ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2022/12/5
     ᠬᠥᠬᠡᠬᠤᠲᠠ ᠳᠤ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂  ᠠᠶᠤᠯ ᠦᠭᠡᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠪᠠ᠃      ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ ᠦᠵᠡᠯ ᠰᠠᠨᠠᠭᠠᠨ ᠤ ᠰᠡᠷᠭᠡᠶᠢᠯᠡᠯᠲᠡ ᠶᠢ ᠪᠠᠲᠤᠳᠬᠠᠪᠠ      11 ᠳ᠋ᠤᠭᠡᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠰᠦᠯᠵᠢᠶᠡᠨ ᠳᠡᠭᠡᠷᠡᠬᠢ ᠬᠤᠷᠠᠯ ᠤᠨ ᠬᠡᠯᠪᠡᠷᠢ ᠪᠠᠷ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 18 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠬᠤᠷᠠᠯᠳᠤᠭᠤᠯᠪᠠ᠃ ︽ᠶᠡᠷᠦᠩᠬᠡᠢ ᠱᠦᠵᠢ ᠶᠢᠨ ᠾᠧᠨᠠᠨ ᠤ ᠠᠨᠶᠠᠩ ᠬᠤᠳᠠ ᠶᠢᠨ ᠺᠠᠢ ᠰᠢᠨ ᠳ᠋ᠡ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠯ ᠠᠯᠳᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︾᠂ ︽ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ  ᠤᠨ ᠬᠤᠷᠠᠯ  ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ︾᠂ ︽11 ᠳ᠋ᠤᠭᠡᠷ ᠰᠠᠷ᠎ᠠ ᠶᠢᠨ 10  ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ︾᠂ ︽ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ  ︿ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠲᠤᠬᠠᠢ ᠮᠡᠳᠡᠭᠳᠡᠯ﹀︾ ᠵᠢᠴᠢ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ︾   ᠶᠢ ᠭᠦᠨᠵᠡᠭᠡᠢ ᠰᠤᠷᠤᠯᠴᠠᠵᠠᠢ᠃      ᠴᠢᠩᠭ᠎ᠠ ᠬᠢᠨᠠᠨ ᠪᠠᠶᠢᠴᠠᠭᠠᠵᠤ ᠥᠪᠡᠷ ᠢ ᠪᠠᠨ ᠰᠠᠶᠢᠵᠢᠷᠠᠭᠤᠯᠤᠨ ᠳᠡᠭᠡᠭᠰᠢᠯᠡᠬᠦᠯᠪᠡ      11 ᠳ᠋ᠤᠭᠡᠷ ᠰᠠᠷ᠎ᠠ ᠶᠢᠨ 22 ᠤᠨ ᠡᠳᠦᠷ᠂ ᠵᠢᠵᠢᠭᠦᠷᠯᠡᠨ ᠰᠠᠬᠢᠭᠴᠢ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠦᠵᠡᠰᠬᠦᠯᠡᠩ ᠤᠨ ᠣᠷᠳᠣᠨ ᠤ ᠡᠯ᠎ᠡ ᠦᠵᠡᠭᠦᠯᠭᠡ ᠶᠢᠨ ᠲᠢᠩᠬᠢᠮ᠂ ᠬᠥᠮᠥᠷᠭᠡ᠂ ᠭᠠᠯ ᠤᠨᠲᠠᠷᠠᠭᠠᠬᠤ ᠬᠥᠭᠡᠷᠭᠡ ᠶᠢᠨ ᠭᠡᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠢ ᠣᠷᠬᠢᠭᠳᠠᠭᠤᠯᠬᠤ ᠦᠭᠡᠢ᠂  ᠶᠠᠮᠠᠷ ᠴᠤ ᠠᠮᠤᠷ ᠲᠥᠪᠰᠢᠨ ᠤ ᠳᠠᠯᠲᠠ ᠬᠡᠮ ᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠲᠠᠰᠤ ᠬᠤᠷᠢᠭᠯᠠᠪᠠ᠃ 11 ᠳ᠋ᠤᠭᠡᠷ ᠰᠠᠷ᠎ᠠ ᠶᠢᠨ 26 ᠤ ᠡᠳᠦᠷ᠂ ᠵᠢᠵᠢᠭᠦᠷᠯᠡᠨ ᠰᠠᠬᠢᠭᠴᠢ ᠶᠢ ᠳᠠᠬᠢᠨᠲᠠ ᠵᠣᠬᠢᠶᠠᠨ ᠪᠠᠶᠢᠭᠤᠯᠵᠤ᠂ ᠪᠣᠶ ᠪᠦᠬᠦᠢ ᠶᠡᠷᠦᠩᠬᠡᠶᠢᠯᠡᠭᠰᠡᠨ ᠠᠯᠪᠠᠨ ᠠᠰᠠᠷ ᠤᠨ ᠠᠯᠪᠠᠨ ᠭᠡᠷ᠂ ᠴᠠᠬᠢᠯᠭᠠᠨ ᠲᠦᠭᠡᠭᠡᠬᠦ ᠲᠠᠰᠤᠭ ᠵᠡᠷᠭᠡ ᠳᠤ ᠴᠠᠬᠢᠯᠭᠠᠨ ᠬᠡᠷᠡᠭᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠠᠬᠢᠯᠭᠠᠨ ᠬᠡᠷᠡᠭᠯᠡᠯᠲᠡ ᠶᠢᠨ ᠭᠠᠯ ᠤᠨ ᠭᠠᠮᠰᠢᠭ ᠤᠨ ᠳᠠᠯᠳᠠ ᠬᠡᠮ ᠢ  ᠰᠢᠯᠭᠠᠨ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠵᠦ᠂ ᠴᠠᠬᠢᠯᠭᠠᠨ ᠢ  ᠨᠢ ᠳᠠᠰᠤᠯᠤᠭᠰᠠᠨ ᠦᠭᠡᠢ ᠺᠣᠮᠫᠢᠦ᠋ᠲ᠋ᠧᠷ ᠵᠢᠴᠢ ᠪᠤᠰᠤᠳ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠴᠠᠬᠢᠯᠭᠠᠨ  ᠢ ᠲᠠᠰᠤᠯᠪᠠ᠃ ᠡᠨᠡ ᠵᠢᠯ ᠤᠨ ᠲᠤᠷᠰᠢ᠂ ᠠᠮᠤᠷ ᠲᠦᠪᠰᠢᠨ ᠤ ᠪᠠᠶᠢᠴᠠᠭᠠᠯᠲᠠ ᠶᠢ ᠨᠢᠭᠡᠨᠲᠡ 20 ᠭᠠᠷᠤᠢ ᠤᠳᠠᠭ᠎ᠠ ᠥᠷᠨᠢᠭᠦᠯᠵᠡᠢ᠃      ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠲᠠᠯᠠᠪᠤᠷ ᠣᠷᠳᠣᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠣᠷᠳᠣᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠮᠡᠳᠡᠯᠭᠡ ᠶᠢ ᠢᠳᠡᠪᠬᠢᠲᠡᠢ ᠣᠶᠢᠯᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ   ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂  ᠠᠶᠤᠯ ᠦᠭᠡᠢ ᠦᠢᠯᠡᠳᠪᠦᠷᠢᠯᠡᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠶᠢ ᠠᠳᠬᠤᠵᠤ᠂  ᠬᠤᠶᠠᠭᠤᠯᠠ   ᠶᠢ ᠰᠠᠭᠠᠲᠠᠭᠠᠬᠤ ᠦᠭᠡᠢ ᠪᠠᠶᠢᠬᠤ  ᠶᠢ ᠪᠡᠶᠡᠯᠡᠭᠦᠯᠵᠡᠢ᠃ ᠶᠡᠷᠦᠩᠬᠡᠶᠢᠯᠡᠭᠰᠡᠨ ᠰᠠᠯᠠᠭ᠎ᠠ ᠮᠥᠴᠢᠷ ᠡᠳᠦᠷ ᠪᠦᠷᠢ ︽ᠦᠵᠡᠰᠬᠦᠯᠡᠩ ᠤᠨ ᠣᠷᠳᠣᠨ ᠤ ᠬᠤᠷᠠᠯ ᠡᠷᠭᠢᠯᠡᠬᠦ ᠠᠵᠢᠯ ᠦᠷᠨᠢᠬᠦᠯᠬᠦ ᠴᠤᠭᠯᠠᠷᠠᠯ︾  ᠢᠶᠠᠷ ᠳᠠᠮᠵᠢᠨ ᠠᠵᠢᠯᠲᠠᠨ ᠠᠵᠢᠯᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠴᠤᠭᠯᠠᠭᠤᠯᠤᠨ ᠪᠦᠷᠢᠳᠬᠡᠵᠦ᠂ ᠠᠵᠢᠯᠲᠠᠨ ᠠᠵᠢᠯᠴᠢᠨ ᠤ ᠰᠠᠭᠤᠭ᠎ᠠ ᠭᠠᠵᠠᠷ᠂ ᠲᠦᠭᠰᠢᠭᠦᠷᠢ ᠶᠢᠨ ᠲᠠᠰ᠂ ᠪᠥᠭᠡᠮ ᠬᠦᠴᠢᠯ ᠤᠨ ᠪᠠᠶᠢᠴᠠᠭᠠᠯᠲᠠ ᠪᠠ ᠺᠣᠳ᠋ ᠣᠯᠭᠤᠭᠰᠠᠨ ᠪᠠᠶᠢᠳᠠᠯ ᠵᠢᠴᠢ ᠠᠷᠭ᠎ᠠ ᠴᠢᠨᠠᠷᠲᠠᠢ᠂ ᠪᠢᠯᠢᠭ ᠴᠢᠨᠠᠷᠲᠠᠢ ᠬᠥᠮᠥᠨ ᠤ ᠲᠤᠭ᠎ᠠ᠂ ᠠᠵᠢᠯ ᠤᠨ ᠪᠠᠶᠢᠷᠢ  ᠳᠤ ᠪᠠᠨ ᠪᠤᠴᠠᠬᠤ ᠨᠥᠬᠦᠴᠡᠯ ᠲᠠᠢ ᠬᠥᠮᠥᠨ ᠤ ᠲᠤᠭ᠎ᠠ ᠵᠡᠷᠭᠡ ᠶᠢ ᠡᠵᠡᠮᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ   ᠳᠤ ᠨᠢ ᠤᠬᠠᠭᠤᠯᠵᠤ᠂ ᠠᠷᠭ᠎ᠠ ᠴᠢᠨᠠᠷᠲᠠᠢ᠂  ᠨᠢᠭᠲᠠ ᠤᠶᠢᠷᠠᠲᠤᠭᠰᠠᠠᠨ ᠠᠵᠢᠯᠲᠠᠨ ᠠᠵᠢᠯᠴᠢᠨ ᠢ ᠬᠠᠯᠠᠮᠵᠢᠯᠠᠨ ᠲᠤᠬᠤᠨᠢᠭᠤᠯᠪᠠ᠃      ᠡᠨᠡ ᠬᠦ ᠬᠤᠭᠤᠴᠠᠭᠠᠨ ᠳᠤ᠂ ᠠᠳᠠᠯ ᠠᠬᠤᠢ ᠶᠢᠨ ᠺᠣᠮᠫᠠᠨᠢ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠷᠤᠯᠴᠠᠭᠤᠯᠪᠠ᠃ ᠠᠵᠢᠯ ᠤᠨ ᠪᠠᠶᠢᠷᠢ ᠳᠤ ᠪᠠᠨ ᠪᠤᠴᠠᠭᠰᠠᠨ ᠬᠥᠮᠥᠰ ᠲᠤ ᠺᠣᠳ᠋ ᠰᠢᠷᠪᠢᠬᠦ᠂  ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠠᠶᠢᠴᠠᠭᠠᠨ ᠰᠢᠯᠭᠠᠬᠤ ᠵᠡᠷᠭᠡ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠪᠡ᠃ ᠨᠢᠭᠡᠨᠲᠡ ᠠᠵᠢᠯ ᠤᠨ ᠪᠠᠶᠢᠷᠢ  ᠳᠤ ᠪᠠᠨ ᠪᠤᠴᠠᠭᠰᠠᠨ ᠠᠵᠢᠯᠲᠠᠳ ᠲᠤ ᠪᠢᠲᠡᠭᠦᠦ ᠬᠡᠯᠬᠢᠶᠡᠨ ᠤ ᠬᠠᠮᠢᠶᠠᠷᠤᠯᠲᠠ ᠶᠢ ᠡᠷᠡᠰ  ᠬᠡᠷᠡᠭᠵᠢᠬᠦᠯᠪᠡ᠃ ᠡᠭᠦᠨ ᠤ ᠬᠠᠮᠲᠤ ᠠᠵᠢᠯ ᠤᠨ ᠪᠠᠶᠢᠷᠢ  ᠳᠤ ᠪᠠᠨ ᠪᠤᠴᠠᠭᠰᠠᠨ ᠬᠥᠮᠥᠰ ᠪᠠ ᠠᠳᠠᠯ ᠠᠬᠤᠢ ᠶᠢᠨ ᠦᠯᠡᠳᠡᠨ  ᠰᠠᠬᠢᠭᠴᠢ ᠶᠢᠨ ︽ᠳᠥᠷᠪᠡᠨ ᠦᠭᠡᠢ︾ ᠪᠠᠶᠢᠬᠤ ᠶᠢ ᠱᠠᠭᠠᠷᠳᠠᠪᠠ᠂  ᠲᠤᠬᠠᠶᠢᠯᠠᠪᠠᠯ ᠳᠤᠷ᠎ᠠ ᠪᠠᠷ ᠢᠶᠠᠨ ᠭᠠᠳᠠᠭᠰᠢ ᠭᠠᠷᠬᠤ ᠦᠭᠡᠢ᠂ ᠭᠠᠳᠠᠨᠠᠬᠢ ᠬᠥᠮᠥᠨ ᠲᠠᠢ ᠣᠶᠢᠷᠠᠳᠬᠤ ᠦᠭᠡᠢ᠂ ᠭᠠᠳᠠᠨ᠎ᠠ ᠠᠴᠠ ᠢᠷᠡᠭᠰᠡᠨ ᠠᠷᠢᠭᠤᠳᠬᠠᠭᠰᠠᠨ ᠦᠭᠡᠢ ᠡᠳ᠋ ᠪᠣᠳᠠᠰ ᠢ ᠲᠡᠮᠲᠡᠷᠢᠬᠦ ᠦᠭᠡᠢ᠂ ᠳᠡᠯᠭᠡᠭᠦᠷ ᠬᠡᠲᠦ ᠳᠡᠯᠭᠡᠭᠦᠷ ᠵᠡᠷᠭᠡ ᠪᠠᠷ ᠰᠤᠯᠠ ᠲᠣᠭᠤᠷᠢᠬᠤ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠡᠳᠦᠷ ᠪᠦᠷᠢ 4 ᠤᠳᠠᠭ᠎ᠠ ᠣᠷᠴᠢᠨ ᠲᠣᠭᠤᠷᠢᠨ ᠢ ᠰᠠᠯᠬᠢ ᠨᠡᠪᠲᠡᠷᠡᠭᠦᠯᠦᠨ  ᠠᠷᠢᠭᠤᠳᠬᠠᠪᠠ᠃      ᠦᠵᠡᠰᠬᠦᠯᠡᠩ ᠤᠨ ᠣᠷᠳᠣᠨ ᠨᠢ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ᠲᠠᠢ ᠪᠠᠨ ᠬᠠᠷᠢᠯᠴᠠᠵᠤ ᠲᠤᠰᠬᠠᠢ ᠬᠥᠮᠥᠨ ᠲᠣᠬᠢᠷᠠᠭᠤᠯᠤᠨ ᠨᠢᠭᠡ ᠠᠵᠢᠯᠲᠠᠨ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠣᠯᠪᠠᠰᠤᠷᠠᠭᠤᠯᠤᠯ ᠬᠢᠯᠭᠡᠵᠦ ᠂ ᠡᠳᠦᠷ ᠪᠦᠷᠢ ᠠᠵᠢᠯ ᠤᠨ ᠪᠠᠶᠢᠷᠢ  ᠳᠤ ᠪᠠᠨ ᠪᠤᠴᠠᠭᠰᠠᠨ ᠠᠵᠢᠯᠲᠠᠨ ᠠᠵᠢᠯᠴᠢᠨ ᠵᠢᠴᠢ ᠵᠢᠵᠢᠭᠦᠷᠯᠡᠨ ᠰᠠᠬᠢᠭᠴᠢ ᠳᠤ ᠥᠳᠥᠭᠡᠭᠴᠢ ᠶᠢᠨ ᠪᠠᠶᠢᠴᠠᠭᠠᠯᠲᠠ ᠵᠢᠴᠢ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠦᠵᠡᠰᠬᠦᠯᠡᠩ ᠤᠨ ᠣᠷᠳᠣᠨ ᠤ ᠠᠵᠢᠯ ᠤᠨ ᠪᠠᠶᠢᠷᠢ ᠳᠤ ᠪᠠᠨ ᠪᠤᠴᠠᠭᠰᠠᠨ ᠪᠠ ᠵᠢᠵᠢᠬᠦᠷᠯᠡᠨ ᠰᠠᠬᠢᠬᠤ ᠬᠥᠮᠥᠰ ᠤᠨ ᠪᠥᠭᠡᠮ ᠬᠦᠴᠢᠯ ᠤᠨ ᠥᠯᠢᠭᠡᠷ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠭᠠᠳᠠᠨᠠᠬᠢ ᠲᠠᠢ ᠬᠠᠷᠢᠯᠴᠠᠬᠤ ᠪᠠᠨ ᠪᠠᠭᠠᠰᠬᠠᠵᠤ᠂ ᠠᠵᠢᠯ ᠤᠨ ᠪᠠᠶᠢᠷᠢ ᠳᠤ ᠪᠠᠨ  ᠪᠤᠴᠠᠭᠰᠠᠨ᠂ ᠵᠢᠵᠢᠭᠦᠷᠯᠡᠨ ᠰᠠᠬᠢᠬᠤ ᠬᠥᠮᠥᠰ ᠤᠨ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号