ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/12/5
    11 ᠳ᠋ᠦ᠋ᠭᠡᠷ ᠰᠠᠷ᠎ᠠ ᠶᠢᠨ 27 ᠤ ᠡᠳᠦᠷ ᠤᠨ ᠣᠷᠣᠢ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠠᠨ ᠢ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ 2022 ᠣᠨ ᠤ 44 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠸᠢᠳᠢᠤ᠋ ᠬᠤᠷᠠᠯ ᠢ ᠡᠷᠬᠢᠯᠡᠨ  ᠬᠤᠷᠠᠯᠳᠤᠭᠤᠯᠪᠠ᠃ ᠬᠤᠷᠠᠯ ᠠᠴᠠ ᠣᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠬᠤᠷᠠᠯᠳᠤᠭᠤᠯᠤᠭᠰᠠᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠸᠠᠩ ᠾᠦᠢ ᠮᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠢᠩ᠂ ᠯᠥᠸᠧ ᠭᠠᠩ ᠵᠢᠴᠢ ᠡᠯ᠎ᠡ ᠰᠠᠯᠠᠭ᠎ᠠ ᠲᠠᠰᠤᠭ᠂ ᠡᠯ᠎ᠡ ᠲᠣᠪᠴᠢᠶ᠎ᠠ ᠶᠢᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠡᠯ᠎ᠡ ᠰᠠᠯᠠᠭ᠎ᠠ ᠲᠠᠰᠤᠭ᠂ ᠡᠯ᠎ᠡ ᠲᠣᠪᠴᠢᠶ᠎ᠠ ᠶᠢᠨ ᠬᠠᠷᠢᠶ᠎ᠠ ᠨᠢᠭᠡᠴᠢ ᠰᠢ ᠶᠢᠨ ᠫᠢᠩ ᠶᠡᠷᠦᠩᠬᠡᠢ ᠱᠦᠵᠢ ᠶᠢᠨ ᠾᠧᠨᠠᠨ ᠤ ᠠᠨᠶᠠᠩ ᠬᠤᠳᠠ ᠶᠢᠨ ᠺᠠᠢ ᠰᠢᠨ ᠳ᠋ᠡ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠯ ᠤᠨ ᠭᠠᠮᠰᠢᠭ ᠤᠨ ᠠᠳᠡᠯ ᠤᠨ ᠲᠤᠬᠠᠢ ᠵᠢᠭᠠᠪᠤᠷᠢᠯᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ 11 ᠳ᠋ᠦ᠋ᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠤᠬᠠᠮᠰᠠᠷ ᠪᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠦᠯᠦᠪᠯᠡᠨ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠳᠤ ᠨᠢ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠳᠤ ᠯᠠᠪᠳᠠᠭᠤᠨ ᠪᠠᠲᠤᠲᠠᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠴᠠᠭᠠᠰᠢᠳᠠ ᠴᠢᠩᠭᠠᠳᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠂ ᠤᠳᠤ ᠠᠴᠠ ᠡᠬᠢᠯᠡᠨ 2023 ᠣᠨ ᠤ ᠴᠠᠭᠠᠨ ᠰᠠᠷ᠎ᠠ ᠠᠴᠠ ᠡᠮᠦᠨ᠎ᠡ ᠪᠣᠯᠲᠠᠯ᠎ᠠ᠂ ᠲᠤᠰ ᠭᠠᠵᠠᠷ ᠣᠷᠣᠨ᠂ ᠲᠤᠰ ᠠᠵᠢᠯ ᠲᠦᠷᠦᠯ ᠤᠨ ᠪᠣᠳᠠᠲᠠᠢ ᠪᠠᠶᠢᠳᠠᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠷ ᠳᠠᠯᠳᠠᠭᠤᠷ ᠰᠤᠷᠪᠤᠯᠵᠢᠯᠠᠬᠤ᠂ ᠶᠡᠭᠡ ᠪᠠᠷ ᠳᠠᠷᠠᠭᠠᠯᠠᠨ ᠪᠠᠶᠢᠴᠠᠭᠠᠬᠤ᠂ ᠶᠡᠭᠡ ᠪᠠᠷ ᠦᠨᠳᠦᠰᠦ ᠠᠴᠠ ᠨᠢ ᠡᠷᠢᠬᠦ᠂ ᠶᠡᠭᠡ ᠪᠠᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠤᠨᠢᠨ ᠳᠡᠭᠡᠷ᠎ᠡ ᠨᠢ ᠪᠦᠲᠦᠮᠵᠢᠲᠡᠢ ᠪᠠᠷ ︽ᠰᠦᠯᠵᠢᠶᠡᠨ ᠳᠡᠭᠡᠷ᠎ᠡ + ᠰᠦᠯᠵᠢᠶᠡᠨ ᠤ ᠭᠠᠳᠠᠨ᠎ᠠ︾ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶ᠎ᠠ ᠶᠢᠨ ᠳᠠᠷᠤᠭ᠎ᠠ ᠨᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠤ ᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠲᠤᠰᠬᠠᠢ ᠵᠦᠢᠯ ᠤᠨ ᠪᠠᠶᠢᠴᠠᠭᠠᠯᠲᠠ ᠪᠠ ᠰᠢᠪᠠᠳᠠᠨ ᠪᠠᠶᠢᠴᠠᠭᠠᠯᠲᠠ ᠶᠢᠨ ᠠᠵᠢᠯ ᠬᠢᠵᠦ᠂ ᠡᠯ᠎ᠡ ᠰᠠᠯᠠᠭ᠎ᠠ ᠲᠠᠰᠤᠭ᠂ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠤ ᠠᠬᠤᠶᠢᠯᠠᠯ ᠢ ᠵᠢᠯᠤᠭᠤᠳᠬᠤ ᠪᠠ ᠰᠢᠪᠠᠳᠠᠬᠤ ᠪᠠᠨ ᠴᠢᠩᠭᠠᠳᠬᠠᠨ᠂ ︽ᠰᠦᠯᠵᠢᠶᠡᠨ ᠳᠡᠭᠡᠷ᠎ᠡ + ᠰᠦᠯᠵᠢᠶᠡᠨ ᠤ ᠭᠠᠳᠠᠨ᠎ᠠ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠦᠢᠯᠡᠳᠪᠦᠷᠢᠯᠡᠯ ᠤᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠴᠤ᠂ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠳᠡᠯ ᠤᠨ ᠳᠠᠯᠳᠠ ᠬᠡᠮ ᠢ ᠴᠠᠭ ᠲᠤᠬᠠᠢ ᠳᠤ ᠨᠢ ᠠᠷᠢᠯᠭᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢ ᠪᠠᠴᠢᠮ ᠪᠠᠶᠢᠳᠠᠯ ᠢ ᠠᠷᠭᠠᠴᠠᠭᠠᠬᠤ ᠲᠦᠯᠦᠭᠡᠨ ᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠨ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠲᠥᠷᠥᠯ ᠤᠨ ᠠᠮᠤᠷ ᠲᠦᠪᠰᠢᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号