ᠮᠠᠨᠵᠤᠤᠷ ᠬᠤᠳᠠ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 46 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/5
     11 ᠳ᠋ᠦ᠋ᠭᠡᠷ ᠰᠠᠷ᠎ᠠ ᠶᠢᠨ 27 ᠤ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠢ ᠸᠧᠢ ᠳ᠋ᠦᠩ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ 46 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠤᠸᠠᠢ ᠭᠦᠸᠧ ᠳ᠋ᠦᠩ᠂ ᠯᠢᠩ ᠶᠦᠨ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ ᠠᠵᠢᠯᠯᠠᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠲᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠭᠰᠠᠭᠠᠷ ᠲᠤᠯᠠᠳᠠ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠬᠢᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ︽ᠭᠤᠷᠪᠠᠨ ᠭᠤᠶᠢᠪᠢᠰᠢ ᠦᠭᠡᠢ ᠪᠠᠶᠢᠬᠤ︾ ᠶᠢ ᠣᠭᠲᠣ ᠭᠤᠶᠢᠪᠢᠰᠢ ᠦᠭᠡᠢ ᠪᠠᠷᠢᠮᠲᠠᠯᠠᠨ᠂ ᠬᠤᠷᠢᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠥᠪᠬᠡᠨ ︽ᠰᠡᠷᠭᠡᠶᠢᠯᠡᠪᠡᠯ︾ ᠰᠠᠶ᠋ᠢ ︽ ᠲᠠᠯᠪᠢᠵᠤ ᠪᠣᠯᠤᠨ᠎ᠠ︾ ᠭᠡᠰᠡᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠂ ᠬᠢᠯᠪᠡᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠠᠶᠢᠲᠤᠷ ᠬᠠᠮᠠᠭᠠᠯᠠᠵᠤ᠂ ᠰᠠᠶᠢᠲᠤᠷ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠢᠯᠢ ᠶᠢᠨ ᠪᠣᠭᠤᠮᠲᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠶᠢᠨ ᠬᠠᠮᠲᠤ᠂ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠬᠦᠷᠦᠭᠰᠡᠨ ᠭᠠᠵᠠᠷ ᠤᠨ ᠪᠠᠶᠢᠴᠠᠭᠠᠯᠲᠠ︾  ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠤᠳᠠ ᠳᠤ ᠣᠷᠣᠬᠤ ᠡᠭᠦᠳᠡ︾ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠨᠡᠶᠢᠭᠡᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠭᠤᠴᠠᠭ᠎ᠠ ᠨᠢ ᠳᠦᠭᠦᠷᠦᠭᠰᠡᠨ ᠬᠥᠮᠥᠨ ᠤ ︽ᠭᠠᠷ ᠳᠠᠮᠵᠢᠭᠤᠯᠬᠤ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠲᠠᠯᠠᠪᠤᠷ ᠭᠠᠵᠠᠷ ᠤᠨ ᠺᠣᠳ᠋︾ ᠢ ᠰᠢᠷᠪᠢᠵᠦ ᠰᠢᠯᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠤᠰᠠᠭᠠᠷᠯᠠᠬᠤ ᠴᠡᠭ ᠤᠨ ᠬᠠᠮᠢᠶᠠᠷᠤᠯᠲᠠ ᠪᠠ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠠᠳᠬᠤᠵᠤ᠂ ︽ᠰᠣᠯᠪᠢᠴᠠᠨ ᠬᠠᠯᠳᠠᠪᠤᠷᠢᠯᠠᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠢᠯᠤᠭᠤᠳᠬᠤ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠭᠠᠨ ᠢ ᠴᠠᠭ ᠢᠮᠠᠭᠲᠠ ᠪᠠᠲᠤᠯᠠᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠳᠤ ᠦᠨᠳᠦᠰᠦᠯᠡᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠬᠢᠵᠢᠭ ᠤᠨ ᠪᠠᠶᠢᠳᠠᠯ ᠤᠨ ᠬᠠᠮᠠᠭᠠᠯᠠᠯᠲᠠ ᠶᠢᠨ ᠲᠣᠣᠷ ᠢ ᠦᠨᠡᠨ ᠬᠦ ᠪᠠᠲᠤ ᠪᠠᠬᠢ ᠪᠥᠭᠡᠳ ᠨᠢᠭᠲᠠ ᠰᠦᠯᠵᠢᠬᠦ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠵᠢᠯᠤᠭᠤᠳᠴᠤ ᠵᠢᠯᠤᠭᠤᠳᠬᠤ ᠭᠠᠵᠠᠷ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠳᠠᠭᠠᠵᠤ᠂ ᠡᠰᠡ ᠰᠠᠶᠢᠲᠤᠷ ᠨᠠᠶᠢᠳᠠᠪᠤᠷᠢᠵᠢᠭᠤᠯᠤᠭᠰᠠᠨ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠨᠢᠭᠡᠴᠢ ᠪᠠ ᠬᠤᠪᠢ ᠬᠥᠮᠥᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃
 
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号