ᠦᠬᠠᠢ ᠬᠤᠲᠠ ᠶᠢᠨ ᠵᠢᠭᠤᠯᠴᠢᠯᠠᠯ ᠤᠨ ᠠᠵᠢᠯ ᠲᠥᠷᠥᠯ ᠤᠨ ︽ᠤᠯᠠᠭᠠᠨ ᠨᠡᠷᠡᠰ ᠤᠨ ᠵᠢᠭᠰᠠᠭᠠᠯᠲᠠ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2022/12/5
     11 ᠳ᠋ᠤᠭᠡᠷ ᠰᠠᠷ᠎ᠠ ᠶᠢᠨ 24 ᠤ ᠡᠳᠦᠷ᠂ 2022 ᠣᠨ ᠤ ᠦᠬᠠᠢ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ︽ᠤᠯᠠᠭᠠᠨ ᠬᠠᠷ᠎ᠠ ᠨᠡᠷᠡᠰ ᠤᠨ ᠵᠢᠭᠰᠠᠭᠠᠯᠲᠠ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠣᠲᠣ ᠦᠶ᠎ᠡ ᠶᠢᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠵᠤ᠂ ᠳᠡᠳ᠋ ᠲᠣᠪᠴᠢᠶᠠᠨ ᠳᠠᠷᠤᠭ᠎ᠠ ᠮᠠ ᠶᠦᠩ ᠰᠢᠨ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢ ᠲᠥᠯᠥᠭᠡᠯᠡᠨ ᠵᠢᠭᠤᠯᠴᠢᠯᠠᠯ ᠤᠨ ᠠᠵᠢᠯ ᠲᠥᠷᠥᠯ ᠤᠨ ︽ᠤᠯᠠᠭᠠᠨ ᠨᠡᠷᠡᠰ ᠤᠨ ᠵᠢᠭᠰᠠᠭᠠᠯᠲᠠ︾ ᠶᠢ ᠨᠡᠶᠢᠲᠡᠯᠡᠪᠡ᠃     ᠣᠶᠢᠷ᠎ᠠ ᠶᠢᠨ ᠵᠢᠯ ᠠᠴᠠ᠂ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠤᠯᠭᠠᠭᠤᠷᠢᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠶᠢ ᠠᠬᠢᠭᠤᠯᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ︽ᠤᠯᠠᠭᠠᠨ ᠨᠡᠷᠡᠰ︾  ᠢ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠡᠢ᠃ ᠣᠳᠣᠬᠠᠨ ᠳᠤ ᠨᠡᠶᠢᠲᠡ 10 ︽ᠤᠯᠠᠭᠠᠨ ᠨᠡᠷᠡᠰ︾ ᠠᠵᠤ ᠠᠬᠤᠶᠢᠯᠠᠯ ᠢ ᠰᠢᠯᠭᠠᠷᠠᠭᠤᠯᠤᠨ ᠭᠠᠷᠭᠠᠵᠤ᠂ ᠨᠢᠭᠡ ᠪᠦᠯᠦᠭ ᠦᠨᠡᠨᠴᠢ᠂ ᠢᠲᠡᠭᠡᠮᠵᠢᠲᠡᠢ᠂ ᠨᠠᠶᠢᠳᠠᠪᠤᠷᠢᠲᠠᠢ ᠵᠢᠭᠤᠯᠴᠢᠯᠠᠯ ᠤᠨ ᠠᠵᠤ ᠠᠬᠤᠶᠢᠯᠠᠯ ᠢ ᠪᠣᠶ ᠪᠣᠯᠭᠠᠵᠤ᠂ ᠲᠡᠷᠢᠭᠦᠨ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号