ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠰᠤᠩᠭᠤᠭᠳᠠᠪᠠ
ᠨᠡᠶᠢᠲᠡᠯᠡᠭᠰᠡᠨ ᠴᠠᠭ᠄
2022/12/31
     12 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ  ᠵᠦᠢᠯᠡᠰ ᠤᠨ ᠲᠣᠪᠴᠢᠶ᠎ᠠ ᠳᠥᠷᠪᠡᠳᠦᠭᠡᠷ ᠪᠦᠯᠦᠭ ᠤᠨ 19 ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠨᠡᠷᠡᠰ ᠢ ᠨᠡᠶᠢᠲᠡᠯᠡᠪᠡ᠃ ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠡᠭᠦᠨ ᠳᠤ ᠰᠤᠩᠭᠤᠭᠳᠠᠭᠰᠠᠨ ᠪᠠᠶᠢᠨ᠎ᠠ᠃ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠳᠤ ᠨᠡᠷᠡᠶᠢᠳᠦᠭᠳᠡᠭᠰᠡᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠠᠩᠬᠠᠳᠠᠭᠴᠢ ᠴᠡᠴᠡᠷᠯᠢᠭ ᠪᠠᠶᠢᠵᠤ᠂ ᠥᠪᠥᠷ ᠮᠣᠩᠭᠤᠯ ᠤᠨ ᠲᠣᠰ ᠬᠦᠷᠢᠶᠡᠨ ᠳᠤ ᠬᠢ ᠲᠡᠭ ᠪᠠᠶᠢᠭᠰᠠᠨ ᠪᠠᠶᠢᠳᠠᠯ ᠢ ᠥᠭᠡᠷᠡᠴᠢᠯᠡᠭᠰᠡᠨ ᠪᠠᠶᠢᠨ᠎ᠠ᠃
     ᠯᠢᠶᠣᠤ ᠶᠢᠨ ᠳᠡᠭᠡᠳᠦ ᠨᠡᠶᠢᠰᠯᠡᠯ ᠤᠨ ᠪᠠᠭᠤᠷᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠤᠨ ᠳᠤ ᠪᠠᠶᠢᠵᠤ᠂ ᠨᠡᠶᠢᠲᠡ ᠶᠢᠨ ᠣᠨ ᠲᠣᠭᠠᠯᠠᠯ ᠤᠨ 918 ᠣᠨ ᠳᠤ ᠪᠠᠶᠢᠭᠤᠯᠤᠭᠳᠠᠵᠤ᠂ ᠡᠬᠢᠨ ᠳᠤ ᠪᠠᠨ ᠬᠠᠭᠠᠨ ᠤ ᠨᠡᠶᠢᠰᠯᠡᠯ ᠭᠡᠵᠦ ᠪᠠᠶᠢᠪᠠ᠂ 926 ᠣᠨ ᠳᠤ ᠥᠷᠭᠡᠳᠬᠡᠨ ᠪᠠᠶᠢᠭᠤᠯᠵᠤ᠂ 938 ᠣᠨ ᠳᠤ ᠳᠡᠭᠡᠳᠦ ᠨᠡᠶᠢᠰᠯᠡᠯ ᠭᠡᠵᠦ ᠥᠭᠡᠷᠡᠴᠢᠯᠡᠨ᠂ ᠯᠢᠶᠣᠤ   ᠶᠢᠨ ᠲᠠᠪᠤᠨ ᠨᠡᠶᠢᠰᠯᠡᠯ ᠤᠨ ᠲᠡᠷᠢᠭᠦᠨ ᠪᠣᠯᠵᠤ᠂ 5 ᠲᠡᠭᠰᠢ ᠳᠥᠷᠪᠡᠯᠵᠢᠨ ᠺᠢᠯᠣᠮᠧᠲᠷ ᠭᠠᠵᠠᠷ ᠡᠵᠡᠯᠡᠵᠦ ᠪᠠᠶᠢᠪᠠ᠃1961 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠩᠬᠠᠨ ᠤ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠪᠠᠷ ᠨᠡᠷᠡᠯᠡᠭᠳᠡᠪᠡ  ᠃      2010 ᠣᠨ ᠠᠴᠠ ᠨᠠᠭᠠᠰᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ  ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠠᠴᠠ ᠬᠠᠮᠲᠤᠷᠠᠨ ᠪᠦᠷᠢᠯᠳᠦᠭᠰᠡᠨ ᠯᠢᠶᠣᠤ ᠶᠢᠨ ᠳᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠠᠩᠭᠢ ᠤᠷᠢᠳ ᠬᠤᠵᠢᠳ 15 ᠪᠠᠭᠤᠷᠢ  ᠶᠢ  ᠰᠤᠳᠤᠯᠵᠤ  ᠂ ᠬᠠᠭᠠᠨ ᠤ ᠬᠤᠳᠠ ᠶᠢᠨ ᠵᠡᠭᠦᠨᠰᠢ ᠴᠢᠭᠯᠡᠭᠰᠡᠨ ᠲᠡᠩᠭᠡᠯᠢᠭ ᠤᠨ ᠱᠤᠭᠤᠮ ᠤᠨ ᠪᠠᠶᠢᠷᠢᠯᠠᠭᠤᠯᠤᠯᠲᠠ ᠵᠢᠴᠢ ᠯᠢᠶᠣᠤ ᠶᠢᠨ ᠳᠡᠭᠡᠳᠦ ᠨᠡᠶᠢᠰᠯᠡᠯ ᠤᠨ ᠣᠷᠳᠣᠨ ᠤ ᠣᠨᠣᠪᠴᠢᠲᠠᠢ ᠣᠷᠣᠨ ᠪᠠᠶᠢᠷᠢ ᠪᠣᠯᠣᠨ ᠬᠡᠪᠴᠢᠶ᠎ᠡ ᠶᠢ ᠢᠯᠡᠷᠡᠭᠦᠯᠦᠨ ᠨᠤᠲᠠᠯᠠᠵᠤ᠂ ᠪᠤᠷᠬᠠᠨ ᠤ ᠱᠠᠰᠢᠨ ᠤ ᠱᠤᠭᠤᠮᠠᠯ ᠤᠨ ᠬᠦᠷᠦᠭ᠂ ᠬᠢᠳᠠᠨ ᠦᠰᠦᠭ ᠤᠨ ᠬᠥᠰᠢᠶᠡᠨ ᠤ  ᠬᠡᠰᠡᠭ ᠵᠡᠷᠭᠡ 2 ᠲᠦᠮᠡ ᠭᠠᠷᠤᠢ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠢᠯᠡᠷᠡᠭᠦᠯᠵᠦ᠂ ᠨᠡᠶᠢᠳᠡ 2500 ᠭᠠᠷᠤᠢ ᠪᠦᠯᠦᠭ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠵᠦ᠂ 20 ᠭᠠᠷᠤᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠭᠦᠯᠵᠡᠢ᠃ 2013 ᠣᠨ ᠳᠤ᠂ ᠯᠢᠶᠣᠤ ᠶᠢᠨ ᠳᠡᠭᠡᠳᠦ ᠨᠡᠶᠢᠰᠯᠡᠯ ᠤᠨ ᠬᠠᠭᠠᠨ ᠤ ᠬᠤᠳᠠ ᠶᠢᠨ ᠰᠢ ᠱᠠᠨ ᠫᠦᠸᠧ ᠪᠤᠷᠬᠠᠨ ᠤ ᠰᠦᠮ᠎ᠡ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠦᠷ᠎ᠡ ᠪᠦᠲᠦᠭᠡᠯ ᠨᠢ ︽2012 ᠣᠨ ᠤ ᠪᠦᠬᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠪᠠᠷ ᠦᠨᠡᠯᠡᠭᠳᠡᠪᠡ᠃ 2017 ᠣᠨ ᠳᠤ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠪᠠᠭᠠᠷᠢᠨ ᠵᠡᠭᠦᠨ ᠬᠤᠰᠢᠭᠤᠨ ᠳᠤ ︽ᠬᠢᠳᠠᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ︾ ᠢ ᠪᠠᠶᠢᠭᠤᠯᠪᠠ᠃
     ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠢ      ᠯᠢᠶᠣᠤ ᠶᠢᠨ ᠳᠡᠭᠡᠳᠦ ᠨᠡᠶᠢᠰᠯᠡᠯ   ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ      ᠪᠠᠭᠤᠷᠢ ᠶᠢᠨ ᠴᠡᠴᠡᠷᠯᠢᠭ ᠢ 2013 ᠣᠨ ᠤ 12 ᠳ᠋ᠤᠭᠠᠷ ᠰᠠᠷ᠎ᠠ ᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠥᠪᠰᠢᠶᠡᠷᠡᠵᠦ ᠲᠥᠷᠥᠯ ᠵᠦᠢᠯ ᠲᠤᠭᠲᠠᠭᠠᠪᠠ᠃ ᠣᠲᠣ ᠨᠢᠭᠡᠨᠲᠡ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠤᠷᠢᠭ ︵ᠯᠢᠶᠤᠤ ᠶᠢᠨ ᠳᠡᠭᠡᠳᠦ ᠨᠡᠶᠢᠰᠯᠡᠯ ᠤᠨ ᠮᠦᠽᠧᠢ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠪᠠᠭᠲᠠᠨ᠎ᠠ︶᠂ ᠴᠡᠴᠡᠷᠯᠢᠭ ᠤᠨ ᠭᠤᠣᠯ ᠡᠭᠦᠳᠡ ᠶᠢᠨ ᠲᠣᠭᠤᠷᠢᠭ ︵ᠴᠢᠶᠠᠨ ᠳ᠋ᠧ ᠮᠧᠨ ᠲᠠᠯᠠᠪᠠᠶ︶᠂ ᠬᠠᠭᠠᠨ ᠤ ᠬᠤᠲᠠ ᠶᠢᠨ ᠪᠠᠭᠤᠷᠢ ᠶᠢᠨ ᠦᠵᠡᠭᠦᠯᠭᠡ ᠶᠢᠨ ᠲᠣᠭᠤᠷᠢᠭ ︵ᠬᠤᠲᠠ ᠶᠢᠨ ᠬᠡᠷᠡᠮ ᠢ ᠲᠣᠭᠤᠷᠢᠭᠰᠠᠨ ᠦᠵᠡᠭᠦᠯᠭᠡ ᠶᠢᠨ ᠪᠦᠰᠡ ᠪᠠᠭᠲᠠᠨ᠎ᠠ︶ ᠪᠣᠯᠣᠨ ᠪᠠᠷᠠᠭᠤᠨ ᠬᠤᠲᠠ ᠶᠢᠨ ᠬᠡᠷᠡᠮ ᠤᠨ ᠭᠠᠳᠠᠨᠠᠬᠢ ᠪᠦᠰᠡᠯᠢᠭ ᠴᠡᠴᠡᠷᠯᠢᠭ ︵ᠯᠢᠶᠤᠤ ᠶᠢᠨ ᠰᠣᠶᠣᠯ ᠤᠨ ᠦᠵᠡᠭᠦᠯᠭᠡ ᠶᠢᠨ ᠲᠣᠭᠤᠷᠢᠭ᠂ ᠬᠠᠭᠤᠴᠢ ᠰᠤᠳᠤᠯᠤᠯ ᠬᠢᠭᠡᠳ ᠢᠯᠡᠷᠡᠭᠦᠯᠦᠯᠲᠡ ᠶᠢᠨ ᠠᠵᠢᠯᠯᠠᠭᠠᠨ ᠤ ᠲᠣᠭᠤᠷᠢᠭ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠲᠣᠭᠤᠷᠢᠭ ᠪᠠᠭᠲᠠᠨ᠎ᠠ︶ ᠢ ᠪᠠᠶᠢᠭᠤᠯᠵᠤ᠂ ᠰᠢᠨᠵᠢᠯᠡᠬᠦ ᠤᠬᠠᠭᠠᠨ ᠤ  ᠰᠤᠳᠤᠯᠭᠠᠨ  ᠂ ᠰᠤᠷᠭᠠᠨ ᠬᠥᠮᠦᠵᠢᠯ᠂ ᠰᠡᠯᠡᠭᠦᠴᠡᠯ ᠵᠢᠭᠤᠯᠴᠢᠯᠠᠯ᠂ ᠰᠣᠶᠣᠯ ᠵᠤᠭ᠎ᠠ ᠴᠡᠩᠭᠡᠯ ᠵᠡᠷᠭᠡ ᠤᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠤᠳᠠ ᠶᠢᠨ ᠰᠣᠶᠣᠯ ᠤᠨ ᠴᠡᠴᠡᠷᠯᠢᠭ ᠪᠣᠯᠵᠤ᠂ ᠲᠤᠬᠠᠢ ᠶᠢᠨ ᠭᠠᠵᠠᠷ ᠤᠨ ᠰᠣᠶᠣᠯ ᠢᠷᠭᠡᠨᠰᠢᠯ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠵᠤ ᠰᠣᠶᠣᠯ ᠵᠢᠭᠤᠯᠴᠢᠯᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ  ᠠᠬᠢᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号