ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ · ᠥᠪᠥᠷ ᠮᠣᠩᠭᠤᠯ ᠤᠨ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠤᠨ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯᠶᠠᠭᠰᠢ ᠳᠤ ᠬᠥᠳᠡ᠊
ᠨᠡᠶᠢᠲᠡᠯᠡᠭᠰᠡᠨ ᠴᠠᠭ᠄
2022/12/31
ᠶᠡᠭᠡ ᠴᠠᠰᠤᠨ ᠤ ᠤᠯᠠᠷᠢᠯ ᠳᠤ᠂ ᠬᠥᠯᠥᠨ ᠪᠤᠶᠢᠷ ᠤᠨ ᠶᠡᠭᠡ ᠴᠠᠰᠤᠨ ᠤ ᠲᠠᠯ᠎ᠠ ᠮᠥᠰᠥ ᠨᠢ ᠲᠤᠩᠭᠠᠯᠠᠭ ᠬᠠᠰ ᠨᠢ ᠲᠤᠩᠭᠠᠯᠠᠭ ᠪᠠᠶᠢᠵᠤ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠳᠤ ᠮᠥᠩᠭᠦᠨ ᠥᠩᠭᠡ ᠪᠠᠷ ᠪᠠᠭᠯᠠᠭᠳᠠᠵᠤ᠂ ᠳᠥᠷᠪᠡᠳᠦᠭᠡᠷ ᠬᠥᠯᠥᠨ ᠪᠤᠶᠢᠷ ᠤᠨ ᠮᠥᠰᠥ ᠴᠠᠰᠤᠨ ᠤ ᠡᠳᠦᠷ ᠪᠣᠯᠵᠤᠭ᠎ᠠ ᠶᠣᠰᠣᠭᠠᠷ ᠢᠶᠠᠨ ᠬᠦᠷᠴᠦ ᠢᠷᠡᠪᠡ᠃ᠲᠦᠷᠦᠭᠦᠬᠡᠨ᠂ 2022 ︱ 2023 ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ · ᠥᠪᠥᠷ ᠮᠣᠩᠭᠤᠯ ᠤᠨ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠵᠢᠴᠢ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠤᠨ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ︽ᠳᠤᠮᠳᠠᠳᠤ ᠤᠯᠤᠰ ᠤᠨ ᠮᠥᠰᠥ ᠴᠠᠰᠤᠨ ᠤ ᠬᠤᠲᠠ︾ ᠶᠢᠨ ᠶᠠᠭᠰᠢ ᠳᠤ ᠡᠬᠢᠯᠡᠪᠡ᠃ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠬᠤᠷᠠᠯ ᠳᠤ ᠣᠷᠣᠯᠴᠠᠵᠤ ᠡᠬᠢᠯᠡᠭᠰᠡᠨ ᠢ ᠵᠠᠷᠯᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠴᠢ ᠶᠦᠩ ᠴᠢᠶᠠᠨ ᠪᠠᠶᠠᠷ ᠤᠨ ᠦᠭᠡ ᠬᠡᠯᠡᠵᠡᠢ︔ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠣᠶ ᠰᠢᠭᠤᠢ ᠶᠢᠨ ᠠᠵᠤ ᠦᠢᠯᠡᠳᠪᠦᠷᠢ᠂ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
