ᠣᠶᠢᠷ᠎ᠠ ᠳᠤ᠂ ᠵᠢᠨᠢᠩ ᠤᠨ ᠨᠢᠰᠬᠡᠯ ᠤᠨ ᠪᠠᠭᠤᠳᠠᠯ ᠠᠴᠠ ᠬᠤᠶᠢᠰᠢ ᠬᠤᠶᠠᠷ ᠺᠢᠯᠣᠮᠧᠲᠷ ᠵᠠᠶᠢᠲᠠᠢ ᠪᠠᠶᠢᠭ᠎ᠠ | ᠴᠠᠬᠠᠷ ᠠᠶᠢᠯ ᠴᠠᠰᠤᠨ ᠳᠤ ᠭᠤᠯᠭᠤᠬᠤ ᠲᠠᠯᠠᠪᠠᠶ ᠳᠤ ︽ᠲᠤᠷᠰᠢᠨ ᠡᠵᠡᠩᠨᠡᠵᠦ︾ ᠡᠬᠢᠯᠡᠨ ᠬᠡᠷᠡᠭᠵᠢᠭᠦᠯᠵᠦ᠂ | ᠴᠠᠨ᠎ᠠ ᠳᠤ ᠭᠤᠯᠭᠤᠬᠤ ᠳᠤᠷᠠᠲᠠᠢ ᠬᠥᠮᠥᠰ ᠴᠠᠨ᠎ᠠ ᠶᠢᠨ ᠲᠠᠯᠠᠪᠠᠶ ᠳᠤ ᠣᠷᠣᠵᠤ᠂ ᠡᠪᠦᠯ ᠤᠨ ᠤᠯᠠᠷᠢᠯ ᠤᠨ ︽ | ᠠᠩᠬᠠᠨ ᠤ ᠲᠡᠰᠢᠯᠲᠡ︾ ᠶᠢ ᠤᠷᠢᠲᠠ ᠪᠠᠷ ᠬᠢᠬᠦ ᠪᠠᠷ ᠴᠢᠷᠮᠠᠶᠢᠵᠤ ᠪᠠᠶᠢᠨ᠎ᠠ᠃ | ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠲᠤᠷᠰᠢᠨ ᠡᠵᠡᠩᠨᠡᠬᠦ ᠬᠤᠭᠤᠴᠠᠭᠠᠨ ᠳᠤ ᠂ᠴᠠᠬᠠᠷ ᠠᠶᠢᠯ | ᠴᠠᠰᠤᠨ ᠳᠤ ᠭᠤᠯᠭᠤᠬᠤ ᠲᠠᠯᠠᠪᠠᠶ ᠨᠢ ᠨᠢᠭᠡ ᠵᠤᠷᠪᠤᠰ ᠵᠢᠭᠠᠨ ᠰᠤᠷᠭᠠᠯᠲᠠ ᠶᠢᠨ ᠴᠠᠰᠤᠨ ᠳᠤ ᠭᠤᠯᠭᠤᠬᠤ ᠵᠠᠮ᠂ | ᠬᠤᠶᠠᠷ ᠵᠤᠷᠪᠤᠰ ᠠᠩᠬ᠎ᠠ ᠵᠡᠷᠭᠡ ᠶᠢᠨ ᠴᠠᠰᠤᠨ ᠳᠤ ᠭᠤᠯᠭᠤᠬᠤ ᠵᠠᠮ ᠢ ᠨᠡᠭᠡᠭᠡᠵᠦ᠂ ᠬᠤᠶᠠᠷ ᠵᠤᠷᠪᠤᠰ ︽ᠰᠢᠳᠢᠲᠦ | ᠬᠡᠪᠢᠰ︾ ᠲᠣᠬᠢᠷᠠᠭᠤᠯᠵᠠᠢ᠃ ᠡᠭᠦᠨ ᠤ ᠬᠠᠮᠲᠤ᠂ ᠶᠡᠷᠦᠩᠬᠡᠶᠢᠯᠡᠭᠰᠡᠨ ᠶᠡᠭᠡ ᠲᠢᠩᠬᠢᠮ ᠳᠤ ᠪᠠᠰᠠ ᠬᠤᠭᠤᠯᠠᠨ ᠲᠢᠩᠬᠢᠮ | ᠂ ᠴᠠᠰᠤᠨ ᠳᠤ ᠭᠤᠯᠭᠤᠬᠤ ᠰᠤᠷᠭᠠᠭᠤᠯᠢ᠂ ᠬᠡᠲᠦ ᠳᠡᠯᠭᠡᠭᠦᠷ ᠵᠡᠷᠭᠡ ᠶᠢ ᠪᠠᠶᠢᠭᠤᠯᠵᠤ᠂ ᠵᠢᠭᠤᠯᠴᠢᠯᠠᠭᠴᠢᠳ ᠲᠤ ᠪᠥᠬᠦ | ᠲᠠᠯ᠎ᠠ ᠶᠢᠨ ᠦᠢᠯᠡᠴᠢᠯᠡᠭᠡ ᠬᠠᠩᠭᠠᠪᠠ᠃ᠲᠤᠷᠰᠢᠨ ᠡᠵᠡᠩᠨᠡᠭᠰᠡᠨ ᠲᠤᠬᠠᠢ ᠶᠢᠨ ᠡᠳᠦᠷ᠂ ᠴᠠᠰᠤᠨ ᠳᠤ ᠭᠤᠯᠭᠤᠬᠤ | ᠲᠠᠯᠠᠪᠠᠶ ᠳᠤ ᠨᠡᠶᠢᠲᠡ 200 ᠭᠠᠷᠤᠢ ᠵᠢᠭᠤᠯᠴᠢᠯᠠᠯᠭᠴᠢᠳ ᠢ ᠭᠥᠯᠢᠶᠡᠨ ᠠᠪᠴᠠᠢ᠃ ᠲᠠᠷᠠᠭᠠᠴᠢ ᠶᠢᠨ ᠠᠯᠬᠤᠮ ᠳᠤ᠂ | ᠴᠠᠰᠤᠨ ᠳᠤ ᠭᠤᠯᠭᠤᠬᠤ ᠲᠠᠯᠠᠪᠠᠶ ᠨᠢ 12 ᠰᠠᠷ᠎ᠠ ᠶᠢᠨ ᠰᠡᠭᠦᠯᠴᠢ ᠪᠠᠷ ᠲᠠᠲᠠᠭᠤᠷ ᠲᠡᠷᠭᠡ᠂ ᠳᠤᠮᠳᠠ ᠵᠡᠷᠭᠡ ᠶᠢᠨ | ᠴᠠᠰᠤᠨ ᠳᠤ ᠭᠤᠯᠭᠤᠬᠤ ᠵᠠᠮ᠂ ᠲᠡᠭᠡᠲᠦ ᠳᠤᠮᠳᠠ ᠵᠡᠷᠭᠡ ᠶᠢᠨ ᠴᠠᠰᠤᠨ ᠳᠤ ᠭᠤᠯᠭᠤᠬᠤ ᠵᠠᠮ ᠵᠢᠴᠢ 10 ᠲᠦᠮᠡᠨ | ᠲᠡᠭᠰᠢ ᠳᠥᠷᠪᠡᠯᠵᠢᠨ ᠮᠧᠲᠷ ᠤᠨ ᠴᠠᠰᠤᠨ ᠳᠤ ᠭᠤᠯᠭᠤᠬᠤ ᠴᠡᠩᠭᠡᠯ ᠤᠨ ᠬᠦᠷᠢᠶᠡᠯᠡᠩ ᠢ ᠵᠠᠯᠭᠠᠭ᠎ᠠ ᠪᠠᠷ ᠨᠡᠭᠡᠭᠡᠵᠦ᠂ | ᠠᠳᠠᠯᠢ ᠪᠤᠰᠤ ᠨᠠᠰᠤᠨ ᠤ ᠲᠠᠰ ᠳᠠᠪᠬᠤᠷᠭ᠎ᠠ ᠶᠢᠨ ᠵᠢᠭᠤᠯᠴᠢᠯᠠᠭᠴᠢᠳ ᠤᠨ ᠬᠡᠷᠡᠭᠴᠡᠭᠡ ᠶᠢ ᠤᠯᠠᠮ ᠨᠢᠭᠡ ᠠᠯᠬᠤᠮ | ᠬᠠᠩᠭᠠᠵᠤ᠂ ᠮᠥᠰᠥ ᠴᠠᠰᠤᠨ ᠤ ︽ᠬᠦᠢᠲᠡᠨ ᠡᠬᠢ ᠪᠠᠶᠠᠯᠢᠭ︾ ᠢ ᠦᠨᠡᠨ ᠬᠦ ᠵᠢᠭᠤᠯᠴᠢᠯᠠᠯ ᠤᠨ ︽ᠬᠠᠯᠠᠭᠤᠨ ᠠᠵᠤ | ᠠᠬᠤᠢ︾ ᠪᠣᠯᠭᠠᠨ ᠬᠤᠪᠢᠷᠠᠭᠤᠯᠤᠨ᠎ᠠ᠃ | |