ᠣᠶᠢᠷ᠎ᠠ ᠳᠤ᠂ ᠰᠢᠶ᠋ᠧ ᠴᠧᠩ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠲᠠᠩ ᠯᠠᠨ ᠤ | ᠳᠠᠭᠠᠭᠤᠯᠤᠭᠰᠠᠨ ᠳᠡᠭᠡᠳᠦ ᠵᠡᠷᠭᠡ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠥᠯᠥᠨ ᠪᠤᠶᠢᠷ ᠬᠤᠲᠠ ᠳᠤ | ᠬᠦᠷᠴᠦ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠡᠷᠡᠭᠯᠡᠭᠴᠢᠳ ᠤᠨ ᠤᠷᠤᠰᠬᠠᠯ ᠲᠠᠲᠠᠬᠤ᠂ ᠨᠠᠷᠠᠲᠤ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃ | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠭᠤᠴᠢᠨ ᠪᠠᠷᠭᠤ ᠬᠤᠰᠢᠭᠤᠨ ᠤ | ᠮᠡᠷᠭᠡᠯ ᠭᠤᠣᠯ ᠤᠨ ᠦᠵᠡᠮᠵᠢ ᠶᠢᠨ ᠣᠷᠣᠨ᠂ ᠡᠸᠡᠩᠬᠢ ᠰᠤᠮᠤ᠂ ᠲᠤᠯᠤᠭᠠᠨ ᠰᠠᠷ᠎ᠠ ᠶᠢᠨ ᠨᠢᠭᠡᠨ ᠤ ᠮᠠᠯᠵᠢᠯ ᠤᠨ | ᠲᠠᠯᠠᠪᠠᠢ᠂ ᠭᠡᠭᠡᠨ ᠭᠤᠣᠯ ᠬᠤᠳᠠ ᠶᠢᠨ ᠯᠧᠩ ᠵᠢᠢ ᠲᠣᠰᠬᠤᠨ᠂ ᠭᠡᠭᠡᠨ ᠭᠤᠣᠯ ᠤᠨ ᠰᠤᠷᠪᠤᠯᠵᠢ ᠲᠠᠢ ᠤᠯᠤᠰ ᠤᠨ | ᠨᠤᠭᠤ ᠭᠠᠵᠠᠷ ᠤᠨ ᠴᠡᠴᠡᠷᠯᠢᠭ᠂ ᠣᠯᠭᠤᠶᠠ ᠦᠵᠡᠮᠵᠢ ᠶᠢᠨ ᠣᠷᠣᠨ᠂ ᠡᠷᠭᠦᠨ᠎ᠡ ᠬᠤᠳᠠ ᠵᠡᠷᠭᠡ ᠭᠤᠣᠯᠳᠠᠯᠭ᠎ᠠ ᠲᠠᠢ | ᠭᠠᠵᠠᠷ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ᠂ ︽ᠰᠢᠶ᠋ᠧ ᠴᠧᠩ ᠲᠠᠷᠢᠶᠠᠯᠠᠩ ᠤᠨ | ᠲᠠᠯᠠᠪᠠᠢ︾ ᠶᠢᠨ ᠲᠦᠷᠦᠯ ᠵᠦᠢᠯ ᠤᠨ ᠭᠠᠵᠠᠷ ᠰᠣᠩᠭᠤᠬᠤ᠂ ᠳᠡᠭᠡᠳᠦ ᠲᠡᠰ ᠤᠨ ᠪᠦᠲᠦᠭᠡᠭᠳᠡᠬᠦᠨ ᠢ ᠡᠭᠦᠳᠬᠦ ᠵᠡᠷᠭᠡ | ᠲᠠᠯ᠎ᠠ ᠪᠠᠷ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠲᠠᠷᠠᠭ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠰᠢᠶ᠋ᠧ | ᠴᠧᠩ ᠪᠦᠯᠦᠭᠯᠡᠯ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠳᠠ ᠶᠢᠨ ᠳᠡᠳ᠋ ᠳᠠᠷᠤᠭ᠎ᠠ ᠬᠠᠨ ᠯᠢ ᠫᠢᠩ᠂ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠵᠢᠴᠢ ᠬᠤᠳᠠ ᠶᠢᠨ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |