠢᠭᠦᠯᠵᠦ᠂ 6.3 ᠲᠦᠮᠡ ᠭᠠᠷᠤᠢ ᠬᠥᠮᠥᠨ ᠤᠳᠠᠭᠠᠨ ᠤ ᠦᠵᠡᠭᠴᠢᠳ ᠲᠤ ᠠᠰᠢᠭ ᠬᠦᠷᠲᠡᠭᠡᠵᠦ᠂ 6.2 | ᠲᠦᠮᠡᠨ ᠺᠢᠯᠤᠮᠥᠲᠷ ᠰᠢᠬᠠᠮ ᠠᠶᠠᠯᠠᠪᠠ᠃ ᠪᠦᠬᠦ ᠠᠶᠢᠮᠠᠭ ᠤᠨ ᠥᠷᠭᠡᠨ ᠤᠯᠠᠨ ᠦᠨᠳᠦᠰᠦᠨ ᠱᠠᠲᠤᠨ ᠤ ᠤᠯᠠᠨ | ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ᠂ ᠨᠠᠮ ᠤᠨ ︽ᠰᠠᠶᠢᠨ ᠳᠠᠭᠤᠨ︾ ᠢ ᠬᠦᠷᠭᠡᠵᠦ᠂ | ᠨᠠᠮ ᠤᠨ ᠴᠢᠭᠯᠡᠯᠲᠡ᠂ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠰᠡᠳᠬᠢᠯ ᠳᠤ | ᠬᠠᠳᠠᠩᠰᠢᠭᠤᠯᠪᠠ᠃ | ᠰᠢᠨ᠎ᠡ ᠴᠠᠭ ᠦᠶ᠎ᠡ᠂ ᠰᠢᠨ᠎ᠡ ᠠᠶᠠᠨ ᠵᠠᠮ᠃ ᠳᠠᠷᠠᠭᠠᠴᠢ ᠶᠢᠨ ᠠᠯᠬᠤᠮ ᠳᠤ᠂ ᠪᠦᠬᠦ ᠠᠶᠢᠮᠠᠭ ᠤᠨ | ᠤᠯᠠᠭᠠᠨᠮᠥ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠤᠭ | ᠳᠠᠯᠪᠠᠭ᠎ᠠ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ | ᠮᠠᠨᠳᠤᠭᠤᠯᠬᠤ᠂ ᠳᠦᠷᠢ ᠲᠥᠷᠬᠦ ᠶᠢ ᠳᠡᠯᠭᠡᠨ ᠦᠵᠡᠭᠦᠯᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠢᠮᠠᠭᠲᠠ | ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠠᠮᠢᠳᠤᠷᠠᠯ ᠤᠨ ᠥᠩ ᠰᠢᠮᠡᠯᠢᠭ | ᠬᠥᠷᠥᠰᠥᠨ ᠳᠤ ᠦᠨᠳᠦᠰᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠵᠦ᠂ ᠠᠷᠠᠳ | ᠲᠦᠮᠡᠨ ᠤ ᠤᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠨᠡᠩ ᠤᠯᠠᠨ ᠰᠢᠯᠢᠳᠡᠭ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠦ᠂ ︽ᠬᠤᠪᠢᠰᠬᠠᠯ ᠤᠨ ᠨᠢᠯᠬ᠎ᠠ ᠨᠠᠬᠢᠶ᠎ᠠ︾ ᠶᠢ ᠦᠨᠳᠦᠰᠦ ᠭᠦᠨ ᠨᠠᠪᠴᠢ ᠰᠠᠬᠤᠯᠢᠭ ᠪᠣᠯᠭᠠᠵᠤ᠂ | ᠠᠯᠠᠱᠠ ᠶᠢᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠬᠤ ᠪᠠᠷ ᠴᠢᠷᠮᠠᠶᠢᠨ᠎ᠠ᠃ | |