ᠱᠧᠨᠵᠧᠨ ᠤ ᠦᠵᠡᠰᠬᠦᠯᠡᠩ ᠤᠨ ᠴᠤᠭᠯᠠᠭᠠᠨ ᠳᠤ ᠬᠢ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠭᠤᠶᠢᠳᠠ ᠰᠠᠶᠢᠬᠠᠨ
ᠨᠡᠶᠢᠲᠡᠯᠡᠭᠰᠡᠨ ᠴᠠᠭ᠄
2022/12/31
      ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠵᠢᠩᠬᠢᠨᠢ ᠪᠠᠷ ᠡᠬᠢᠯᠡᠵᠦ᠂ 12 ᠳ᠋ᠤᠭᠠᠷ ᠰᠠᠷ᠎ᠠ ᠶᠢᠨ 29 ᠤ ᠡᠳᠦᠷ ᠠᠴᠠ 2023 ᠣᠨ ᠤ 1 ᠳ᠋ᠤᠭᠡᠷ ᠰᠠᠷ᠎ᠠ ᠶᠢᠨ 2 ᠤᠨ ᠡᠳᠦᠷ ᠪᠣᠯᠲᠠᠯ᠎ᠠ ᠣᠯᠠᠨ ᠳᠤ ᠬᠠᠨᠳᠤᠭᠤᠯᠤᠨ ᠨᠡᠭᠡᠭᠡᠬᠦ  ᠪᠠᠷ ᠪᠠᠶᠢᠨ᠎ᠠ᠃
     ᠲᠣᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ ᠢ ᠰᠦᠯᠵᠢᠶᠡᠨ  ᠭᠠᠳᠠᠨᠠᠬᠢ ᠪᠠᠷ ᠭᠤᠤᠯ ᠪᠣᠯᠭᠠᠵᠤ᠂ ᠰᠦᠯᠵᠢᠶᠡᠨ ᠳᠡᠭᠡᠷ᠎ᠡ ᠵᠡᠷᠭᠡ ᠪᠠᠷ ᠶᠠᠪᠤᠭᠳᠠᠭᠤᠯᠤᠨ᠎ᠠ᠃ ᠭᠤᠣᠯ ᠬᠤᠷᠠᠯ ᠤᠨ ᠲᠠᠯᠠᠪᠠᠶ ᠶᠢ ᠱᠧᠨᠵᠧᠨ ᠤ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ︵ᠪᠦᠦ ᠠᠨ︶ ᠳᠤ ᠪᠠᠶᠢᠷᠢᠯᠠᠭᠤᠯᠵᠤ᠂ ᠨᠡᠶᠢᠲᠡ 6 ᠦᠵᠡᠰᠬᠦᠯᠡᠩ ᠤᠨ ᠣᠷᠳᠣᠨ 12 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠰ ᠲᠤ ᠨᠢ ︽ᠡᠬᠦᠯᠡᠨ ᠳᠡᠭᠡᠷᠡᠬᠢ ᠦᠵᠡᠰᠬᠦᠯᠡᠩ ᠤᠨ ᠴᠤᠭᠯᠠᠭᠠᠨ︾ ᠰᠦᠯᠵᠢᠶᠡᠨ ᠳᠡᠭᠡᠷᠡᠬᠢ ᠣᠯᠠᠨ ᠤᠯᠤᠰ ᠤᠨ ᠣᠷᠳᠣᠨ ᠢ  ᠭᠠᠷᠭᠠᠬᠤ ᠪᠠᠷ ᠪᠠᠶᠢᠨ᠎ᠠ᠃ ᠪᠦᠬᠦ ᠤᠯᠤᠰ ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠶᠠᠩᠭᠠᠩ ᠣᠣᠮᠧᠨ ᠲᠠᠶᠢᠸᠠᠨ ᠪᠦᠬᠦᠨ ᠢᠶᠠᠷ ᠢᠶᠠᠨ ᠦᠵᠡᠰᠬᠦᠯᠡᠩ ᠳᠤ ᠣᠷᠣᠯᠴᠠᠪᠠ᠃ ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠠᠷᠠᠯᠵᠢᠶᠠᠨ ᠤ ᠴᠤᠭᠯᠠᠭᠠᠨ ᠨᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠪᠠ ᠦᠢᠯᠡᠳᠬᠦᠨ ᠤ ᠲᠥᠷᠥᠯ ᠵᠦᠢᠯ ᠢᠶᠠᠷ ᠬᠠᠮᠤᠭ ᠤᠨ ᠪᠦᠷᠢᠨ᠂ ᠬᠡᠪᠴᠢᠶ᠎ᠡ ᠪᠠᠷ ᠬᠠᠮᠤᠭ ᠤᠨ ᠶᠡᠭᠡ ᠳᠡᠯᠭᠡᠨ ᠦᠵᠡᠭᠦᠯᠬᠦ ᠪᠠ ᠠᠷᠠᠯᠵᠢᠶᠠᠯᠠᠬᠤ ᠦᠪᠡᠳᠡᠭᠰᠢ ᠴᠤᠭᠯᠠᠭᠠᠨ ᠪᠣᠯᠬᠤ ᠪᠣᠯᠣᠨ᠎ᠠ᠃      ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ   ᠭᠤᠶᠢᠳᠠ ᠰᠢᠬᠠᠨ ᠲᠦᠷᠪᠡᠨ ᠤᠯᠠᠷᠢᠯ ︾ ᠭᠡᠬᠦ ᠲᠦᠷᠦᠯ ᠲᠡᠮᠳᠡᠭ ᠢ ᠲᠤᠪᠤᠶᠢᠯᠭᠠᠵᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠣᠨ ᠤᠷᠤᠭᠰᠢᠯᠠᠨ ᠲᠠᠪᠰᠢᠬᠤ ᠬᠥᠭᠵᠢᠯᠲᠡ ᠶᠢᠨ ᠪᠠᠶᠢᠳᠠᠯ ᠢ ᠭᠦᠢᠴᠡᠳ ᠬᠠᠷᠠᠭᠤᠯᠬᠤ ᠪᠣᠯᠣᠨ᠎ᠠ᠃      ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠨᠢ ᠤᠶᠠᠨ ᠵᠥᠭᠡᠯᠡᠨ ᠬᠥᠬᠡᠮᠳᠦᠭ ᠨᠣᠭᠤᠭᠠᠨ ᠪᠠ ᠴᠠᠭᠠᠨ ᠥᠩᠭᠡ ᠪᠠᠷ ᠭᠤᠣᠯ ᠬᠦᠭ ᠠᠶᠠᠰ ᠪᠣᠯᠭᠠᠵᠤ᠂ ᠥᠪᠥᠷ ᠮᠣᠩᠭᠤᠯ ᠤᠨ ᠠᠮᠢ ᠠᠬᠤᠢ ᠶᠢ ᠲᠡᠷᠢᠬᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠭᠰᠠᠨ ᠢ  ᠬᠠᠷᠠᠭᠤᠯᠤᠭᠰᠠᠨ ᠮᠥᠷᠲᠡᠭᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠤᠨ ᠠᠴᠢ ᠳᠤ ᠳᠠᠯᠠᠷᠬᠠᠬᠤ᠂ ᠨᠠᠮ ᠤᠨ ᠦᠭᠡ ᠶᠢ  ᠰᠤᠨᠤᠰᠬᠤ  ᠂ ᠨᠠᠮ ᠢᠶᠠᠨ ᠳᠠᠭᠠᠬᠤ ᠪᠠᠲᠤ ᠴᠢᠩᠭ᠎ᠠ ᠤᠭ ᠰᠠᠨᠠᠭ᠎ᠠ ᠶᠢ ᠬᠠᠷᠠᠭᠤᠯᠵᠠᠢ᠃      ᠨᠣᠭᠤᠭᠠᠨ ᠥᠩᠭᠡ ᠶᠢᠨ ᠥᠩᠭᠡᠲᠦ ᠪᠦᠴᠡ ᠪᠠᠷ ᠦᠵᠡᠭᠦᠯᠭᠡ ᠶᠢᠨ ᠲᠣᠭᠤᠷᠢᠭ ᠢ ᠨᠢᠭᠡ ᠴᠣᠭᠴᠠ ᠪᠣᠯᠭᠠᠭᠰᠠᠨ ᠨᠢ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠵᠤ ᠪᠠᠶᠢᠬᠤ  ᠶᠢᠨ ᠪᠡᠯᠬᠡ ᠲᠡᠮᠳᠡᠭ ᠪᠤᠯᠵᠠᠢ︔  ᠮᠦᠨ ᠴᠤ ᠬᠠᠳᠠᠭ ᠮᠡᠲᠦ ᠵᠣᠴᠢᠳ ᠢᠶᠠᠨ ᠤᠭᠲᠤᠵᠤ  ᠪᠠᠶᠢᠪᠠ᠃ᠪᠦᠬᠦᠶᠢᠯᠡ ᠦᠵᠡᠭᠦᠯᠭᠡ ᠶᠢᠨ ᠲᠣᠭᠤᠷᠢᠭ ᠨᠢ ᠳᠥᠭᠦᠮ᠂ ᠪᠠᠭᠲᠠᠭᠠᠮᠵᠢᠲᠠᠢ᠂ ᠣᠳᠣᠬᠢᠴᠢᠯᠠᠭᠰᠠᠨ ᠵᠢᠷᠤᠭ ᠲᠥᠯᠥᠪᠯᠡᠭᠡ ᠶᠢᠨ ᠠᠷᠭ᠎ᠠ ᠪᠠᠷᠢᠯ ᠢ ᠬᠡᠷᠡᠭᠯᠡᠨ᠂ ᠲᠣᠮᠣ ᠳᠡᠯᠭᠡᠴᠡ᠂ ᠲᠣᠮᠣ ᠵᠢᠷᠤᠭ᠂ ᠲᠣᠮᠣ ᠦᠵᠡᠭᠦᠯᠭᠡ ᠶᠢᠨ ᠪᠣᠳᠠᠰ ᠵᠡᠷᠭᠡ ᠪᠠᠷ ᠡᠯᠧᠮᠧᠨ᠋ᠲ ᠢᠶᠠᠨ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠲᠣᠮᠣ ᠪᠠᠶᠢᠷᠢᠯᠠᠭᠤᠯᠤᠯᠲᠠ᠂ ᠲᠣᠮᠣ ᠠᠷᠭ᠎ᠠ ᠪᠠᠷᠢᠯ ᠢᠶᠠᠷ ᠰᠣᠶᠣᠯ ᠤᠨ ᠠᠵᠤ ᠦᠢᠯᠡᠰ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠬᠤ ᠰᠢᠨ᠎ᠡ ᠳᠦᠷᠢ ᠲᠥᠷᠬᠦ ᠶᠢ ᠳᠡᠯᠭᠡᠨ ᠦᠵᠡᠭᠦᠯᠵᠡᠢ᠃      ᠨᠢᠭᠡᠳᠦᠭᠡᠷ ᠬᠡᠰᠡᠭ  ︽ᠬᠤᠶᠠᠷ ᠢ ᠴᠤᠭᠴᠠᠯᠠᠬᠤ︾   ᠶᠢ ᠬᠡᠷᠡᠭᠵᠢᠭᠦᠯᠵᠦ  ᠣᠶᠤᠨ ᠰᠠᠨᠠᠭᠠᠨ ᠤ ᠭᠡᠷ ᠣᠷᠣᠨ   ᠢ  ᠴᠤᠭᠴᠠᠯᠠᠶ᠎ᠠ      ᠬᠤᠶᠠᠳᠤᠭᠠᠷ  ᠬᠡᠰᠡᠭ    ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠤᠶ᠎ᠠ      ᠭᠤᠷᠪᠠᠳᠤᠭᠠᠷ ᠬᠡᠰᠡᠭ   ︽ᠥᠪᠥᠷ ᠮᠣᠩᠭᠤᠯ ᠤᠨ ᠪᠡᠯᠡᠭ︾   ᠨᠢ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠪᠣᠯᠪᠠ      ᠳᠥᠷᠪᠡᠳᠦᠭᠡᠷ  ᠬᠡᠰᠡᠭ   ᠥᠪᠥᠷ ᠮᠣᠩᠭᠤᠯ ᠤᠨ ᠳᠥᠷᠪᠡᠨ ᠤᠯᠠᠷᠢᠯ ᠤᠨ ᠲᠠᠩᠰᠤᠭ ᠦᠵᠡᠮᠵᠢ      ᠦᠵᠡᠭᠦᠯᠭᠡ ᠶᠢᠨ ᠲᠣᠭᠤᠷᠢᠭ ᠲᠤ ᠪᠠᠰᠠ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠪᠠᠶᠢᠴᠠᠭᠠᠨ ᠯᠠᠪᠯᠠᠬᠤ ᠳᠡᠯᠭᠡᠴᠡ ᠭᠠᠷᠭᠠᠵᠠᠢ᠃ ᠥᠪᠥᠷ ᠮᠣᠩᠭᠤᠯ ᠤᠨ 12 ᠠᠶᠢᠮᠠᠭ ᠬᠤᠳᠠ ᠪᠣᠯᠣᠨ 1 ᠲᠤᠰᠬᠠᠢ ᠲᠥᠯᠥᠪᠯᠡᠭᠡᠲᠦ ᠬᠤᠳᠠ ᠶᠢᠨ ᠨᠡᠶᠢᠳᠡ 119 ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠨᠠᠷᠢᠨ ᠲᠠᠨᠢᠯᠴᠠᠭᠤᠯᠵᠤ᠂ ᠡᠯ᠎ᠡ ᠡᠲᠡᠭᠡᠳ ᠤᠨ ᠬᠢᠨ ᠤ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠪᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号