ᠬᠥᠯᠥᠨ ᠪᠤᠶᠢᠷ ᠤᠨ ᠲᠡᠦᠬᠡ ᠶᠢᠨ ᠮᠦᠽᠧᠢ ᠶᠢᠨ ᠡᠮᠦᠨ᠎ᠡ ᠠᠭᠤᠳᠠᠮ ᠲᠠᠯᠠᠪᠠᠢ ᠳᠠᠬᠢ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠴᠠᠰᠤᠨ ᠱᠤᠭᠤᠮᠠᠯ ᠤᠨ ᠤᠷᠤᠯᠳᠤᠭᠠᠨ ᠤ ᠪᠦᠲᠦᠭᠡᠯ ᠤᠯᠠᠨ ᠤ ᠮᠠᠭᠲᠠᠭᠠᠯ ᠰᠠᠶᠢᠰᠢᠶᠠᠯ ᠢ ᠣᠯᠵᠤ᠂ ᠪᠦᠬᠦ ᠤᠯᠤᠰ ᠤᠨ 5 ᠮᠤᠵᠢ ᠶᠢᠨ 46 ᠤᠷᠤᠯᠳᠤᠭᠠᠨ ᠳᠤ ᠣᠷᠤᠯᠴᠠᠬᠤ ᠠᠩᠭᠢ ᠰᠢᠷᠦᠭᠦᠨ ᠥᠷᠢᠰᠦᠯᠳᠦᠵᠦ᠂ ᠰᠢᠢᠳᠪᠦᠷᠢᠲᠦ ᠤᠷᠤᠯᠳᠤᠭᠠᠨ ᠳᠤ ᠣᠷᠣᠯᠴᠠᠭᠰᠠᠨ 20 ᠪᠦᠯᠦᠭ ᠥᠨᠳᠥᠷ ᠲᠦᠪᠰᠢᠨ ᠲᠠᠢ ᠴᠠᠰᠤᠨ ᠱᠤᠭᠤᠮᠠᠯ ᠤᠨ ᠪᠦᠲᠦᠭᠡᠯ ᠨᠢ︽ᠵᠢᠷᠭᠤᠭᠠᠨ ᠣᠷᠳᠣᠨ ᠨᠢᠭᠡ ᠨᠠᠭᠤᠷ︾︾ ᠤᠨ ᠰᠣᠶᠣᠯ ᠵᠤᠭᠠᠴᠠᠯ ᠤᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ ᠤ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃ᠬᠥᠯᠥᠨ ᠪᠤᠶᠢᠷ ᠬᠤᠲᠠ ᠶᠢᠨ ᠬᠡᠪᠴᠢᠶᠡᠨ ᠤ ᠪᠦᠬᠦ ᠲᠠᠯ᠎ᠠ  ᠪᠠᠷ ᠢᠶᠠᠨ ᠬᠤᠯᠪᠤᠭᠠᠯᠠᠨ ᠬᠥᠳᠡᠯᠦᠯᠴᠡᠬᠦ  ᠶᠢ ᠪᠠᠷᠢᠮᠲᠠᠯᠠᠵᠤ ᠂ ᠡᠪᠦᠯ ᠤᠨ ᠤᠯᠠᠷᠢᠯ ᠤᠨ ᠵᠤᠭᠠᠴᠠᠯ ᠢ ᠬᠥᠭᠵᠢᠶᠡᠨ ᠲᠠᠢ ᠬᠢᠵᠦ᠂ 2022 ᡺ 2023 ᠣᠨ ᠤ ᠡᠪᠦᠯ ᠤᠨ ᠤᠯᠠᠷᠢᠯ ᠤᠨ ᠵᠤᠭᠠᠴᠠᠯ ᠤᠨ ᠬᠥᠰᠢᠭᠡ ᠶᠢ ᠰᠡᠬᠦᠵᠦ᠂ ᠬᠥᠯᠥᠨ ᠪᠤᠶᠢᠷ ᠤᠨ ᠠᠮᠲᠠ ᠰᠢᠮᠲᠡ· ᠠᠮᠲᠠᠲᠤ ᠢᠳᠡᠭᠡᠨ ᠤ ᠰᠣᠶᠣᠯ ᠤᠨ ᠦᠵᠡᠰᠬᠦᠯᠡᠩ᠂ ᠪᠢ ᠬᠥᠯᠥᠨ ᠪᠤᠶᠢᠷ ᠤᠨ ᠶᠡᠭᠡ ᠴᠠᠰᠤᠲᠤ ᠬᠡᠭᠡᠷ᠎ᠡ ᠶᠢᠨ ᠳᠠᠭᠤᠤ ᠬᠥᠭᠵᠢᠮ ᠤᠨ ᠦᠳᠡᠰᠢᠯᠡᠭᠡ ᠵᠡᠷᠭᠡ ᠵᠠᠭᠤᠨ ᠲᠠᠯᠠᠪᠠᠢ ᠤᠷᠠᠨ ᠰᠠᠶᠢᠬᠠᠨ ᠤ ᠨᠡᠶᠢᠰᠯᠡᠯ ᠢ ᠴᠣᠭᠴᠠᠯᠠᠨ ᠪᠠᠶᠢᠭᠤᠯᠬᠤ ᠤᠷᠠᠨ ᠰᠠᠶᠢᠬᠠᠨ ᠤ ᠠᠷᠠᠳ ᠲᠤ ᠠᠰᠢᠭ ᠬᠦᠷᠲᠡᠭᠡᠬᠦ ᠦᠵᠡᠭᠦᠯᠦᠯᠭᠡ ᠶᠢᠨ ᠲᠣᠭᠯᠠᠯᠲᠠ ᠪᠠ ᠮᠥᠰᠥ ᠴᠠᠰᠤᠨ ᠤ ᠨᠠᠭᠠᠳᠤᠮ᠂ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠬᠦᠢᠲᠡᠨ ᠲᠤᠶᠢᠯ ᠤᠨ ᠮᠠᠷᠠᠰᠤᠨ ᠤ ᠴᠤᠭᠯᠠᠭᠠᠨ ᠵᠡᠷᠭᠡ ᠰᠣᠶᠣᠯ ᠲᠠᠮᠢᠷ ᠤᠨ ᠠᠷᠠᠳ ᠲᠤ ᠠᠰᠢᠭ ᠬᠦᠷᠲᠡᠭᠡᠬᠦ ᠵᠠᠭᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠪᠡ᠃ ᠡᠳᠦᠷ ᠪᠦᠷᠢ ᠶᠢᠨ ᠮᠥᠰᠥ ᠴᠠᠰᠤᠨ ᠤ ᠨᠠᠭᠠᠳᠤᠮ ᠳᠤ᠂ ᠪᠢ ᠲᠠᠯ᠎ᠠ ᠨᠤᠲᠤᠭ ᠲᠤ ᠴᠠᠭᠠᠨ ᠰᠠᠷ᠎ᠠ ᠪᠠᠨ ᠪᠡᠯᠭᠡᠯᠡᠬᠦ ᠵᠡᠷᠭᠡ ᠰᠣᠶᠣᠯ ᠵᠤᠭᠠᠴᠠᠯ ᠤᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢᠶᠠᠷ ᠥᠷᠭᠡᠨ ᠤᠯᠠᠨ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠮᠥᠰᠥ ᠴᠠᠰᠤᠨ ᠤ ᠬᠡᠯᠪᠡᠷᠢ ᠶᠢᠨ ᠰᠢᠯᠦᠭ ᠪᠣᠯᠣᠨ ᠠᠯᠤᠰ ᠤᠨ ᠠᠶᠠᠯᠠᠯ ᠢ ᠪᠦᠲᠦᠭᠡᠵᠦ ᠥᠭᠬᠦ ᠪᠣᠯᠣᠨ᠎ᠠ᠃ᠣᠶᠢᠯᠠᠭᠠᠭᠰᠠᠨ ᠢᠶᠠᠷ᠂ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠤᠨ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠳᠤ ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠬᠤ᠂ ᠠᠷᠪᠠᠨ ᠳᠥᠷᠪᠡᠨ ᠡᠪᠦᠯ ᠢ ᠪᠠᠶᠠᠷᠯᠠᠨ ᠤᠭᠲᠤᠬᠤ᠂ ᠦᠵᠡᠰᠬᠦᠯᠡᠩᠲᠦ ᠰᠠᠶᠢᠬᠠᠨ ᠴᠠᠰᠤᠲᠤ ᠲᠠᠯ᠎ᠠ᠂ ᠭᠠᠯ ᠬᠠᠯᠠᠭᠤᠨ ᠮᠥᠰᠥ ᠴᠠᠰᠤᠨ ᠤ ᠤᠯᠠᠷᠢᠯ ᠢᠶᠠᠷ ᠭᠤᠣᠯ ᠰᠡᠳᠦᠪ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤ ᠪᠠᠷ ᠭᠤᠣᠯᠯᠠᠨ ᠡᠷᠭᠢᠯᠡᠪᠡ᠃ᠲᠣᠰ ᠤᠳᠠᠭᠠᠨ ᠤ ᠠᠵᠢᠯᠯᠠᠭ᠎ᠠ ᠨᠢ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠳᠥᠷᠪᠡᠨ ᠤᠯᠠᠷᠢᠯ ᠤᠨ ᠥᠩᠭᠡ ᠦᠵᠡᠮᠵᠢ︾  ᠶᠢᠨ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠳᠤ ᠬᠥᠯᠥᠨ ᠪᠤᠶᠢᠷ ᠤᠨ ᠠᠮᠢᠳᠤᠯᠢᠭ ᠦᠢᠯᠡᠳᠦᠯᠭᠡ ᠶᠢ ᠬᠠᠩᠭᠠᠭᠰᠠᠨ ᠪᠠᠶᠢᠨ᠎ᠠ᠃
 
ᠢᠷᠡᠯᠲᠡ᠄ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号