︽ᠬᠦᠢᠲᠡᠨ︾  ᠬᠦᠳᠡᠯᠭᠡᠭᠡᠨ ᠢ ︽  ᠬᠠᠯᠠᠭᠤᠷᠠᠭᠤᠯᠤᠨ︾ ᠵᠠᠯᠠᠨ ᠠᠶᠢᠯ ᠬᠤᠲᠠ ᠶᠢᠨ ᠬᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠦᠨ᠎ᠡ
ᠨᠡᠶᠢᠲᠡᠯᠡᠭᠰᠡᠨ ᠴᠠᠭ᠄
2022/12/31
     ᠣᠶᠢᠷ᠎ᠠ ᠳᠤ᠂ ᠬᠥᠯᠥᠨ ᠪᠤᠶᠢᠷ ᠤᠨ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠵᠢᠴᠢ ᠵᠠᠯᠠᠨ ᠠᠶᠢᠯ ᠬᠤᠲᠠ ᠶᠢᠨ ᠮᠥᠰᠥ ᠴᠠᠰᠤᠨ ᠤ ᠨᠠᠶᠢᠷ ᠵᠢᠩᠬᠢᠨᠢ ᠪᠠᠷ ᠡᠬᠢᠯᠡᠵᠦ᠂ ᠲᠦᠷᠭᠡᠨ ᠲᠡᠰᠢᠯᠲᠡ ᠶᠢᠨ ᠤᠷᠤᠯᠳᠤᠭᠠᠨ ᠴᠤ ᠡᠬᠢᠯᠡᠪᠡ᠃      ᠤᠷᠤᠯᠳᠤᠭᠠᠨ ᠤ ᠲᠤᠬᠠᠢ ᠶᠢᠨ ᠡᠳᠦᠷ᠂ ᠵᠠᠯᠠᠨ ᠠᠶᠢᠯ ᠬᠤᠲᠠ ᠶᠢᠨ ᠮᠥᠰᠥ ᠲᠡᠰᠢᠯᠲᠡ ᠶᠢᠨ ᠨᠡᠶᠢᠭᠡᠮᠯᠢᠭ ᠤᠨ 50 ᠭᠠᠷᠤᠢ ᠮᠥᠰᠥ ᠲᠡᠰᠢᠯᠲᠡ ᠳᠤ ᠪᠠᠭ᠋ᠠᠲᠠᠢ ᠬᠥᠮᠥᠰ ᠾᠧ ᠰᠢ ᠶᠢᠨ ᠢᠦᠢ ᠾᠧ ᠸᠠᠨ ᠤ ᠮᠥᠰᠥ ᠲᠡᠰᠢᠯᠲᠡ ᠶᠢᠨ ᠲᠠᠯᠠᠪᠠᠶ ᠳᠤ ᠴᠤᠭᠯᠠᠷᠠᠵᠤ᠂ ᠨᠡᠶᠢᠲᠡ ᠶᠢᠨ ᠲᠡᠰᠢᠯᠲᠡ᠂ ᠡᠷᠡᠭᠲᠡᠢ ᠶᠢᠨ 500 ᠮᠧᠲᠷ᠂ 1000 ᠮᠧᠲᠷ᠂ 1500 ᠮᠧᠲᠷ᠂ 3000 ᠮᠧᠲᠷ ᠤᠨ ᠲᠦᠷᠭᠡᠨ ᠲᠡᠰᠢᠯᠲᠡ ᠪᠠ ᠡᠷᠡᠭᠲᠡᠢ ᠡᠮᠡᠭᠲᠡᠢ ᠶᠢᠨ ᠮᠥᠰᠥᠨ ᠳᠡᠭᠡᠷᠡᠬᠢ ᠪᠤᠤᠬᠢᠶ᠎ᠠ ᠤᠷᠤᠯᠳᠤᠭᠠᠨ ᠵᠡᠷᠭᠡ ᠤᠷᠤᠯᠳᠤᠭᠠᠨ ᠤ ᠵᠦᠢᠯ ᠢ ᠶᠠᠪᠤᠭᠳᠠᠭᠤᠯᠵᠠᠢ᠃ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠳᠣᠬᠢᠶᠠᠨ ᠤ ᠫᠤᠤ ᠳᠤᠤᠭᠠᠷᠤᠭᠰᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ ᠵᠠᠮ ᠠᠴᠠ ᠰᠢᠪᠲᠤᠯᠤᠨ ᠭᠠᠷᠴᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠬᠠᠷᠠᠯᠲᠠ ᠵᠦᠭ ᠢᠶᠠᠨ ᠰᠢᠪᠲᠤᠯᠤᠨ ᠣᠷᠣᠪᠠ᠃      ᠣᠶᠢᠷ᠎ᠠ ᠶᠢᠨ ᠵᠢᠯ ᠳᠤ᠂ ᠵᠠᠯᠠᠨ ᠠᠶᠢᠯ ᠬᠤᠲᠠ ᠶᠢᠨ ᠬᠢᠨ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠮᠥᠰᠥ ᠴᠠᠰᠤᠨ ᠤ ᠬᠤᠯᠪᠣᠭᠳᠠᠯ ᠪᠦᠬᠦᠢ ᠤᠷᠤᠯᠳᠤᠭᠠᠨ ᠨᠢᠭᠡ ᠤᠯᠠᠷᠢᠯ   ᠠᠴᠠ ᠣᠯᠠᠨ ᠤᠯᠠᠷᠢᠯ ᠲᠡᠶᠢᠰᠢ  ᠲᠠᠪᠰᠢᠨ᠂ ᠮᠥᠰᠥ ᠴᠠᠰᠤᠨ ᠤ ᠪᠡᠯᠡᠳᠬᠡᠯ ᠴᠢᠳᠠᠪᠤᠷᠢᠲᠠᠨ ᠤ ᠬᠥᠮᠥᠵᠢᠭᠦᠯᠦᠯ ᠢ ᠦᠷᠭᠦᠯᠵᠢᠯᠡᠨ ᠴᠢᠩᠭᠠᠳᠬᠠᠪᠠ᠃ ᠮᠥᠰᠥ ᠴᠠᠰᠤᠨ ᠤ ᠨᠠᠶᠢᠷ ᠨᠠᠭᠠᠳᠤᠮ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠠᠶᠢᠷᠠᠯᠠᠬᠤ᠂ ᠡᠷᠡᠭᠦᠯ ᠴᠢᠭᠢᠷᠠᠭ ᠠᠮᠢᠳᠤᠷᠠᠯ ᠢ ᠡᠳ᠋ᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠠᠯᠠᠨ ᠠᠶᠢᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠯᠳᠠᠷᠰᠢᠯ ᠢ ᠳᠡᠭᠡᠭᠰᠢᠯᠡᠭᠦᠯᠪᠡ᠃
 
ᠢᠷᠡᠯᠲᠡ᠄ ᠬᠥᠯᠥᠨ ᠪᠤᠶᠢᠷ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号