12 ᠳ᠋ᠤᠭᠠᠷ ᠰᠠᠷ᠎ᠠ ᠶᠢᠨ 28 ᠤ ᠡᠳᠦᠷ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ | ᠮᠣᠩᠭᠤᠯ ᠤᠨ ᠰᠢᠩ ᠮᠧᠩ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠭᠢᠯᠡᠭᠰᠡᠨ 2022 | ᠣᠨ ᠤ ᠰᠢᠯᠢ ᠶᠢᠨ ᠭᠤᠣᠯ ᠠᠶᠢᠮᠠᠭ ᠤᠨ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠤ ᠱᠠᠩᠨᠠᠯ | ᠣᠯᠭᠤᠬᠤ ᠶᠣᠰᠣᠯᠠᠯ ᠰᠢᠯᠢᠩᠬᠤᠲᠠ ᠳᠤ ᠶᠠᠪᠤᠭᠳᠠᠪᠠ᠃ | ᠣᠶᠢᠷ᠎ᠠ ᠶᠢᠨ ᠵᠢᠯ ᠤᠳ ᠲᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠡᠯᠧᠺᠲᠷᠣᠨ | ᠬᠤᠳᠠᠯᠳᠤᠭᠠᠨ ᠤ ᠶᠠᠪᠤᠳᠠᠯ᠂ ᠰᠦᠯᠵᠢᠶᠡᠨ ᠤ ᠤᠳᠤᠨ ᠤ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠲᠤᠰᠬᠠᠶᠢᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠦ᠂ ᠰᠢᠭᠤᠳ | ᠨᠡᠪᠲᠡᠷᠡᠭᠦᠯᠭᠡ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ | ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ ᠵᠣᠷᠢᠭᠵᠢᠭᠤᠯᠵᠤ᠂ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ | ᠠᠵᠢᠯ ᠲᠥᠷᠥᠯ ᠢᠯᠠᠩᠭᠤᠶ᠎ᠠ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠲᠦᠷᠭᠡᠨ ᠬᠥᠭᠵᠢᠵᠦ᠂ ᠠᠵᠤ | ᠠᠬᠤᠶᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠪᠠ ᠠᠷᠭ᠎ᠠ ᠵᠠᠮ ᠨᠠᠩ ᠣᠯᠠᠨ ᠡᠰᠢᠵᠢᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠵᠠᠭᠪᠤᠷ ᠤᠨ ᠲᠦᠷᠭᠡᠨ ᠠᠭᠤᠰᠤᠯᠴᠠᠬᠤ ᠶᠢ | ᠠᠬᠢᠭᠤᠯᠪᠠ᠃ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠢ ᠡᠷᠭᠢᠯᠡᠬᠦ ᠪᠠᠷ ᠳᠠᠮᠵᠢᠭᠤᠯᠤᠨ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠬᠤ᠂ ᠰᠢᠯᠢ ᠶᠢᠨ ᠭᠤᠣᠯ ᠢ ᠤᠬᠠᠭᠤᠯᠤᠨ ᠳᠡᠯᠭᠡᠷᠡᠭᠦᠯᠬᠦ᠂ | ᠲᠠᠷᠢᠶᠠᠯᠠᠩ ᠮᠠᠯ ᠤᠨ ᠣᠨᠴᠠᠯᠢᠭᠲᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠵᠡᠷᠭᠡ ᠲᠠᠯ᠎ᠠ ᠪᠠᠷ | ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠤᠷᠤᠯᠳᠤᠭᠠᠨ ᠠᠴᠠ ᠰᠢᠯᠢ ᠶᠢᠨ ᠭᠤᠣᠯ ᠤᠨ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ | ᠪᠦᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ ᠳᠠᠮᠵᠢᠨ ᠪᠤᠷᠤᠯᠠᠭᠤᠯᠤᠭᠰᠠᠨ ᠤᠷᠤᠯᠳᠤᠭᠠᠨ ᠤ ᠳᠤᠭᠤᠶᠢᠯᠠᠩ᠂ | ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠪᠦᠲᠦᠭᠡᠭᠳᠡᠬᠦᠨ ᠢ ᠰᠢᠭᠤᠳ | ᠨᠡᠪᠲᠡᠷᠡᠭᠦᠯᠭᠡ ᠪᠠᠷ ᠳᠠᠮᠵᠢᠨ ᠪᠤᠷᠤᠯᠠᠭᠤᠯᠤᠭᠰᠠᠨ ᠤᠷᠤᠯᠳᠤᠭᠠᠨ ᠤ ᠳᠤᠭᠤᠶᠢᠯᠠᠩ᠂ ᠰᠦᠯᠵᠢᠶᠡᠨ ᠳᠡᠭᠡᠷ᠎ᠡ ᠰᠢᠯᠢ ᠶᠢᠨ | ᠭᠤᠣᠯ ᠢ ᠤᠬᠠᠭᠤᠯᠤᠭᠰᠠᠨ ᠤᠷᠤᠯᠳᠤᠭᠠᠨ ᠤ ᠳᠤᠭᠤᠶᠢᠯᠠᠩ᠂ ᠲᠠᠯ᠎ᠠ ᠨᠤᠲᠤᠭ ᠤᠨ ᠰᠢᠨ᠎ᠡ ᠤᠳᠤᠨ ᠤᠷᠤᠯᠳᠤᠭᠠᠨ ᠤ | ᠳᠤᠭᠤᠶᠢᠯᠠᠩ ᠵᠡᠷᠭᠡ ᠲᠦᠷᠪᠡᠨ ᠤᠷᠤᠯᠳᠤᠭᠠᠨ ᠤ ᠳᠤᠭᠤᠶᠢᠯᠠᠩ ᠢ ᠱᠠᠩᠨᠠᠨ ᠬᠦᠬᠢᠭᠦᠯᠵᠦ᠂ 26 ᠨᠡᠷᠡᠰ | ᠤᠷᠤᠯᠳᠤᠭᠠᠨ ᠳᠤ ᠣᠷᠣᠯᠴᠠᠭᠰᠠᠳ ᠢ ᠬᠥᠬᠢᠭᠦᠯᠦᠨ ᠱᠠᠩᠨᠠᠪᠠ᠃ ᠪᠠᠰᠠ 15 ᠵᠣᠷᠢᠭᠵᠢᠭᠤᠯᠤᠯ ᠤᠨ ᠱᠠᠩᠨᠠᠯ ᠢ | ᠣᠨᠴᠠᠭᠠᠶᠢᠯᠠᠨ ᠭᠠᠷᠳᠠᠭᠤᠯᠪᠠ᠃ | ︽ᠰᠢᠯᠢ ᠶᠢᠨ ᠭᠤᠣᠯ ᠤᠨ ᠥᠯᠢᠭᠡᠷ ᠢ ᠶᠠᠷᠢᠵᠤ᠂ ᠰᠢᠯᠢ ᠶᠢᠨ ᠭᠤᠣᠯ ᠤᠨ ᠲᠠᠭᠤᠨ ᠢ ᠳᠠᠮᠵᠢᠭᠤᠯᠬᠤ︾ ᠪᠣᠯ | ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠤ ᠵᠣᠷᠢᠯᠭ᠎ᠠ ᠮᠥᠨ᠃ ᠡᠨᠡ ᠵᠢᠯ ᠤᠨ 1︱ 11 ᠳ᠋ᠣᠭᠡᠷ | ᠰᠠᠷ᠎ᠠ ᠳᠤ᠂ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 77.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ︔ ᠪᠥᠬᠦ | ᠠᠶᠢᠮᠠᠭ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 1. | 9 ᠳ᠋ᠦᠩᠰᠢᠭᠤᠷ ᠲᠥᠭᠦᠷᠢᠭ ᠲᠤ ᠬᠦᠷᠴᠦ᠂ ᠵᠢᠵᠢᠭᠯᠡᠨ ᠬᠤᠳᠠᠯᠳᠤᠭᠰᠠᠨ ᠬᠡᠮᠵᠢᠶ᠎ᠡ 201.1 ᠲᠦᠮᠡᠨ ᠬᠤᠪᠢ ᠳᠤ | ᠬᠥᠷᠪᠡ᠃ |