ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨ ᠬᠦ | ᠵᠢᠷᠤᠮᠵᠢᠭᠤᠯᠵᠤ᠂ ᠰᠣᠶᠣᠯ ᠤᠨ ᠡᠵᠡᠩᠨᠡᠯᠲᠡ ᠶᠢᠨ ᠲᠠᠯᠠᠪᠤᠷ ᠤᠨ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠬᠦ ᠶᠢ ᠠᠬᠢᠭᠤᠯᠵᠤ᠂ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠨᠢ ᠨᠡᠮᠡᠭᠳᠡᠭᠦᠯᠬᠦ ᠶᠢᠨ ᠲᠥᠯᠥᠭᠡ᠂ | ᠣᠶᠢᠷ᠎ᠠ ᠳᠤ᠂ ᠣᠷᠳᠣᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠳ᠋ᠦᠩᠱᠧᠩ ᠲᠣᠭᠤᠷᠢᠭ ᠪᠠ ᠬᠢᠶ᠎ᠠ ᠪᠠᠭᠰᠢ ᠲᠣᠭᠤᠷᠢᠭ ᠤᠨ ᠰᠦᠯᠵᠢᠶᠡᠨ ᠳᠤ | ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠ ᠳᠠᠭᠤᠤ ᠪᠥᠵᠢᠭ ᠨᠠᠭᠠᠳᠤᠮ ᠴᠡᠩᠭᠡᠯ ᠤᠨ | ᠲᠠᠯᠠᠪᠤᠷ ᠲᠤ ᠮᠡᠳᠡᠭᠡ ᠵᠠᠩᠭᠢ ᠨᠡᠶᠢᠲᠡᠯᠡᠬᠦ ᠪᠤᠯᠤᠩ ᠢ ᠨᠢᠭᠡᠳᠦᠯᠲᠡᠢ ᠦᠢᠯᠡᠳᠴᠦ ᠰᠢᠯᠢᠳᠡᠭᠵᠢᠭᠦᠯᠪᠡ᠃ | ᠥᠩᠭᠡᠷᠡᠭᠰᠡᠨ ᠤ ᠮᠡᠳᠡᠭᠡ ᠵᠠᠩᠭᠢ ᠶᠢ ᠢᠯᠡ ᠪᠣᠯᠭᠠᠬᠤ ᠪᠤᠯᠤᠩ ᠲᠠᠢ ᠬᠠᠷᠢᠴᠠᠭᠤᠯᠪᠠᠯ᠂ ᠲᠣᠰ ᠤᠳᠠᠭᠠᠨ ᠤ | ᠰᠢᠨᠡᠴᠢᠯᠡᠯᠲᠡ ᠳᠤ ᠢᠯᠡ ᠨᠡᠶᠢᠲᠡᠯᠡᠬᠦ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ᠄ | ᠨᠢᠭᠡ ᠳᠤ ᠡᠵᠡᠩᠨᠡᠯᠲᠡ ᠶᠢᠨ ᠲᠠᠯᠠᠪᠤᠷ ᠭᠠᠵᠠᠷ ᠤᠨ ᠵᠢᠷᠤᠮᠯᠠᠬᠤ ᠶᠣᠰᠣᠲᠠᠢ ᠬᠠᠤᠯᠢ ᠲᠣᠭᠲᠠᠭᠠᠯ ᠤᠨ ᠵᠦᠢᠯ ᠵᠤᠷᠪᠤᠰ ᠢ | ᠰᠢᠨ᠎ᠡ ᠪᠠᠷ ᠨᠡᠮᠡᠪᠡ᠃ ᠬᠤᠶᠠᠷ ᠲᠤ ᠦᠨᠡᠮᠯᠡᠯ ᠤᠨ ᠭᠡᠰᠡᠭᠯᠡᠯ ᠢ ᠨᠢᠭᠡᠳᠦᠯᠲᠡᠢ ᠵᠢᠷᠤᠮᠵᠢᠭᠤᠯᠪᠠ᠃ ᠭᠤᠷᠪᠠ ᠳᠤ᠂ | ᠲᠠᠯᠠᠪᠤᠷ ᠭᠠᠵᠠᠷ ᠤᠨ ᠬᠠᠷᠢᠭᠤᠴᠠᠯᠭᠠᠲᠠᠨ ᠵᠢᠴᠢ ᠲᠣᠭᠤᠷᠢᠨ ᠪᠠᠶᠢᠴᠠᠭᠠᠭᠴᠢ᠂ ᠬᠠᠤᠯᠢ ᠬᠡᠷᠡᠭᠵᠢᠭᠦᠯᠦᠯᠲᠡ ᠶᠢᠨ | ᠬᠠᠮᠢᠶᠠᠷᠤᠯᠲᠠ ᠶᠢᠨ ᠠᠵᠢᠯᠲᠠᠨ ᠤ ᠬᠡᠷᠡᠯ ᠵᠢᠷᠤᠭ᠂ ᠣᠪᠣᠭ ᠨᠡᠷ᠎ᠡ᠂ ᠬᠠᠷᠢᠯᠴᠠᠬᠤ ᠤᠲᠠᠰᠤ ᠵᠡᠷᠭᠡ ᠦᠨᠳᠦᠰᠦᠨ | ᠮᠡᠳᠡᠭᠡ ᠵᠠᠩᠭᠢ ᠶᠢ ᠵᠠᠷᠯᠠᠨ ᠨᠡᠶᠢᠲᠡᠯᠡᠪᠡ᠃ ᠳᠥᠷᠪᠡ ᠳᠤ ᠢᠯᠡᠴᠢᠯᠡᠨ ᠮᠡᠳᠡᠭᠦᠯᠬᠦ ᠤᠲᠠᠰᠤᠨ ᠤ ᠨᠣᠮᠧᠷ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ 12345 ᠪᠣᠯᠭᠠᠨ ᠨᠢᠭᠡᠳᠦᠯᠲᠡᠢ | ᠬᠤᠪᠢᠷᠠᠭᠤᠯᠪᠠ᠃ | ᠡᠨᠡ ᠬᠦ ᠠᠷᠭ᠎ᠠ ᠬᠡᠮᠵᠢᠶ᠎ᠡ ᠨᠢ ᠨᠡᠶᠢᠭᠡᠮ ᠤᠨ ᠡᠯ᠎ᠡ ᠡᠲᠡᠭᠡᠳ ᠤᠨ ᠰᠣᠶᠣᠯ ᠤᠨ ᠵᠠᠬ᠎ᠠ ᠳᠡᠯᠭᠡᠭᠦᠷ ᠢ ᠬᠢᠨᠠᠨ | ᠬᠠᠮᠢᠶᠠᠷᠬᠤ ᠳᠤ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠪᠦᠬᠦ ᠬᠤᠲᠠ ᠶᠢᠨ ᠰᠣᠶᠣᠯ ᠤᠨ | ᠵᠢᠭᠤᠯᠴᠢᠯᠠᠯ ᠤᠨ ᠠᠵᠢᠯ ᠲᠥᠷᠥᠯ ᠤᠨ ᠳᠦᠷᠢ ᠲᠥᠷᠬᠦ ᠶᠢ ᠳᠡᠭᠡᠭᠰᠢᠯᠡᠭᠦᠯᠬᠦ᠂ ︽ᠵᠠᠰᠠᠭ ᠤᠨ ᠣᠷᠳᠣᠨ ᠭᠤᠣᠯᠯᠠᠨ | ᠤᠳᠤᠷᠢᠳᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠰᠣᠶᠣᠯ ᠤᠨ ᠪᠠ ᠵᠢᠭᠤᠯᠴᠢᠯᠠᠯ ᠤᠨ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠤᠶ ᠪᠣᠯᠭᠠᠨ ᠲᠡᠭᠦᠯᠳᠡᠷᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ |