ᠬᠡᠰᠢᠭᠲᠡᠨ ᠬᠤᠰᠢᠭᠤᠨ ᠤ ᠳᠠᠯᠠᠢ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2022/12/31
      12 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠡᠰᠢᠭᠲᠡᠨ ᠬᠤᠰᠢᠭᠤᠨ ᠤ ᠳᠠᠯᠠᠢ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠤᠯᠠᠷᠢᠯ ᠤᠨ ᠡᠬᠢᠯᠡᠯᠲᠡ ᠶᠢᠨ ᠶᠣᠰᠣᠯᠠᠯ ᠳᠠᠯᠠᠢ ᠨᠠᠭᠤᠷ ᠤᠨ ᠦᠵᠡᠮᠵᠢ ᠶᠢᠨ ᠣᠷᠣᠨ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠨᠢ ᠦᠪᠡᠳᠡᠭᠰᠢ ᠶᠡᠭᠡ ᠵᠢᠭᠰᠠᠭᠠᠯ ᠤᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠳᠤᠮᠳᠠᠳᠤ ᠶᠢᠨ ᠦᠨᠳᠦᠰᠦᠲᠡᠨ ᠤ ᠴᠤᠭᠯᠠᠷᠠᠯ ᠢ ᠪᠡᠯᠭᠡᠳᠡᠭᠰᠡᠨ ︽ᠢᠵᠢᠯᠢ ᠲᠥᠪᠲᠦ ᠲᠣᠭᠤᠷᠢᠭ︾ ᠲᠠᠶᠢᠰᠠᠨ ᠳᠡᠭᠡᠷ᠎ᠡ 200 ᠲᠣᠭᠯᠠᠭᠴᠢ ᠪᠣᠯᠣᠨ 1500 ᠵᠢᠭᠰᠠᠭᠠᠯ ᠤᠨ ᠲᠥᠯᠥᠭᠡᠯᠡᠭᠴᠢ ᠦᠨᠳᠦᠰᠦᠲᠡᠨ ᠨᠦᠭᠦᠳ ᠤᠨ ᠪᠠᠶᠠᠷ ᠤᠨ ᠡᠳᠦᠷ ᠤᠨ ᠬᠤᠪᠴᠠᠰᠤ ᠪᠠᠨ ᠡᠮᠦᠰᠴᠦ᠂ ᠡᠪᠦᠯ ᠤᠨ ᠠᠩᠨᠠᠯ ᠤᠨ  ᠵᠢᠭᠤᠯᠴᠢᠯᠠᠯ ᠤᠨ ᠤᠯᠠᠷᠢᠯ ᠢ ᠤᠭᠲᠤᠪᠠ᠃      ᠭᠠᠯ ᠨᠤᠴᠤᠭᠠᠬᠤ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠲᠡᠷᠭᠡᠨ ᠳᠤ ᠰᠠᠭᠤᠵᠤ ᠵᠢᠭᠠᠰᠤᠨ ᠤ ᠠᠮᠠᠰᠠᠷ ᠲᠤ ᠬᠦᠷᠴᠦ ᠵᠢᠭᠠᠰᠤ ᠭᠠᠷᠭᠠᠬᠤ ᠶᠣᠰᠣᠯᠠᠯ ᠳᠤ ᠣᠷᠣᠯᠴᠠᠪᠠ᠃ ᠵᠡᠷᠭᠡ ᠵᠡᠷᠭᠡ ︽ᠲᠣᠣᠷ ᠲᠠᠲᠠᠬᠤ︾ ᠤᠤᠬᠠᠢ ᠶᠢ ᠳᠠᠭᠠᠯᠳᠤᠨ᠂ ᠫᠤᠤᠵᠢᠩ ᠲᠠᠯᠪᠢᠵᠤ᠂ ᠬᠡᠩᠭᠡᠷᠭᠡ  ᠳᠡᠯᠡᠳᠴᠦ᠂ ᠤᠯᠠᠨ ᠢᠶᠠᠷ ᠢᠶᠠᠨ ᠲᠦᠷᠦᠭᠦᠦ ᠲᠤᠤᠷ ᠤᠨ ᠠᠩᠨᠠᠭᠰᠠᠨ ᠵᠢᠭᠠᠰᠤ ᠶᠢᠨ ᠤᠰᠤᠨ ᠠᠴᠠ ᠭᠠᠷᠬᠤ ᠶᠢ ᠦᠵᠡᠵᠦ᠂ ᠦᠯᠵᠡᠢ ᠪᠡᠯᠭᠡ ᠲᠦᠭᠦᠷᠡᠩ ᠰᠦᠷᠯᠢᠭ ᠦᠵᠡᠮᠵᠢ ᠶᠢ ᠣᠯᠵᠤ ᠬᠠᠷᠠᠵᠠᠢ᠃      ᠣᠶᠢᠯᠠᠭᠠᠭᠰᠠᠨ ᠢᠶᠠᠷ᠂ ᠳᠠᠯᠠᠢ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ ᠨᠢ ᠳᠠᠯᠠᠢ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ᠂ ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠡᠪᠦᠯ ᠤᠨ ᠤᠯᠠᠷᠢᠯ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ᠂ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠮᠥᠩᠭᠦᠨ ᠡᠪᠦᠯ ᠤᠨ ᠲᠡᠮᠡᠭᠡᠨ ᠤ ᠰᠣᠶᠣᠯ ᠤᠨ ᠨᠠᠶᠢᠷ᠂ ᠬᠡᠰᠢᠭᠲᠡᠨ ᠤ ︽ᠴᠠᠰᠤᠨ ᠪᠠᠶᠢᠯᠳᠤᠭᠠᠨ︾ ᠮᠠᠰᠢᠨ ᠲᠡᠷᠭᠡᠨ ᠤ ᠨᠠᠶᠢᠷ᠂ ᠤᠯᠠᠭᠠᠨᠬᠠᠳᠠ ᠬᠤᠲᠠ ᠶᠢᠨ ᠳᠠᠯᠠᠢ ᠨᠠᠭᠤᠷ ᠤᠨ ᠮᠥᠰᠥᠨ ᠳᠡᠭᠡᠷᠡᠬᠢ ᠲᠠᠮᠢᠷ ᠤᠨ ᠴᠤᠭᠯᠠᠭᠠᠨ᠂ ᠳᠠᠯᠠᠢ ᠨᠠᠭᠤᠷ ᠤᠨ ᠮᠦᠰᠦᠨ ᠳᠡᠭᠡᠷ᠎ᠡ ᠭᠥᠬᠢᠳᠡᠬᠦ ᠨᠠᠶᠢᠷ᠂ ︽ᠮᠥᠰᠥ ᠴᠠᠰᠤᠨ ᠤ ᠬᠡᠦᠬᠡᠳ ᠤᠨ ᠦᠯᠢᠭᠡᠷ︾ ᠴᠠᠰᠤᠨ ᠰᠡᠶᠢᠯᠦᠮᠡᠯ ᠤᠨ ᠤᠷᠠᠯᠢᠭ ᠤᠨ ᠨᠠᠶᠢᠷ᠂ ᠲᠥᠪ ᠲᠧᠯᠸᠢᠰ ᠤᠨ ︽ᠪᠠᠶᠠᠷ ᠪᠠᠶᠠᠰᠬᠤᠯᠠᠩᠲᠤ ᠭᠡᠷ ᠬᠤᠲᠠᠯᠠᠭᠠᠷ ︱ 2023 ᠣᠨ ᠤ ᠲᠦᠷᠪᠡᠨ ᠵᠦᠭ ᠨᠠᠢᠮᠠᠨ ᠵᠤᠪᠬᠢᠰ ᠠᠴᠠ ᠰᠢᠨ᠎ᠡ ᠶᠢᠨ ᠮᠡᠨᠳᠦ ᠬᠦᠷᠭᠡᠬᠦ᠂ ᠥᠪᠥᠷ ᠮᠣᠩᠭᠤᠯ · ᠬᠡᠰᠢᠭᠲᠡᠨ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ︾᠂ ︽ᠤᠯᠠᠭᠠᠨᠬᠠᠳᠠ ᠳᠤ ᠪᠡᠯᠡ ᠣᠷᠣᠭᠤᠯᠵᠤ ᠢᠷᠡᠭᠡᠳᠦᠢ ᠳᠤ ᠬᠠᠮᠲᠤ ᠪᠠᠷ ᠠᠰᠢᠭ ᠬᠦᠷᠳᠡᠶ᠎ᠡ︾︱ ᠤᠯᠠᠭᠠᠨᠬᠠᠳᠠ ᠬᠤᠳᠠ ᠶᠢᠨ ᠡᠪᠦᠯ ᠤᠨ ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠭᠡᠷ᠎ᠡ ᠲᠣᠭᠲᠠᠬᠤ ᠶᠡᠭᠡ ᠬᠤᠷᠠᠯ᠂ ᠬᠡᠰᠢᠭᠲᠡᠨ ᠤ ᠴᠠᠰᠤᠲᠤ ᠲᠣᠰᠬᠤᠨ ᠤ ᠴᠡᠴᠡᠷᠯᠢᠭ ᠢᠶᠠᠷ ᠵᠢᠭᠤᠯᠴᠢᠯᠠᠬᠤ ᠠᠷᠪᠠᠨ ᠵᠦᠢᠯ ᠤᠨ ᠠᠵᠢᠯᠯᠠᠭ᠎ᠠ ᠶᠢ ᠪᠠᠭᠲᠠᠭᠠᠵᠤ᠂ ᠪᠦᠬᠦ ᠠᠵᠢᠯᠯᠠᠭ᠎ᠠ 2023 ᠣᠨ ᠤ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃ ᠡᠭᠦᠨ ᠠᠴᠠ ᠭᠠᠳᠠᠨ᠎ᠠ᠂ ᠣᠩᠨᠢᠭᠤᠳ ᠬᠤᠰᠢᠭᠤᠨ ᠤ ᠮᠠᠰᠢᠨ ᠲᠡᠷᠭᠡᠨ ᠤ ᠬᠡᠭᠡᠷᠡᠯᠡᠨ ᠪᠠᠶᠢᠯᠳᠤᠬᠤ ᠨᠥᠬᠦᠷᠰᠡᠭ ᠤᠷᠤᠯᠳᠤᠭᠠᠨ᠂ ᠬᠠᠷᠠᠴᠢᠨ · ᠮᠠᠶᠢᠷᠠᠨ ᠵᠢᠯᠠᠭ᠎ᠠ ᠶᠢᠨ ᠮᠥᠰᠥ ᠴᠠᠰᠤᠨ ᠤ ᠨᠠᠶᠢᠷ ᠵᠡᠷᠭᠡ 11 ᠲᠥᠷᠥᠯ ᠤᠨ 83 ᠵᠦᠢᠯ ᠤᠨ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠶᠢ ᠵᠠᠯᠭᠠᠭ᠎ᠠ ᠪᠠᠷ ᠦᠷᠨᠢᠭᠦᠯᠬᠦ ᠪᠤᠯᠤᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号