ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2021 ᠣᠨ ᠤ ᠠᠵᠢᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2022/2/17
     2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠣᠶ ᠪᠣᠯᠭᠠᠬᠤ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠳᠡᠪᠬᠢᠲᠡᠢ ᠠᠷᠭᠠᠴᠠᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃      ᠨᠢᠭᠡ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠪᠠ      ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ  ᠶᠢ ᠪᠠᠷᠢᠮᠲᠠᠯᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 53 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠬᠤ ᠳᠤᠭᠤᠶᠢᠯᠠᠩ 17 ᠤᠳᠠᠭ᠎ᠠ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ 29 ᠤᠳᠠᠭ᠎ᠠ 52 ᠵᠦᠢᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠤ᠂ ᠤᠨᠤᠯ ᠤᠨ ᠰᠤᠷᠤᠯᠴᠠᠯᠭ᠎ᠠ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠨᠠᠮ ᠤᠨ ᠡᠳᠦᠷ ᠤᠨ ᠠᠵᠢᠯᠯᠠᠭ᠎ᠠ᠂ ᠦᠵᠡᠭᠦᠯᠭᠡ ᠶᠢᠨ ᠲᠣᠭᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ᠂ ᠮᠡᠳᠡᠬᠦᠢ ᠬᠢᠬᠦᠢ ᠶᠢ ᠨᠢᠭᠡᠳᠬᠡᠬᠦ ᠳᠤᠮᠳᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠪᠠᠷᠢᠮᠵᠢᠶ᠎ᠠ ᠪᠠᠨ ᠬᠠᠷᠭᠤᠭᠤᠯᠵᠤ᠂ ᠪᠦᠬᠦ ᠲᠠᠯ᠎ᠠ ᠪᠠᠷ ᠨᠢᠭᠡᠳᠦᠯᠲᠡᠢ ᠪᠠᠶᠢᠯᠭᠠᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦᠳᠠ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠰᠤᠷᠤᠯᠴᠠᠬᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠣᠶᠣᠯ ᠪᠠ ᠵᠢᠭᠤᠯᠴᠢᠯᠠᠯ ᠤᠨ ᠠᠵᠢᠯ ᠤᠨ ᠦᠨᠳᠦᠰᠦ ᠰᠠᠭᠤᠷᠢ ᠶᠢ ᠪᠠᠲᠤᠳᠬᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠨᠢ ᠪᠠᠲᠤ ᠰᠠᠬᠢᠭᠤᠯᠵᠠᠢ᠃      ︵ᠬᠤᠶᠠᠷ︶ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠰᠡᠯᠪᠢᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂  ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠪᠠᠬᠢᠵᠢᠭᠦᠯᠵᠦ ᠰᠡᠯᠪᠢᠨ ᠵᠠᠰᠠᠬᠤ ᠢᠨᠵᠧᠨᠧᠷᠢᠩ ᠢ ᠨᠢᠭᠡᠨᠲᠡ ᠮᠡᠳᠡᠭᠦᠯᠵᠦ᠂ ᠤᠯᠤᠰ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠠᠩᠬ᠎ᠠ ᠠᠯᠬᠤᠮ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ 75 ᠤᠯᠠᠭᠠᠨᠮᠥ᠋ᠴᠢᠷ᠂ 300 ᠤᠯᠠᠭᠠᠨᠮᠥ᠋ᠴᠢᠷ ᠤᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ᠂ 3500 ᠭᠠᠷᠤᠢ ᠭᠡᠰᠢᠭᠦᠳ ᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠢᠯᠡᠴᠢᠯᠡᠭᠡ ᠥᠷᠨᠢᠭᠦᠯᠵᠦ᠂ ᠨᠠᠮ ᠤᠨ ᠲᠠᠭᠤᠨ ᠪᠣᠯᠣᠨ ᠬᠠᠯᠠᠮᠵᠢᠯᠠᠯ ᠢ ᠬᠦᠳᠡᠭᠡ ᠨᠤᠲᠤᠭ ᠲᠤ ᠬᠦᠷᠭᠡᠪᠡ᠃ ᠤᠷᠲᠤ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ  ᠶᠢ ᠦᠷᠭᠦᠯᠵᠢᠯᠡᠨ ᠠᠬᠢᠭᠤᠯᠵᠤ᠂ ︽ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠂ ︽ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ︵ᠥᠪᠥᠷ ᠮᠣᠩᠭᠤᠯ ᠤᠨ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ︾᠂ ︽ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠦᠪᠵᠢᠭᠦᠯᠭᠡ︾ ᠵᠡᠷᠭᠡ ᠲᠤᠰᠬᠠᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃ ᠬᠠᠲᠤᠨ ᠭᠤᠣᠯ ᠤᠨ几ᠥᠰᠥᠭ ᠤᠨ ᠬᠡᠯᠪᠡᠷᠢᠲᠦ ᠲᠤᠬᠤᠢ ᠶᠢᠨ ᠠᠮᠢ ᠠᠬᠤᠢ ᠶᠢᠨ ᠰᠣᠶᠣᠯ ᠤᠨ ᠵᠢᠭᠤᠯᠴᠢᠯᠠᠯ ᠤᠨ ᠤᠯᠠᠷᠢᠯ ᠤᠨ ᠭᠤᠣᠯ ᠰᠡᠳᠦᠪᠲᠦ ᠳᠡᠯᠭᠡᠷᠡᠭᠦᠯᠬᠦ ᠰᠢᠷᠢᠰ ᠠᠵᠢᠯᠯᠠᠭ᠎ᠠ ᠶᠢ ᠡᠷᠭᠢᠯᠡᠵᠦ᠂ ᠲᠦᠮᠡᠨ ᠭᠠᠵᠠᠷ ᠤᠨ ᠣᠷᠳᠣ ᠴᠠᠭᠠᠨ ᠬᠡᠷᠡᠮ᠂ ᠲᠥᠷᠥᠯᠬᠢ ᠪᠣᠷᠣ ᠲᠣᠬᠤᠢ᠂ ᠡᠯᠡᠰᠦᠨ ᠴᠥᠯ ᠤᠨ ᠵᠠᠩ ᠠᠭᠠᠯᠢ᠂ ᠲᠦᠮᠡᠨ ᠭᠠᠵᠠᠷ ᠤᠨ ᠴᠠᠢ ᠶᠢᠨ ᠵᠠᠮ᠂ ᠲᠠᠯ᠎ᠠ ᠨᠤᠲᠤᠭ ᠤᠨ ᠵᠠᠩ ᠠᠭᠠᠯᠢ ᠵᠡᠷᠭᠡ 5 ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ       ︵ᠭᠤᠷᠪᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠪᠡ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠷᠡᠰ ᠡᠵᠡᠮᠳᠡᠵᠦ᠂ ᠦᠨᠳᠦᠰᠦᠲᠡᠨ ᠤ ᠠᠰᠠᠭᠤᠳᠠᠯ ᠳᠤ ᠬᠠᠨᠳᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠤᠷᠠᠯᠢᠭ ᠤᠨ ᠵᠣᠬᠢᠶᠠᠨ ᠪᠦᠲᠦᠭᠡᠬᠦ ᠲᠣᠭᠯᠠᠯᠲᠠ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ᠂ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ ᠪᠦᠬᠦ ᠶᠠᠪᠤᠴᠠ᠂ ᠡᠯ᠎ᠡ ᠵᠠᠩᠭᠢᠯᠠᠭ᠎ᠠ ᠳᠤ ᠭᠦᠨᠵᠡᠭᠡᠢ ᠠᠭᠤᠰᠬᠠᠨ ᠤᠷᠤᠭᠤᠯᠪᠠ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠲᠡᠨ ᠤ ᠵᠢᠷᠤᠮᠵᠢᠯ ᠤᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ 40 ᠭᠠᠷᠤᠢ ᠭᠠᠵᠠᠷ ᠢ ᠬᠦᠴᠦᠨ ᠦᠭᠡᠢ ᠪᠣᠯᠭᠠᠭᠰᠠᠨ ᠪᠤᠶᠤ ᠵᠠᠰᠠᠪᠤᠷᠢ ᠣᠷᠣᠭᠤᠯᠪᠠ᠃ ᠪᠥᠬᠦ ᠣᠷᠣᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠪᠴᠢ ᠲᠠᠨᠢᠯᠴᠠᠭᠤᠯᠭ᠎ᠠ᠂ ᠲᠠᠶᠢᠯᠤᠮᠵᠢ ᠶᠢᠨ ᠦᠭᠡᠰ ᠲᠤ ᠬᠢᠨᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷ᠎ᠠ ᠵᠢᠴᠢ ᠬᠡᠭᠡᠷ᠎ᠡ ᠶᠢᠨ ᠲᠣᠮᠣ ᠬᠡᠯᠪᠡᠷᠢ ᠶᠢᠨ ᠱᠤᠭᠤᠮᠠᠯ ᠬᠦᠷᠦᠭ ᠲᠤ ᠵᠢᠭᠰᠠᠭᠠᠨ ᠪᠠᠶᠢᠴᠠᠭᠠᠯᠲᠠ ᠬᠢᠪᠡ᠃ ᠪᠦᠬᠦ ᠣᠷᠣᠨ ᠤ ᠮᠦᠽᠧᠢ ᠶᠢᠨ ᠳᠡᠯᠭᠡᠨ ᠦᠵᠡᠭᠦᠯᠭᠡ ᠶᠢᠨ ᠬᠥᠲᠥᠯᠪᠦᠷᠢ ᠪᠣᠯᠣᠨ ᠲᠠᠶᠢᠯᠪᠤᠷᠢᠯᠠᠬᠤ ᠦᠭᠡᠰ ᠲᠤ ᠬᠢᠨᠠᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠥᠪᠥᠷ ᠮᠣᠩᠭᠤᠯ ᠤᠨ ᠮᠦᠽᠧᠢ ᠶᠢ ᠵᠢᠯᠣᠭᠤᠳᠤᠨ ︽ᠠᠭᠤᠰᠤᠯᠴᠠᠯ ᠤᠨ ᠷᠢᠳᠢ ᠰᠢᠳᠢ︾ ᠦᠵᠡᠰᠬᠦᠯᠡᠩ ᠤᠨ ᠬᠥᠲᠥᠯᠪᠦᠷᠢ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠪᠥᠬᠦ ᠣᠷᠣᠨ ᠤ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠶᠢ ᠨᠠᠶᠢᠳᠠᠪᠤᠷᠢᠵᠢᠭᠤᠯᠬᠤ ᠦᠵᠡᠯ ᠤᠬᠠᠮᠰᠠᠷ ᠢ ᠨᠠᠶᠢᠳᠠᠪᠤᠷᠢᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠤᠭᠴᠠᠯᠠᠬᠤ ︱ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠠᠩᠰᠠ ᠡᠪᠬᠡᠮᠡᠯ ᠤᠨ ᠲᠤᠯᠭᠤᠷ ᠪᠢᠴᠢᠭ ᠤᠨ ᠦᠵᠡᠭᠦᠯᠭᠡ︾᠂ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠡᠳᠬᠢᠯ ᠵᠢᠷᠦᠬᠡ ᠪᠠᠨ ᠨᠠᠮ ᠢᠶᠠᠨ ᠳᠠᠭᠠᠬᠤ ︱ ᠤᠯᠤᠰ ᠤᠨ ᠰᠣᠩᠭᠤᠳᠠᠭ ᠤᠷᠠᠨ ᠵᠢᠷᠤᠭ ᠤᠨ ᠪᠦᠲᠦᠭᠡᠯ ᠤᠨ ᠦᠵᠡᠭᠦᠯᠭᠡ︾᠂ ︽ᠣᠷᠳᠣ ᠴᠠᠭᠠᠨ ᠬᠡᠷᠡᠮ ᠤᠨ ᠳᠣᠲᠣᠨ᠎ᠠ ᠭᠠᠳᠠᠨ᠎ᠠ ᠴᠥᠮ ᠡᠬᠡ ᠨᠤᠲᠤᠭ ︱ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠣᠬᠢ ᠰᠤᠳᠤ ᠶᠢᠨ ᠦᠵᠡᠭᠦᠯᠭᠡ︾ ᠶᠢ ᠡᠷᠭᠢᠯᠡᠵᠦ᠂ ᠦᠨᠳᠦᠰᠦᠲᠡᠨ ᠤ ᠪᠦᠯᠬᠦᠮᠳᠡᠯ ᠤᠨ ᠲᠠᠯ᠎ᠠ ᠪᠠᠷ ᠬᠢ ᠠᠤᠭ᠎ᠠ ᠰᠦᠷᠯᠢᠭ ᠥᠩᠭᠡᠷᠡᠯᠲᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ᠂ ᠡᠷᠲᠡᠨ ᠤ ᠨᠣᠮ ᠪᠢᠴᠢᠭ ᠲᠤ ᠬᠠᠳᠠᠭᠠᠯᠠᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭ᠎ᠠ ᠶᠢ ᠭᠦᠨᠵᠡᠭᠡᠢ ᠠᠭᠤᠳᠠᠯᠵᠤ᠂ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠲᠠᠢ ᠬᠠᠮᠲᠤᠷᠠᠨ《 ᠲᠡᠦᠬᠡ ᠲᠠᠢ ᠬᠦᠦᠷᠨᠢᠬᠦᠢ》ᠫᠷᠤᠭ᠍ᠷᠡᠮ ᠢ ᠨᠡᠭᠡᠭᠡᠨ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ ᠳᠣᠲᠣᠷᠠᠬᠢ ᠥᠪᠥᠷ ᠮᠣᠩᠭᠤᠯ︾᠂ ︽ᠤᠯᠤᠰ ᠤᠨ ᠡᠷᠳᠡᠨᠢ ᠤᠷᠳᠤ ᠴᠠᠭᠠᠨ ᠬᠡᠷᠡᠮ ᠢ ᠦᠭᠦᠯᠡᠬᠦᠢ︾ ᠭᠡᠬᠦ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ 60 ᠬᠤᠭᠤᠴᠠᠭ᠎ᠠ᠂ ︽ᠲᠣᠭᠤᠰᠣᠨ ᠪᠢᠲᠡᠭᠦᠮᠵᠢ ᠶᠢ ᠨᠢ ᠵᠠᠳᠠᠯᠵᠤ  ᠡᠷᠲᠡᠨ ᠤ ᠨᠣᠮ ᠪᠢᠴᠢᠭ ᠤᠨ ᠳᠠᠭᠤᠨ ᠢ ᠰᠤᠨᠤᠷᠲᠠᠬᠤ ︱ ᠡᠷᠲᠡᠨ ᠤ ᠨᠣᠮ ᠪᠢᠴᠢᠭ ᠢ ᠠᠮᠢᠵᠢᠷᠠᠭᠤᠯᠬᠤ︾ ᠮᠦᠽᠧᠢ ᠳᠤ ᠬᠠᠳᠠᠭᠠᠯᠠᠵᠤ ᠪᠠᠶᠢᠭ᠎ᠠ ᠰᠤᠳᠤᠷ ᠪᠢᠴᠢᠭ ᠤᠨ ᠦᠵᠡᠭᠦᠯᠭᠡ ᠶᠢᠨ ᠨᠡᠪᠲᠡᠷᠡᠭᠦᠯᠭᠡ︾ 20 ᠬᠤᠭᠤᠴᠠᠭ᠎ᠠ ᠡᠷᠬᠢᠯᠡᠵᠦ᠂ ︽ᠮᠣᠩᠭᠤᠯ ᠡᠷᠲᠡᠨ ᠤ ᠨᠣᠮ ᠪᠢᠴᠢᠭ ᠲᠤ ᠲᠡᠮᠳᠡᠭᠯᠡᠭᠰᠡᠨ ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ︾ ᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠦᠯ ᠵᠦᠢᠯ ᠳᠤ ᠠᠮᠵᠢᠯᠲᠠ ᠲᠠᠢ ᠭᠤᠶᠤᠴᠢᠯᠠᠨ ᠮᠡᠳᠡᠭᠦᠯᠵᠡᠢ᠃       ︵ᠳᠥᠷᠪᠡ︶ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ ᠲᠥᠰᠥᠯ ᠢ ᠲᠣᠭᠲᠠᠭᠠᠵᠤ᠂ ᠤᠨᠤᠯ ᠰᠤᠷᠤᠯᠴᠠᠬᠤ ᠲᠥᠯᠥᠪᠯᠡᠭᠡ ᠶᠢ ᠱᠠᠲᠤ ᠬᠤᠪᠢᠶᠠᠨ ᠲᠣᠭᠲᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠢᠨᠠᠨ ᠵᠢᠯᠣᠭᠤᠳᠤᠯᠭ᠎ᠠ ᠶᠢ ᠵᠠᠯᠭᠠᠭ᠎ᠠ ᠪᠠᠷ 4 ᠤᠳᠠᠭ᠎ᠠ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ 4 ᠤᠳᠠᠭ᠎ᠠ ᠰᠣᠨᠣᠰᠴᠤ᠂ ᠤᠯᠤᠰ ᠲᠦᠷᠦ ᠶᠢᠨ ᠤᠨᠤᠯ ᠤᠨ ᠰᠢᠯᠭᠠᠯᠲᠠ ᠶᠢ 11 ᠤᠳᠠᠭ᠎ᠠ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠪᠠᠳᠠᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠲᠡᠦᠬᠡ ᠶᠢ ᠰᠤᠷᠤᠯᠴᠠᠬᠤ ᠪᠠ ᠦᠵᠡᠯ ᠰᠠᠨᠠᠭ᠎ᠠ ᠶᠢ ᠣᠶᠢᠯᠠᠭᠠᠬᠤ ᠶᠢ ᠨᠡᠪᠳᠡᠷᠡᠳᠡᠯ᠎ᠠ ᠣᠶᠢᠯᠠᠭᠠᠬᠤ ᠶᠢ ᠪᠠᠷᠢᠮᠲᠠᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠲᠠᠢ ᠤᠶᠠᠯᠳᠤᠭᠤᠯᠵᠤ᠂ ︽ᠬᠤᠪᠢᠰᠬᠠᠯᠲᠤ ᠵᠦᠴᠦᠭᠡ ᠶᠢᠨ ᠲᠠᠯᠠᠪᠠᠢ + ᠣᠷᠣᠢ ᠶᠢᠨ ᠰᠤᠷᠭᠠᠭᠤᠯᠢ︾ ᠶᠢᠨ ᠰᠤᠷᠤᠯᠴᠠᠬᠤ ᠬᠡᠯᠪᠡᠷᠢ ᠶᠢ ᠰᠢᠨ᠎ᠡ ᠪᠠᠷ ᠡᠭᠦᠳᠴᠦ᠂ ᠣᠷᠣᠢ ᠶᠢᠨ ᠰᠤᠷᠭᠠᠭᠤᠯᠢ ᠶᠢᠨ ᠥᠪᠡᠷᠲᠡᠭᠡᠨ ᠰᠤᠷᠤᠯᠴᠠᠬᠤ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠬᠠᠮᠲᠤ ᠪᠠᠷ ᠲᠠᠩᠭᠠᠷᠢᠭᠯᠠᠬᠤ᠂ ᠮᠡᠳᠡᠯᠭᠡ ᠶᠢᠨ ᠤᠷᠤᠯᠳᠤᠭᠠᠨ᠂ ᠬᠤᠪᠢᠰᠬᠠᠯᠲᠤ ᠺᠢᠨᠣ᠋ ᠦᠵᠡᠬᠦ ᠵᠡᠷᠭᠡ ᠣᠨᠴᠠᠯᠢᠭ ᠢᠶᠠᠷ ᠢᠯᠡ ᠲᠣᠳᠣ᠂ ᠬᠡᠯᠪᠡᠷᠢ ᠮᠠᠶ᠋ᠢᠭ ᠣᠯᠠᠨ ᠶᠠᠩᠵᠤ ᠶᠢᠨ ᠠᠵᠢᠯᠯᠠᠭ᠎ᠠ ᠶᠢ ᠬᠦᠴᠦᠯᠡᠨ ᠰᠢᠯᠢᠳᠡᠭᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠯᠪᠡᠷᠢ ᠪᠠ ᠦᠷ᠎ᠡ ᠪᠦᠲᠦᠮᠵᠢ ᠶᠢ ᠥᠷᠭᠡᠳᠬᠡᠨ᠂ ᠰᠤᠷᠤᠯᠴᠠᠯᠭ᠎ᠠ ᠬᠥᠮᠦᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠪᠠ᠃ ᠪᠣᠳᠠᠲᠤ ᠶᠠᠪᠤᠳᠠᠯ ᠪᠦᠲᠦᠭᠡᠬᠦ ᠶᠢ ᠰᠢᠨ᠎ᠡ ᠪᠠᠶᠢᠳᠠᠯ ᠢ ᠨᠡᠭᠡᠭᠡᠬᠦ ᠲᠠᠢ ᠵᠡᠷᠭᠡ ᠪᠠᠷ ᠬᠦᠴᠦᠯᠡᠬᠦ ᠶᠢ ᠠᠬᠢᠭᠤᠯᠵᠤ᠂《 ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︱ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠵᠣᠬᠢᠶᠠᠨ ᠪᠠᠶᠢᠭᠤᠯᠤᠨ ᠥᠷᠨᠢᠭᠦᠯᠵᠦ ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠦᠭᠭᠦᠨ᠎ᠡ︾ ᠶᠢᠨ ᠨᠠᠷᠢᠨ ᠳᠠᠩᠰᠠ ᠶᠢᠨ 70 ᠵᠦᠢᠯ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠪᠦᠬᠦ ᠣᠷᠣᠨ ᠪᠦᠰᠡ ᠪᠦᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ ᠳᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠥᠯᠦᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠰᠢᠯᠢᠳᠡᠭ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠪᠦᠲᠦᠭᠡᠭᠳᠡᠬᠦᠨ ᠤ ᠬᠠᠩᠭᠠᠯᠭ᠎ᠠ ᠶᠢ ᠥᠷᠭᠡᠳᠬᠡᠪᠡ᠃      ᠬᠤᠶᠠᠷ᠂ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠪᠠ     ︵ᠨᠢᠭᠡ︶ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠨᠢᠭᠡ ᠳᠤ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠦᠷᠭᠦᠯᠵᠢᠯᠡᠨ ᠰᠢᠯᠢᠳᠡᠭᠵᠢᠭᠦᠯᠵᠡᠢ᠃ ︽ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠤᠯᠤᠰ ᠲᠥᠷᠥ ᠶᠢᠨ ᠪᠠᠶᠢᠭᠤᠯᠤᠯᠲᠠ ᠶᠢᠨ ᠲᠥᠰᠥᠯ︾᠂ ︽ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢᠨ ᠪᠠᠶᠢᠭᠤᠯᠤᠯᠲᠠ ᠶᠢᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠤᠭᠤᠷᠪᠢᠵᠤ᠂ 18 ᠤᠯᠠᠭᠠᠨᠮᠥ᠋ᠴᠢᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠳᠬᠦᠪᠡ᠃ ᠬᠤᠶᠠᠷ ᠲᠤ᠂ ᠵᠣᠬᠢᠶᠠᠨ ᠪᠦᠲᠦᠭᠡᠵᠦ ᠲᠣᠭᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ 300 ᠭᠠᠷᠤᠢ ᠪᠦᠲᠦᠭᠡᠯ ᠢ ᠵᠣᠬᠢᠶᠠᠨ ᠪᠦᠲᠦᠭᠡᠪᠡ᠃ ︽ᠤᠯᠠᠭᠠᠨᠮᠥ᠋ᠴᠢᠷ ᠤᠨ ᠰᠠᠷ᠎ᠠ︾᠂ ︽ᠪᠠᠶᠠᠷ ᠪᠠᠶᠠᠰᠤᠯ ᠪᠣᠯᠪᠠᠰᠤᠨ ᠢ ᠬᠦᠷᠭᠡᠬᠦ︾ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠵᠢᠴᠢ ᠪᠥᠬᠦ ᠤᠯᠤᠰ ᠤᠨ ᠲᠣᠭᠤᠷᠢᠨ ᠲᠣᠭᠯᠠᠯᠲᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ 8000 ᠭᠠᠷᠤᠢ ᠲᠠᠯᠠᠪᠤᠷ ᠲᠣᠭᠯᠠᠯᠲᠠ ᠭᠠᠷᠭᠠᠵᠤ᠂ ᠰᠦᠯᠵᠢᠶᠡᠨ ᠳᠡᠭᠡᠷ᠎ᠡ 7700 ᠭᠠᠷᠤᠢ ᠲᠠᠯᠠᠪᠤᠷ ᠲᠣᠭᠯᠠᠯᠲᠠ ᠭᠠᠷᠭᠠᠪᠠ᠃ ᠤᠬᠠᠭᠤᠯᠬᠤ᠂ ᠬᠠᠪᠰᠤᠷᠤᠨ ᠵᠢᠯᠤᠭᠤᠳᠬᠤ ᠪᠠ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ 10500 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 50 ᠲᠦᠮᠡ ᠰᠢᠬᠠᠮ ᠬᠥᠮᠥᠨ ᠤᠳᠠᠭ᠎ᠠ ᠳᠤ ᠰᠢᠭᠤᠳ ᠦᠢᠯᠡᠴᠢᠯᠡᠪᠡ᠃ ᠭᠤᠷᠪᠠ ᠳᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠤᠯᠠᠭᠠᠨᠮᠥ᠋ᠴᠢᠷ ᠤᠨ ᠤᠤᠭᠠᠯ ᠡᠭᠦᠳᠦᠯᠲᠡ ᠶᠢᠨ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ︽ᠤᠯᠠᠭᠠᠨᠮᠥ᠋ᠴᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠨᠢᠭᠡ ᠴᠣᠭᠴᠠᠲᠤ ᠮᠠᠰᠢᠨ︾ ᠢ ᠰᠤᠳᠤᠯᠤᠨ ᠨᠡᠭᠡᠭᠡᠵᠦ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ ᠲᠠᠪᠴᠠᠩ ᠳᠤ ᠨᠡᠶᠢᠲᠡ 1000 ᠭᠠᠷᠤᠢ ᠰᠢᠯᠢᠳᠡᠭ ᠪᠦᠲᠦᠭᠡᠯ ᠢ ᠤᠯᠠᠮᠵᠢᠯᠠᠵᠤ᠂ ᠠᠩᠬᠠᠷᠤᠭᠰᠠᠨ ᠲᠤᠭ᠎ᠠ 46 ᠲᠦᠮᠡ ᠭᠠᠷᠤᠢ ᠤᠳᠠᠭ᠎ᠠ ᠳᠤ ᠭᠦᠷᠦᠭᠰᠡᠨ ᠪᠠᠶᠢᠨ᠎ᠠ᠃       ︵ᠬᠤᠶᠠᠷ︶ ᠤᠷᠠᠯᠢᠭ ᠤᠨ ᠦᠢᠯᠡᠰ ᠤᠨ ᠬᠥᠭᠵᠢᠯᠲᠡ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ᠨᠢᠭᠡ ᠳᠤ᠂ ᠤᠷᠠᠯᠢᠭ ᠤᠨ ᠵᠣᠬᠢᠶᠠᠨ ᠪᠦᠲᠦᠭᠡᠯᠭᠡ   ᠶᠢᠨ ᠦᠷ᠎ᠡ ᠪᠦᠲᠦᠭᠡᠯ ᠡᠯᠪᠡᠭ ᠪᠠᠶᠠᠯᠢᠭ ᠪᠤᠯᠪᠠ᠃ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠬᠦ ︽ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠡᠯ᠎ᠡ ᠭᠠᠵᠠᠷ ᠤᠨ ᠬᠢᠨ ᠴᠠᠭ ᠦᠶ᠎ᠡ ᠶᠢᠨ ᠳᠠᠪᠰᠢᠯᠲᠠ ᠂ ᠦᠨᠳᠦᠰᠦᠲᠡᠨ ᠤ ᠪᠦᠯᠬᠦᠮᠳᠡᠯ᠂ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠵᠡᠷᠭᠡ ᠰᠡᠳᠦᠪ ᠤᠨ ᠲᠣᠭᠤᠷᠢᠨ ᠳᠤ ᠨᠢᠭᠡ ᠪᠦᠯᠦᠭ ᠤᠷᠠᠯᠢᠭ ᠤᠨ ᠰᠣᠳᠣᠨ ᠪᠦᠲᠦᠭᠡᠯ ᠭᠠᠷᠭᠠᠵᠤ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠱᠠᠩᠨᠠᠯ ︾ ᠤᠨ ᠬᠠᠮᠤᠭ ᠤᠨ ᠰᠢᠯᠢᠳᠡᠭ ᠵᠦᠴᠦᠭᠡ ᠶᠢᠨ ᠭᠠᠷᠴᠠᠭ ᠤᠨ ᠱᠠᠩᠨᠠᠯ᠂ ᠬᠠᠮᠤᠭ ᠤᠨ ᠰᠢᠯᠢᠳᠡᠭ ᠤᠳᠤᠷᠢᠳᠤᠭᠠᠴᠢ ᠶᠢᠨ ᠱᠠᠩᠨᠠᠯ᠂ ︽ᠮᠣᠷᠢᠲᠤ ᠴᠡᠷᠢᠭ︾᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠱᠠᠩᠨᠠᠯ︾ ᠤᠨ ᠤᠷᠠᠯᠢᠭ ᠤᠨ ᠲᠣᠭᠯᠠᠯᠲᠠ ᠶᠢᠨ ᠱᠠᠩᠨᠠᠯ ᠢ ᠬᠦᠷᠳᠡᠪᠡ︔ ︽ᠷᠣᠮᠠᠨᠲ᠋ᠢᠭ ᠲᠠᠯ᠎ᠠ ᠨᠤᠲᠤᠭ︾ ᠨᠢ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ᠪᠠᠳᠮ᠎ᠠ ᠱᠠᠩᠨᠠᠯ︾ ᠤᠨ ᠦᠨᠳᠦᠰᠦᠲᠡᠨ ᠤ ᠠᠷᠠᠳ ᠤᠨ ᠪᠥᠵᠢᠭ ᠤᠨ ᠱᠠᠩᠨᠠᠯ   ᠢ ᠬᠦᠷᠲᠡᠵᠦ᠂ ︽ᠮᠣᠷᠢᠲᠠᠨ ᠪᠠ ᠬᠠᠳᠬᠤᠮᠠᠯᠴᠢᠨ︾ ᠨᠢ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠼᠢᠷᠺ ᠤᠨ ︽ᠠᠯᠲᠠᠨ ᠤᠳᠪᠠᠯᠠ ᠱᠠᠩᠨᠠᠯ︾ ᠤᠨ ᠶᠧᠯᠸᠢ ᠶᠢᠨ ᠫᠷᠣᠭ᠍ᠷᠠᠮ ᠤᠨ ᠱᠠᠩᠨᠠᠯ   ᠢ ᠭᠥᠷᠳᠡᠪᠡ᠃ ᠬᠤᠶᠠᠷ ᠲᠤ᠂ ᠠᠷᠠᠳ ᠲᠤ ᠵᠣᠷᠢᠭᠤᠯᠤᠭᠰᠠᠨ ᠲᠣᠭᠯᠠᠯᠲᠠ ᠥᠷᠨᠢᠩᠭᠦᠢ ᠪᠠᠷ ᠬᠥᠭᠵᠢᠪᠡ᠃  ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾᠂ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠤᠪᠢᠰᠬᠠᠯᠲᠤ ᠳᠠᠭᠤᠤ ᠶᠢᠨ ᠲᠣᠭᠯᠠᠯᠲᠠ ᠵᠡᠷᠭᠡ ᠲᠤᠰᠬᠠᠢ ᠲᠠᠯᠠᠪᠤᠷ ᠳᠠᠭᠤᠤ ᠬᠥᠭᠵᠢᠮ ᠤᠨ ᠦᠳᠡᠰᠢᠯᠡᠭᠡ᠂ ︽ᠳᠥᠷᠪᠡᠨ ᠤᠯᠠᠷᠢᠯ ᠤᠨ ᠥᠪᠥᠷ ᠮᠣᠩᠭᠤᠯ ᠤᠨ ᠲᠣᠭᠯᠠᠯᠲᠠ ᠶᠢᠨ ᠤᠯᠠᠷᠢᠯ︾ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠬᠠᠮᠲᠤᠷᠠᠭᠰᠠᠨ ᠲᠣᠭᠯᠠᠯᠲᠠ ᠡᠷᠭᠢᠯᠡᠵᠦ᠂ ︽ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠬᠤ  ᠳᠤᠮᠳᠠᠳᠤ ᠶᠢᠨ ᠦᠨᠳᠦᠰᠦᠲᠡᠨ ᠬᠠᠮᠲᠤᠷᠠᠨ ᠪᠦᠯᠬᠦᠮᠳᠡᠬᠦ︾ ᠭᠡᠬᠦ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ᠂ ︽ᠰᠢᠯᠢᠳᠡᠭ ᠵᠦᠴᠦᠭᠡ ᠶᠢᠨ ᠦᠵᠡᠭᠦᠯᠭᠡ ᠶᠢᠨ ᠲᠣᠭᠯᠠᠯᠲᠠ ᠶᠢᠨ ᠰᠠᠷ᠎ᠠ︾ ᠵᠡᠷᠭᠡ ᠲᠣᠭᠯᠠᠯᠲᠠ ᠶᠢᠨ ᠠᠵᠢᠯᠯᠠᠭ᠎ᠠ ᠳᠤ ᠪᠦᠬᠦ ᠣᠷᠣᠨ ᠤ ᠡᠯ᠎ᠡ ᠱᠠᠲᠤᠨ ᠤ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ 9900 ᠭᠠᠷᠤᠢ ᠤᠳᠠᠭ᠎ᠠ ᠲᠣᠭᠯᠠᠯᠲᠠ ᠭᠠᠷᠭᠠᠵᠤ᠂ ᠰᠦᠯᠵᠢᠶᠡᠨ ᠳᠡᠭᠡᠷ᠎ᠡ 8500 ᠭᠠᠷᠤᠢ ᠤᠳᠠᠭ᠎ᠠ ᠲᠣᠭᠯᠠᠯᠲᠠ ᠳᠠᠮᠵᠢᠭᠤᠯᠪᠠ᠃ ᠭᠤᠷᠪᠠ ᠳᠤ᠂ ᠤᠷᠠᠯᠢᠭ ᠤᠨ ᠰᠤᠳᠤᠯᠭᠠᠨ ᠰᠢᠪᠲᠤᠯᠤᠯᠲᠠ ᠲᠠᠢ ᠪᠣᠯᠪᠠ᠃ ︽ᠲᠠᠶᠢᠰᠠᠨ ᠤ ᠤᠷᠠᠯᠢᠭ ᠤᠨ ᠭᠤᠷᠪᠠᠨ ᠵᠢᠯ ᠤᠨ ᠴᠢᠳᠠᠪᠤᠷᠢᠲᠠᠨ ᠢ ᠬᠥᠮᠥᠵᠢᠭᠦᠯᠬᠦ︾ ᠨᠢ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠬᠦᠷᠲᠡᠵᠦ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ︾ ᠢ ᠤᠯᠤᠰ ᠤᠨ ᠤᠷᠠᠯᠢᠭ ᠤᠨ ᠰᠠᠭᠤᠷᠢ ᠮᠥᠩᠭᠦ ᠶᠢᠨ ᠲᠤᠰᠠᠯᠠᠮᠵᠢ ᠶᠢᠨ ᠵᠦᠢᠯᠡᠰ ᠲᠤ ᠣᠷᠣᠭᠤᠯᠪᠠ᠃ ︽ᠥᠪᠥᠷ ᠮᠣᠩᠭᠤᠯ ᠤᠨ ᠤᠯᠠᠭᠠᠨᠮᠥ᠋ᠴᠢᠷ ᠤᠨ ᠣᠳᠣᠬᠢ ᠪᠠᠶᠢᠳᠠᠯ ᠤᠨ ᠪᠠᠶᠢᠴᠠᠭᠠᠯᠲᠠ ᠬᠢᠭᠡᠳ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠤᠨ ᠰᠤᠳᠤᠯᠤᠯ︾᠂ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠥᠪᠥᠷ ᠮᠣᠩᠭᠤᠯ ᠤᠨ ᠦᠨᠳᠦᠰᠦᠲᠡᠨ ᠤ ᠪᠥᠵᠢᠭ ᠤᠨ ᠵᠣᠬᠢᠶᠠᠨ ᠪᠦᠲᠦᠭᠡᠯᠭᠡ ᠶᠢᠨ ᠰᠤᠳᠤᠯᠤᠯ︾ ᠤᠨ ᠰᠤᠳᠤᠯᠭᠠᠨ ᠤ ᠠᠵᠢᠯ ᠡᠮᠬᠢ ᠵᠢᠷᠤᠮ ᠲᠠᠢ ᠠᠬᠢᠪᠠ᠃      ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠦᠷᠭᠦᠯᠵᠢᠯᠡᠨ ᠳᠡᠭᠭᠰᠢᠯᠡᠪᠡ᠃ ᠨᠢᠭᠡ ᠳᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠲᠡᠭᠦᠯᠳᠡᠷᠵᠢᠭᠦᠯᠵᠡᠢ᠃ ᠪᠥᠬᠦ ᠣᠷᠣᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠦᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠴᠡᠭᠴᠡᠯᠡᠵᠦ᠂ 2020 ᠣᠨ ᠳᠤ ᠪᠠᠶᠢᠭᠤᠯᠤᠭᠰᠠᠨ 927 ᠵᠢᠭᠤᠯᠴᠢᠯᠠᠯ ᠤᠨ ᠵᠣᠷᠯᠣᠩ ᠢ ᠰᠢᠯᠭᠠᠨ ᠠᠪᠴᠤ ᠲᠠᠰ ᠲᠣᠭᠲᠠᠭᠠᠨ᠂ 1007 ᠵᠢᠭᠤᠯᠴᠢᠯᠠᠯ ᠤᠨ ᠵᠣᠷᠯᠣᠩ ᠢ ᠰᠤᠭᠤᠴᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠪᠥᠬᠦ ᠤᠯᠤᠰ ᠤᠨ ᠠᠷᠠᠳ ᠤᠨ ᠤᠷᠠᠯᠢᠭ ᠤᠨ ᠨᠤᠲᠤᠭ   ᠢᠶᠠᠷ 5 ᠭᠠᠵᠠᠷ ᠦᠨᠡᠯᠡᠭᠳᠡᠨ᠂ ᠪᠥᠬᠦ ᠣᠷᠣᠨ ᠤ ᠠᠷᠠᠳ ᠤᠨ ᠤᠷᠠᠯᠢᠭ ᠤᠨ ᠨᠤᠲᠤᠭ ᠢᠶᠠᠷ 24 ᠭᠠᠵᠠᠷ ᠢ ᠨᠡᠷᠡᠶᠢᠳᠴᠦ᠂ 88 ᠰᠣᠶᠣᠯ ᠤᠨ ᠣᠷᠳᠣᠨ ᠤᠯᠤᠰ ᠤᠨ ᠭᠤᠷᠪᠠᠳᠤᠭᠠᠷ ᠳᠡᠰ ᠠᠴᠠ ᠳᠡᠭᠡᠭᠰᠢᠬᠢ ᠰᠣᠶᠣᠯ ᠤᠨ ᠣᠷᠳᠣᠨ ᠤ ᠪᠠᠷᠢᠮᠵᠢᠶ᠎ᠠ ᠳᠤ ᠭᠦᠷᠦᠭᠰᠡᠨ ᠶᠤᠮ᠃ ᠬᠤᠶᠠᠷ ᠲᠤ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠦᠷᠨᠢᠭᠦᠯᠵᠡᠢ᠃ ᠥᠪᠥᠷ ᠮᠣᠩᠭᠤᠯ ᠤᠨ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ᠂ ︽ᠨᠠᠬᠢᠯᠵᠠᠭᠠᠨ ᠤᠶᠠᠩᠭᠠᠲᠤ ᠤᠮᠠᠷᠠᠲᠤ ᠬᠢᠯᠢ︾ ᠪᠥᠬᠦ ᠣᠷᠣᠨ ᠤ ᠳᠥᠷᠪᠡᠳᠦᠭᠡᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ᠂ ︽ᠪᠠᠭ᠋ᠠᠷᠤᠯᠲᠤ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ︽ᠰᠣᠭᠲᠤᠭᠤᠷᠠᠮ᠎ᠠ ᠰᠠᠶᠢᠬᠠᠨ ᠲᠠᠯ᠎ᠠ ᠨᠤᠲᠤᠭ᠂ ᠦᠵᠡᠰᠬᠦᠯᠡᠩᠲᠦ ᠭᠤᠸ᠎ᠠ ᠤᠮᠠᠷᠠᠲᠤ ᠬᠢᠯᠢ︾ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠬᠡᠷᠡᠯ ᠵᠢᠷᠤᠭ ᠤᠨ ᠰᠢᠯᠢᠳᠡᠭ ᠪᠦᠲᠦᠭᠡᠯ ᠤᠨ ᠦᠵᠡᠭᠦᠯᠭᠡ ᠵᠡᠷᠭᠡ ᠠᠵᠢᠯᠯᠠᠭ᠎ᠠ ᠶᠢ ᠡᠷᠭᠢᠯᠡᠵᠦ᠂ ︽ᠨᠤᠲᠤᠭ ᠤᠨ ᠳᠠᠭᠤᠤ ᠪᠠᠨ ᠨᠠᠮ ᠳᠤ  ᠪᠠᠨ ᠰᠣᠨᠤᠰᠬᠠᠶ᠎ᠠ︾ ᠣᠯᠠᠨ ᠲᠦᠮᠡᠨᠴᠢ ᠴᠢᠨᠠᠷᠲᠠᠢ ᠳᠠᠭᠤᠤ ᠶᠢᠨ ᠠᠵᠢᠯᠯᠠᠭ᠎ᠠ ᠶᠢ 221 ᠤᠳᠠᠭ᠎ᠠ ᠥᠷᠨᠢᠭᠦᠯᠪᠡ᠃ ᠭᠤᠷᠪᠠ ᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠡᠢ᠃ ︽ᠰᠢ ᠲᠠᠭᠤᠷᠢᠯᠢᠬ ᠢ ᠬᠥᠳᠡᠭᠡ ᠲᠣᠰᠬᠤᠨ ᠳᠤ ᠬᠦᠷᠭᠡᠬᠦ︾ ᠲᠣᠭᠯᠠᠯᠲᠠ ᠶᠢ 2000 ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠳᠤ ᠳᠠᠪᠬᠤᠷᠳᠠᠭᠰᠠᠨ ᠬᠦᠮᠦᠨ ᠤ ᠲᠤᠭ᠎ᠠ ᠪᠠᠷ 50 ᠭᠠᠷᠤᠢ ᠤᠳᠠᠭ᠎ᠠ ᠦᠢᠯᠡᠴᠢᠯᠡᠪᠡ᠃ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ 120 ᠨᠡᠷᠡᠶᠢᠳᠴᠦ᠂ ᠡᠷᠦᠬᠡ ᠪᠦᠷᠢ ᠳᠤ 2 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠭᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 80 ᠭᠠᠴᠠᠭ᠎ᠠ ᠳᠤ ᠲᠤᠰᠪᠤᠷᠢ 1 ᠰᠣᠶᠣᠯ ᠤᠨ ᠬᠠᠮᠢᠶᠠᠷᠤᠭᠴᠢ ᠶᠢ ᠲᠣᠬᠢᠷᠠᠭᠤᠯᠪᠠ᠃ 108 ᠨᠣᠮ ᠤᠨ ᠰᠠᠩ ︽ᠨᠣᠮ ᠤᠨ ᠴᠠᠭᠠᠨ ᠪᠤᠶᠠᠨᠲᠤ ᠤᠮᠠᠷᠠᠲᠤ ᠬᠢᠯᠢ · ᠺᠣᠳ᠋ ᠢᠶᠠᠷ ᠰᠢᠷᠪᠢᠬᠦ ᠤᠩᠰᠢᠯᠭ᠎ᠠ︾ ᠭᠡᠬᠦ ᠲᠠᠪᠴᠠᠩ ᠢᠶᠠᠷ ᠪᠦᠬᠦ ᠣᠷᠣᠨ ᠤ ᠨᠣᠮ ᠤᠨ ᠰᠠᠩ ᠳᠤ ᠰᠢᠷᠢᠰ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠳᠠᠪᠬᠤᠷᠳᠠᠭᠰᠠᠨ ᠬᠦᠮᠦᠨ ᠤ ᠲᠤᠭ᠎ᠠ ᠪᠠᠷ 13.5 ᠲᠦᠮᠡᠨ ᠤᠩᠰᠢᠭᠴᠢᠳ ᠲᠤ ᠦᠢᠯᠡᠴᠢᠯᠡᠪᠡ᠃ ᠳᠥᠷᠪᠡ ᠳᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠦᠷᠨᠢᠭᠦᠯᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ ᠂ ︽ᠬᠠᠪᠤᠷ ᠤᠨ ᠬᠤᠷ᠎ᠠ ᠶᠢᠨ ᠢᠨᠵᠧᠨᠧᠷᠢᠩ︾ ᠬᠤᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠥᠪᠥᠷ ᠮᠣᠩᠭᠤᠯ ᠳᠤ ᠬᠢ ᠠᠶᠠᠯᠠᠯ ᠵᠢᠴᠢ ᠬᠤᠨᠠᠨ ᠦᠪᠦᠷ ᠮᠣᠩᠭᠤᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ᠂ ᠥᠪᠥᠷ ᠮᠣᠩᠭᠤᠯ ᠤᠨ ᠨᠣᠮ ᠤᠨ ᠰᠠᠩ ᠤᠨ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠶᠦᠨᠨᠠᠨ ᠮᠤᠵᠢ ᠳᠤ ᠬᠢ ᠠᠶᠠᠯᠠᠯ ᠵᠢᠴᠢ ᠥᠪᠥᠷ ᠮᠣᠩᠭᠤᠯ ᠶᠦᠨᠨᠠᠨ ᠤ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠨᠢᠭᠡ ᠪᠦᠯᠦᠭ ᠪᠥᠬᠦ ᠣᠷᠣᠨ ᠤ ᠰᠢᠯᠢᠳᠡᠭ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠭᠡᠨ ᠤ ᠪᠦᠯᠬᠦᠮ ᠨᠡᠶᠢᠲᠡ ᠪᠠ ᠰᠠᠶᠢᠨ ᠳᠤᠷᠠᠴᠤᠳ ᠢ ᠰᠢᠯᠭᠠᠷᠠᠭᠤᠯᠤᠨ ᠨᠡᠷᠡᠶᠢᠳᠪᠡ᠃      ︵ᠳᠥᠷᠪᠡ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠢᠭᠡ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠯᠠᠪᠳᠠᠭᠤᠨ ᠠᠬᠢᠭᠤᠯᠵᠠᠢ᠃ 140 ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠷᠦᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠵᠤ᠂ ᠦ᠋ ᠠᠨ ᠵᠧᠦ ᠶᠢᠨ ᠯᠢᠶᠣᠤ ᠤᠯᠤᠰ ᠤᠨ ᠰᠤᠪᠤᠷᠭ᠎ᠠ ᠶᠢ ᠬᠠᠮᠠᠭᠠᠯᠠᠵᠤ ᠰᠡᠯᠪᠢᠨ ᠵᠠᠰᠠᠬᠤ᠂ ᠠᠷᠵᠠᠢ ᠶᠢᠨ ᠬᠠᠨ᠎ᠠ ᠶᠢᠨ ᠵᠢᠷᠤᠭ ᠢ ᠰᠡᠯᠪᠢᠨ ᠵᠠᠰᠠᠬᠤ ᠵᠡᠷᠭᠡ ᠨᠢᠭᠡ ᠪᠦᠯᠦᠭ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠪᠡ᠃ ᠬᠠᠲᠤᠨ ᠭᠤᠣᠯ ᠳᠠᠭᠠᠤ ᠶᠢᠨ ᠲᠤᠯᠤᠭᠠᠨ ᠠᠶᠢᠮᠠᠭ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ ᠪᠥᠬᠦ ᠣᠷᠣᠨ ᠤ ᠴᠢᠯᠠᠭᠤᠨ ᠠᠭᠤᠢ ᠶᠢᠨ ᠰᠦᠮ᠎ᠡ ᠶᠢᠨ ᠲᠤᠰᠬᠠᠢ ᠵᠦᠢᠯ ᠤᠨ ᠪᠠᠶᠢᠴᠠᠭᠠᠯᠲᠠ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢᠨ ᠪᠠᠭᠤᠷᠢ ᠶᠢᠨ ᠲᠦᠭᠰᠢᠭᠦᠷᠢᠲᠦ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠨᠡᠶᠢᠲᠡ 39 ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠬᠤᠶᠠᠷ ᠲᠤ ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠵᠤ ᠰᠤᠳᠤᠯᠬᠤ ᠠᠵᠢᠯ ᠦᠷ᠎ᠡ ᠪᠦᠲᠦᠭᠡᠯ ᠡᠯᠪᠡᠭ ᠪᠣᠯᠵᠠᠢ᠃ ᠯᠢᠶᠣᠤ ᠤᠯᠤᠰ ᠤᠨ ᠳᠡᠭᠡᠳᠦ ᠨᠡᠶᠢᠰᠯᠡᠯ᠂ ᠬᠤᠷᠢᠨᠭᠡᠷ ᠤᠨ ᠲᠦ᠋ ᠴᠧᠩ ᠽᠢ ᠬᠤᠲᠠ᠂ ᠰᠢᠷᠬᠤᠰᠤ ᠶᠢᠨ ᠪᠠᠭᠤᠷᠢ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦ  ᠪᠠᠷ ᠢᠶᠠᠨ ᠠᠬᠢᠭᠤᠯᠪᠠ᠃ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠯᠦᠩ ᠱᠠᠨ ᠤ ᠦᠶ᠎ᠡ ᠶᠢᠨ ᠴᠢᠯᠠᠭᠤᠨ ᠬᠤᠲᠠ ᠶᠢᠨ ᠪᠠᠭᠤᠷᠢ᠂ ᠰᠥᠨᠢᠳ ᠪᠠᠷᠠᠭᠤᠨ ᠬᠤᠰᠢᠭᠤᠨ ᠤ ᠵᠢᠪᠬᠤᠯᠠᠩᠲᠤ ᠳᠤ ᠬᠢ ᠾᠦᠩᠨᠦ ᠶᠢᠨ ᠣᠩᠭᠤᠨ᠂ ᠦᠴᠦᠸᠠᠨ ᠤ ᠳᠠᠯᠠᠩ ᠤᠨ ᠣᠷᠣᠢ ᠶᠢᠨ ᠤᠮᠠᠷᠠᠲᠤ ᠸᠧᠢ ᠤᠯᠤᠰ ᠤᠨ ᠳᠠᠬᠢᠯᠭ᠎ᠠ ᠶᠢᠨ ᠪᠠᠷᠢᠯᠭ᠎ᠠ ᠶᠢᠨ ᠪᠠᠭᠤᠷᠢ ᠵᠡᠷᠭᠡ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠲᠠᠰᠤᠷᠠᠯᠲᠠ ᠦᠭᠡᠢ ᠦᠷᠨᠢᠭᠦᠯᠪᠡ᠃ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠵᠡᠷᠭᠡ 10 ᠵᠦᠢᠯ ᠤᠨ ᠰᠠᠨᠠᠭᠠᠴᠢᠯᠠᠭᠠᠲᠤ ᠴᠢᠨᠠᠷᠲᠠᠢ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ  ᠠᠵᠢᠯ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠵᠥᠪᠰᠢᠶᠡᠷᠡᠯ ᠢ ᠣᠯᠪᠠ᠃ ᠭᠤᠷᠪᠠ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠡᠢ᠃ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠢ ᠶᠢᠨ ᠬᠠᠳᠠᠭᠠᠯᠠᠯᠲᠠ ᠶᠢ ᠡᠯᠰᠡᠨ ᠴᠤᠭᠯᠠᠭᠤᠯᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠤᠯᠤᠰ ᠤᠨ ᠥᠮᠴᠢᠯᠡᠯᠲᠦ ᠮᠦᠽᠧᠢ ᠶᠢᠨ ᠬᠠᠳᠠᠭᠠᠯᠠᠯᠲᠠ ᠶᠢ ᠡᠯᠰᠡᠨ ᠴᠤᠭᠯᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ ᠶᠢᠨ  ᠪᠦᠲᠦᠭᠡᠨ ᠪᠠᠶᠢᠭᠤᠯᠤᠯᠲᠠ ᠶᠢᠨ ᠠᠵᠢᠯ ᠦᠨᠳᠦᠰᠦᠨ ᠳᠤ ᠪᠠᠨ ᠳᠠᠭᠤᠰᠴᠤ᠂ ᠤᠯᠠᠭᠠᠨᠬᠠᠳᠠ ᠶᠢᠨ ᠬᠢᠳᠠᠨ ᠤ ᠯᠢᠶᠣᠤ ᠤᠯᠤᠰ ᠤᠨ ᠮᠦᠽᠧᠢ᠂ ᠬᠥᠯᠥᠨ ᠪᠤᠶᠢᠷ ᠤᠨ ᠲᠡᠦᠬᠡ ᠶᠢᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠠᠬᠢᠭᠤᠯᠪᠠ᠃ ︽ᠬᠠᠳᠤᠨ ᠭᠤᠣᠯ ᠲᠠᠯ᠎ᠠ ᠨᠤᠲᠤᠭ ᠢᠶᠠᠷ ᠤᠷᠤᠰᠤᠨ ᠥᠩᠭᠡᠷᠡᠨ᠎ᠡ ︱ᠥᠪᠥᠷ ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠤᠨ ᠡᠷᠲᠡᠨ ᠤ ᠪᠣᠯᠪᠠᠰᠤᠨ ᠤ ᠦᠵᠡᠰᠬᠦᠯᠡᠩ︾ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ 2021 ᠣᠨ ᠤ ︽ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠢ ᠪᠣᠯᠭᠠᠶ᠎ᠠ︾ ᠠᠴᠠ ᠲᠠᠨᠢᠯᠴᠠᠭᠤᠯᠬᠤ 100 ᠭᠤᠣᠯ ᠰᠡᠳᠦᠪᠲᠦ ᠦᠵᠡᠰᠬᠦᠯᠡᠩ ᠳᠤ ᠵᠢᠭᠰᠠᠭᠠᠨ ᠣᠷᠣᠭᠤᠯᠪᠠ᠃ ᠳᠥᠷᠪᠡ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢᠨ ᠰᠢᠪᠠᠳᠠᠨ ᠪᠠᠶᠢᠴᠠᠭᠠᠯᠲᠠ ᠶᠢ ᠲᠠᠰᠤᠷᠠᠯᠳᠠ ᠦᠭᠡᠢ ᠴᠢᠩᠭᠠᠳᠬᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠣᠷᠳᠣ ᠴᠠᠭᠠᠨ ᠬᠡᠷᠡᠮ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠵᠦ᠂ ᠰᠣᠶᠣᠯ ᠤᠨ ᠥᠪ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠢᠨ᠎ᠡ ᠲᠣᠭᠲᠠᠴᠠ ᠶᠢ ᠢᠳᠡᠪᠬᠢᠲᠡᠢ ᠡᠷᠢᠯᠬᠢᠯᠡᠪᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢ ᠰᠢᠪᠠᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 3161 ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠵᠤ᠂ ᠪᠠᠶᠢᠴᠠᠭᠠᠨ ᠢᠯᠡᠷᠡᠭᠦᠯᠦᠭᠰᠡᠨ 1727 ᠠᠮᠤᠷ ᠲᠦᠪᠰᠢᠨ ᠤ ᠲᠠᠯᠳᠠ ᠭᠡᠮ ᠤᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠤ ᠳᠠᠭᠤᠰᠬᠠᠭᠠᠳ᠂ ᠭᠠᠯ ᠰᠡᠷᠭᠡᠶᠢᠯᠡᠨ ᠤᠨᠲᠠᠷᠠᠭᠠᠬᠤ ᠰᠢᠯᠭᠠᠯᠲᠠ ᠳᠤ ᠡᠰᠡ ᠬᠢᠷᠢ ᠲᠡᠩᠴᠡᠭᠰᠡᠨ 7 ᠮᠦᠽᠧᠢ ᠶᠢ ᠬᠠᠭᠠᠪᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠶᠠᠯ᠎ᠠ ᠬᠢᠭᠰᠡᠨ ᠰᠡᠵᠢᠭᠯᠡᠯᠲᠡᠢ ᠡᠲᠡᠭᠡᠳ 107 ᠬᠥᠮᠥᠨ ᠢ ᠪᠠᠷᠢᠪᠴᠢᠯᠠᠵᠤ᠂ 163 ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠲᠤᠰᠢᠶᠠᠪᠠ᠃ ᠵᠠᠷᠯᠠᠨ ᠨᠡᠶᠢᠲᠡᠯᠡᠬᠦ ᠫᠠᠶᠢᠰᠠ ᠶᠢ 820 ᠪᠣᠰᠬᠠᠨ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠨᠢᠭᠡᠴᠢ ᠨᠦᠭᠦᠳ ᠴᠥᠮ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭᠠᠲᠠᠨ ᠢ ᠵᠠᠷᠯᠠᠨ ᠨᠡᠶᠢᠲᠡᠯᠡᠵᠦ ᠮᠡᠳᠡᠭᠳᠡᠬᠦ ᠳᠦᠷᠢᠮ ᠢ ᠨᠠᠶᠢᠳᠠᠪᠤᠷᠢᠵᠢᠭᠤᠯᠪᠠ᠃      ︵ᠲᠠᠪᠤ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠦᠪᠯᠡᠨ ᠤᠯᠠᠮᠵᠢᠯᠠᠬᠤ ᠠᠮᠢᠵᠢᠷᠠᠯ ᠤᠨ ᠬᠦᠴᠦᠨ  ᠴᠢᠩᠭᠠᠷᠠᠪᠠ᠃ ᠨᠢᠭᠡ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠠᠢ᠃ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠦᠪᠯᠡᠨ ᠤᠯᠠᠮᠵᠢᠯᠠᠬᠤ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠷᠭ᠎ᠠ︾᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠯᠲᠡ ᠶᠢ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠪᠠ᠃ ᠬᠤᠶᠠᠷ ᠲᠤ᠂ ᠬᠠᠮᠠᠭᠠᠯᠠᠵᠤ ᠦᠪᠯᠡᠨ ᠤᠯᠠᠮᠵᠢᠯᠠᠬᠤ ᠶᠢ ᠠᠬᠢᠭᠤᠯᠵᠠᠢ᠃ᠳᠣᠯᠣᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ  ᠦᠪᠯᠡᠨ ᠤᠯᠠᠮᠵᠢᠯᠠᠭᠴᠢ 120 ᠬᠥᠮᠥᠨ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠤᠨ ᠲᠦᠷᠦᠯ ᠵᠦᠢᠯ 65 ᠲᠦᠷᠦᠯ 100 ᠵᠦᠢᠯ ᠢ ᠨᠡᠶᠢᠲᠡᠯᠡᠪᠡ᠃ 17 ᠲᠦᠷᠦᠯ ᠵᠦᠢᠯ ᠲᠠᠪᠤᠳᠤᠭᠠᠷ ᠪᠦᠯᠦᠭ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠰᠣᠩᠭᠤᠭᠳᠠᠪᠠ᠃ ᠭᠡᠰᠡᠷ ᠤᠨ ᠰᠣᠶᠣᠯ ︵ᠪᠠᠭᠠᠷᠢᠨ ᠪᠠᠷᠠᠭᠤᠨ ᠬᠤᠰᠢᠭᠤ︶ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠮᠡᠳᠡᠭᠦᠯᠬᠦ ᠪᠠᠷ ᠲᠠᠨᠢᠯᠴᠠᠭᠤᠯᠪᠠ᠃ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠬᠦ ᠠᠵᠢᠯ᠂ ᠬᠠᠳᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠵᠦ᠂ 2021 ᠣᠨ ᠤ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢ ᠲᠡᠮᠳᠡᠭᠯᠡᠬᠦ ᠢᠨᠵᠧᠨᠧᠷᠢᠩ ᠢ ᠬᠡᠷᠡᠭᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠭᠴᠢᠳ ᠤᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ ᠢ 20 ᠬᠤᠭᠤᠴᠠᠭ᠎ᠠ ᠡᠷᠬᠢᠯᠡᠪᠡ᠃ ᠭᠤᠷᠪᠠ ᠳᠤ᠂ ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠵᠠᠢ᠃ ︽ᠪᠣᠳᠠᠰ ᠤᠨ ᠪᠤᠰᠤ ᠰᠣᠶᠣᠯ ᠤᠨ ᠥᠪ ᠢᠶᠠᠷ ᠰᠢᠨᠡᠯᠡᠵᠦ   ᠰᠣᠶᠣᠯ ᠢ ᠲᠦᠮᠡᠨ ᠡᠷᠦᠬᠡ ᠳᠤ ᠬᠦᠷᠭᠡᠬᠦ︾ ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠭᠦᠯᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠬᠦ ᠪᠦᠲᠦᠭᠡᠭᠳᠡᠬᠦᠨ ᠤ ᠳᠡᠯᠭᠡᠨ ᠦᠵᠡᠭᠦᠯᠭᠡ ᠳᠡᠯᠭᠡᠨ ᠪᠣᠷᠣᠯᠠᠭᠤᠯᠬᠤ ᠴᠤᠭᠯᠠᠭᠠᠨ᠂  ︽ᠰᠢᠨ᠎ᠡ ᠴᠠᠭ ᠦᠶ᠎ᠡ ᠪᠠᠨ ᠬᠠᠳᠬᠤᠮᠠᠯᠯᠠᠶ᠎ᠠ︾ ᠥᠪᠥᠷ ᠮᠣᠩᠭᠤᠯ ᠤᠨ ᠬᠠᠳᠬᠤᠮᠠᠯ ᠪᠡᠯᠡᠭ ᠤᠨ ᠤᠷᠤᠯᠳᠤᠭᠠᠨ᠂ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠵᠤ ᠡᠷᠬᠢᠯᠡᠨ᠂ ︽ᠤᠯᠠᠮᠵᠢᠯᠠᠯᠲᠤ ᠰᠣᠶᠣᠯ ᠢᠶᠠᠨ ᠰᠠᠷ᠎ᠠ ᠰᠠᠷ᠎ᠠ ᠤᠯᠠᠮᠵᠢᠯᠠᠶ᠎ᠠ︾᠂ ︽ᠤᠯᠠᠮᠵᠢᠯᠠᠯᠲᠤ ᠭᠠᠷ ᠤᠷᠠᠯᠠᠯ ᠤᠨ ᠶᠡᠭᠡ ᠬᠢᠴᠢᠶᠡᠯ ᠤᠨ ᠲᠠᠩᠬᠢᠮ︾᠂ ᠪᠣᠳᠠᠰ ᠤᠨ ᠪᠤᠰᠤ ᠰᠣᠶᠣᠯ ᠤᠨ ᠥᠪ ᠤᠨ ᠢᠯᠡ ᠬᠢᠴᠢᠶᠡᠯ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠰᠤᠷᠭᠠᠭᠤᠯᠢ ᠶᠢᠨ ᠬᠦᠷᠢᠶᠡᠨ ᠳᠤ ᠣᠷᠣᠬᠤ︾ ᠪᠠ ︽ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ︾ 2 ᠲᠦᠷᠦᠯ ᠤᠨ 10 ᠶᠡᠭᠡ ᠰᠢᠯᠢᠳᠡᠭ ᠬᠡᠷᠡᠭ ᠤᠨ ᠵᠢᠱᠢᠶ᠎ᠡ ᠶᠢ ᠶᠡᠭᠡ ᠪᠠᠷ ᠤᠬᠠᠭᠤᠯᠤᠨ ᠲᠠᠨᠢᠯᠴᠠᠭᠤᠯᠪᠠ᠃      ︵ᠵᠢᠷᠭᠤᠭ᠎ᠠ︶ ᠰᠣᠶᠣᠯ ᠵᠢᠭᠤᠯᠴᠢᠯᠠᠯ ᠤᠨ ᠠᠵᠤ ᠦᠢᠯᠡᠰ ᠰᠡᠷᠭᠦᠨ ᠬᠦᠭᠵᠢᠪᠡ᠃ ᠨᠢᠭᠡ ᠳᠤ᠂ ᠵᠠᠰᠠᠭ ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠵᠡᠢ᠃ ᠠᠶᠢᠮᠠᠭ ᠬᠤᠲᠠ ᠶᠢᠨ ᠵᠠᠰᠠᠭ ᠪᠠᠩᠬᠢ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠵᠥᠪᠳᠡᠯᠴᠡᠭᠡᠷ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠬᠢᠭᠡᠳ ᠬᠢᠶ᠎ᠠ ᠪᠠᠭᠰᠢ ᠪᠠᠯᠭᠠᠰᠤᠨ ᠤ ᠬᠤᠶᠠᠳᠤᠭᠠᠷ ᠬᠤᠭᠤᠴᠠᠭ᠎ᠠ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠣᠷᠳᠣᠰ ᠤᠨ ᠴᠠᠭᠠᠨ ᠠᠶᠢᠮᠠᠭ ᠵᠡᠷᠭᠡ 3 ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠰᠠᠨᠠᠮᠵᠢ ᠲᠠᠢ ᠪᠣᠯᠬᠤ ᠶᠢ ᠠᠬᠢᠭᠤᠯᠤᠨ᠂ 9 ᠰᠣᠶᠣᠯ ᠵᠢᠭᠤᠯᠴᠢᠯᠠᠯ ᠤᠨ ᠵᠢᠵᠢᠭ ᠪᠢᠴᠢᠯ ᠠᠵᠤ ᠠᠬᠤᠶᠢᠯᠠᠯ ᠯᠤᠭ᠎ᠠ ᠪᠡᠯᠡ ᠲᠣᠬᠢᠷᠠᠭᠤᠯᠭ᠎ᠠ ᠶᠢᠨ ᠰᠠᠨᠠᠮᠵᠢ ᠲᠠᠢ ᠪᠣᠯᠤᠭᠰᠠᠨ ᠮᠦᠩᠭᠦᠨ ᠤ ᠲᠤᠭ᠎ᠠ 485 ᠲᠦᠮᠡᠨ ᠲᠥᠭᠦᠷᠢᠭ ᠲᠤ ᠬᠥᠷᠪᠡ︔ ᠥᠪᠥᠷ ᠮᠣᠩᠭᠤᠯ ᠪᠠᠩᠬᠢ ᠬᠢᠭᠡᠳ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳ᠋ᠡ ᠾᠧᠢ ᠾᠧ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠲᠠᠯ᠎ᠠ ᠪᠠᠷ 1 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠰᠠᠨᠠᠮᠵᠢ ᠶᠢᠨ ᠮᠥᠩᠭᠦ ᠲᠣᠬᠢᠷᠠᠭᠰᠠᠨ ᠢ ᠠᠬᠢᠭᠤᠯᠪᠠ᠃ ᠬᠤᠶᠠᠷ ᠲᠤ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠪᠣᠶᠢᠵᠢᠭᠤᠯᠬᠤ ᠵᠦᠭᠯᠡᠭᠦᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠣᠶᠢᠵᠢᠭᠤᠯᠬᠤ ᠶᠢ ᠦᠨᠡᠯᠡᠨ ᠲᠣᠭᠲᠠᠭᠠᠬᠤ ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠵᠤ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠦᠨᠡᠯᠡᠨ ᠲᠣᠭᠲᠠᠭᠠᠬᠤ ᠠᠵᠢᠯ ᠢ ᠡᠬᠢᠯᠡᠭᠦᠯᠪᠡ᠃ ᠤᠯᠠᠮᠵᠢᠯᠠᠯᠲᠤ ᠭᠠᠷ ᠤᠷᠠᠯᠠᠯ ᠢ ᠦᠪᠯᠡᠨ ᠤᠯᠠᠮᠵᠢᠯᠠᠬᠤ ᠪᠠ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠦᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ 95 ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ᠂ ︽ᠥᠪᠥᠷ ᠮᠣᠩᠭᠤᠯ ᠤᠨ ᠪᠡᠯᠡᠭ︾ ᠰᠣᠶᠣᠯ ᠵᠢᠭᠤᠯᠴᠢᠯᠠᠯ ᠤᠨ ᠲᠠᠸᠠᠷ ᠤᠨ ᠪᠡᠯᠭᠡ ᠲᠡᠮᠳᠡᠭ ᠤᠨ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠭᠡᠷᠡᠴᠢᠯᠡᠬᠦ 192 ᠲᠠᠸᠠᠷ ᠢ ᠭᠤᠣᠯᠳᠠᠯᠭ᠎ᠠ ᠲᠠᠢ ᠳᠡᠮᠵᠢᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠦᠭᠵᠢᠭᠡᠵᠡᠢ᠃ ᠬᠥᠬᠡᠬᠤᠲᠠ ᠶᠢᠨ ᠪᠣᠭᠤᠮᠲᠠ ᠶᠢᠨ ᠬᠠᠭᠤᠴᠢᠨ ᠵᠡᠭᠡᠯᠢ᠂ ᠣᠷᠳᠣᠰ ᠬᠤᠲᠠ ᠶᠢᠨ ᠬᠢᠶ᠎ᠠ ᠪᠠᠭᠰᠢ ᠤᠯᠠᠭᠠᠨᠮᠦ᠋ᠷᠡᠨ ᠰᠣᠶᠣᠯ ᠪᠠ ᠵᠢᠭᠤᠯᠴᠢᠯᠠᠯ ᠤᠨ ᠵᠡᠭᠡᠯᠢ ᠲᠣᠭᠤᠷᠢᠭ᠂ ᠬᠥᠯᠥᠨ ᠪᠤᠶᠢᠷ   ᠤᠨ ᠮᠠᠨᠵᠤᠤᠷ ᠬᠤᠲᠠ ᠶᠢᠨ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ ᠤ ᠬᠡᠦᠬᠡᠯᠳᠡᠢ ᠶᠢᠨ ᠦᠵᠡᠮᠵᠢ ᠶᠢᠨ ᠣᠷᠣᠨ ᠵᠡᠷᠭᠡ ᠨᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠳᠤ ᠰᠣᠩᠭᠤᠭᠳᠠᠨ ᠣᠷᠣᠵᠤ᠂ ᠪᠤᠭᠤᠲᠤ ᠬᠤᠲᠠ ᠬᠤᠶᠠᠳᠤᠭᠠᠷ ᠪᠦᠯᠦᠭ ᠤᠨ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ ᠪᠠᠷ ᠰᠣᠩᠭᠤᠭᠳᠠᠨ ᠣᠷᠣᠪᠠ᠃ ᠬᠤᠲᠠ ᠪᠠᠷ ᠲᠦᠪᠯᠡᠭᠰᠡᠨ᠂ ᠡᠷᠬᠢᠨ ᠲᠣᠭᠤᠷᠢᠨ ᠤ ᠣᠷᠣᠨ ᠪᠦᠰᠡ ᠶᠢ ᠬᠠᠮᠤᠷᠤᠭᠰᠠᠨ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠳᠤ ᠮᠠᠰᠢᠨ ᠲᠦᠷᠢᠶᠡᠰᠦᠯᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠴᠢᠳᠠᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠳᠥᠭᠦᠮ ᠳᠥᠲᠡ ᠵᠢᠭᠤᠯᠴᠢᠯᠠᠯ ᠤᠨ ᠮᠠᠰᠢᠨ ᠲᠦᠷᠢᠶᠡᠰᠦᠯᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠪᠠ᠃ ᠳᠥᠷᠪᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠠᠢ᠃ ᠱᠠᠩᠬᠠᠢ ᠬᠤᠲᠠ ᠲᠠᠢ ᠬᠠᠮᠲᠤᠷᠠᠨ ᠰᠣᠶᠣᠯ ᠵᠢᠭᠤᠯᠴᠢᠯᠠᠯ ᠵᠢᠴᠢ ᠪᠣᠬᠢᠷᠳᠤᠯ ᠦᠭᠡᠢ ᠮᠠᠯ ᠲᠠᠷᠢᠶᠠᠨ ᠤ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠮᠲᠤᠷᠠᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠵᠦ᠂ 9 ᠲᠥᠷᠥᠯ ᠵᠦᠢᠯ ᠳᠤ ᠭᠡᠷ᠎ᠡ ᠲᠣᠭᠲᠠᠬᠤ ᠶᠢ ᠠᠬᠢᠭᠤᠯᠤᠨ᠂ 15.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠰᠠᠨᠠᠯ ᠨᠢᠭᠡᠳᠪᠡ᠃ 40 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ 2021 ᠣᠨ ᠤ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ ᠲᠦᠷᠦᠭᠦᠴᠦᠳ ᠤᠨ ᠬᠤᠷᠠᠯ ᠵᠢᠴᠢ ᠪᠦᠬᠦ ᠤᠯᠤᠰ ᠤᠨ ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠳᠤ ᠣᠷᠣᠯᠴᠠᠭᠤᠯᠬᠤ ᠪᠠᠷ ᠲᠠᠨᠢᠯᠴᠠᠭᠤᠯᠵᠤ᠂ ᠲᠤᠬᠠᠢ ᠶᠢᠨ ᠲᠠᠯᠠᠪᠤᠷ ᠲᠤ 3 ᠲᠦᠷᠦᠯ ᠵᠦᠢᠯ ᠳᠤ ᠭᠡᠷ᠎ᠡ ᠲᠣᠭᠲᠠᠵᠠᠢ᠃ ᠤᠷᠢᠳ ᠬᠤᠵᠢᠳ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠦᠵᠡᠰᠬᠦᠯᠡᠩ᠂ ᠶᠢᠰᠦᠳᠦᠭᠡᠷ ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠵᠢᠭᠤᠯᠴᠢᠯᠠᠯ ᠤᠨ ᠲᠠᠸᠠᠷ ᠵᠢᠴᠢ ᠵᠢᠭᠤᠯᠴᠢᠯᠠᠯ ᠤᠨ ᠲᠣᠨᠣᠭᠯᠠᠯ ᠤᠨ ᠦᠵᠡᠰᠬᠦᠯᠡᠩ ᠤᠨ ᠴᠤᠭᠯᠠᠭᠠᠨ ᠵᠡᠷᠭᠡ ᠦᠵᠡᠰᠬᠦᠯᠡᠩ ᠳᠤ ᠣᠷᠣᠯᠴᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠣᠷᠣᠨ ᠪᠦᠰᠡ ᠠᠯᠤᠰᠯᠠᠭᠰᠠᠨ᠂ ᠤᠯᠠᠨ ᠠᠷᠭ᠎ᠠ ᠵᠠᠮ ᠢᠶᠠᠷ ᠬᠠᠮᠲᠤᠷᠠᠯᠴᠠᠬᠤ ᠶᠢ ᠠᠬᠢᠭᠤᠯᠪᠠ᠃      ︵ᠳᠣᠯᠤᠭ᠎ᠠ︶ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠲᠠᠰᠤᠷᠠᠯᠲᠠ ᠦᠭᠡᠢ ᠭᠦᠨᠵᠡᠭᠡᠶᠢᠷᠡᠪᠡ᠃ ᠨᠢᠭᠡ ᠳᠤ᠂ ᠨᠠᠷᠠᠲᠤ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠣᠷᠣᠨ ᠢ ᠢᠳᠡᠪᠬᠢᠲᠡᠢ ᠪᠣᠶ ᠪᠤᠯᠭᠠᠵᠠᠢ᠃ ᠬᠥᠯᠥᠨ ᠪᠤᠶᠢᠷ ᠤᠨ ᠲᠠᠯ᠎ᠠ ᠨᠤᠲᠤᠭ ︱ ᠮᠡᠷᠭᠡᠯ ᠭᠤᠣᠯ ᠤᠨ ᠦᠵᠡᠮᠵᠢ ᠶᠢᠨ ᠣᠷᠣᠨ ᠪᠠ ᠣᠷᠳᠣᠰ ᠬᠤᠲᠠ ᠶᠢᠨ ᠬᠥᠪᠴᠢ ᠶᠢᠨ ᠴᠢ ᠰᠢᠩ ᠬᠤ᠋ ᠨᠠᠭᠤᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ  4᠂ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 12 ᠶᠢ ᠦᠨᠡᠯᠡᠨ ᠲᠣᠭᠲᠠᠭᠠᠵᠤ ᠨᠡᠶᠢᠲᠡᠯᠡᠪᠡ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠳᠠᠬᠢᠨ ᠬᠢᠨᠠᠬᠤ ᠠᠵᠢᠯ ᠢ ᠥᠷᠨᠢᠭᠦᠯᠵᠦ᠂ 25 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ 5 ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠵᠠᠷᠯᠠᠨ ᠰᠢᠭᠦᠮᠵᠢᠯᠡᠬᠦ᠂ ᠬᠤᠭᠤᠴᠠᠭ᠎ᠠ  ᠲᠣᠭᠲᠠᠭᠠᠨ ᠴᠡᠭᠴᠡᠯᠡᠨ ᠰᠠᠶᠢᠵᠢᠷᠠᠭᠤᠯᠬᠤ᠂ ᠵᠡᠷᠭᠡ ᠳᠡᠰ ᠢ ᠨᠢ ᠪᠠᠭᠤᠷᠠᠭᠤᠯᠬᠤ᠂ ᠵᠡᠷᠭᠡ ᠳᠡᠰ ᠢ ᠨᠢ ᠬᠦᠴᠦᠨ ᠦᠭᠡᠢ ᠪᠣᠯᠭᠠᠬᠤ ᠵᠡᠷᠭᠡ ᠠᠷᠭ᠎ᠠ   ᠪᠠᠷ ᠰᠢᠢᠳᠪᠦᠷᠢᠯᠡᠪᠡ᠃ ᠬᠤᠶᠠᠷ ᠲᠤ᠂ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠠᠢ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠦᠨᠡᠯᠡᠨ ᠲᠣᠭᠲᠠᠭᠠᠬᠤ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ᠂ ᠠᠯᠠᠱᠠ ᠠᠶᠢᠮᠠᠭ ᠤᠨ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ ᠠᠬᠢᠭᠤᠯᠪᠠ᠃ ︽ᠥᠪᠥᠷ ᠮᠣᠩᠭᠤᠯ ᠤᠨ ᠲᠦᠮᠡᠳ ᠪᠠᠷᠠᠭᠤᠨ ᠬᠤᠰᠢᠭᠤ ᠨᠠᠰᠤᠲᠠᠶᠢᠴᠤᠳ ᠲᠤ ᠲᠣᠬᠢᠷᠠᠮᠵᠢᠲᠠᠢ ᠪᠠᠶᠢᠬᠤ ᠶᠢ ᠣᠶᠤᠨᠯᠢᠭ ᠢᠶᠠᠷ ᠬᠠᠷᠠᠭᠠᠯᠠᠨ᠂ ᠨᠠᠰᠤᠲᠠᠶᠢᠴᠤᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠦᠶ᠎ᠡ︾ ᠲᠦᠷᠦᠯ ᠵᠦᠢᠯ ᠨᠢ ᠰᠣᠶᠣᠯ ᠪᠠ ᠵᠢᠭᠤᠯᠴᠢᠯᠠᠯ ᠤᠨ ᠶᠠᠮᠤᠨ ᠤ ᠠᠩᠬᠠᠳᠠᠭᠴᠢ ᠪᠦᠯᠦᠭ ᠣᠶᠤᠨᠯᠢᠭ ᠢᠶᠠᠷ ᠵᠢᠭᠤᠯᠴᠢᠯᠠᠬᠤ ᠶᠢ ᠬᠥᠭᠵᠢᠭᠦᠯᠵᠦ ᠨᠠᠰᠤᠲᠠᠶᠢᠴᠤᠳ ᠲᠤ ᠲᠣᠬᠢᠷᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠵᠢᠱᠢᠶ᠎ᠡ ᠦᠵᠡᠭᠦᠯᠬᠦ ᠬᠡᠷᠡᠭ ᠲᠤ ᠰᠣᠩᠭᠤᠭᠳᠠᠵᠠᠢ ᠃ ᠭᠤᠷᠪᠠ ᠳᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠠᠢ᠃ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠪᠢᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ᠃ ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠰᠣᠩᠭᠤᠳᠠᠭ ᠬᠡᠷᠡᠭ ᠤᠨ ᠵᠢᠱᠢᠶ᠎ᠡ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾ ᠭᠤᠣᠯ ᠰᠡᠳᠦᠪᠲᠦ ᠰᠣᠳᠣᠨ ᠵᠢᠭᠤᠯᠴᠢᠯᠠᠯ ᠤᠨ ᠱᠤᠭᠤᠮ ᠢ 10 ᠭᠠᠷᠭᠠᠵᠤ᠂ ᠡᠭᠦᠨ ᠤ 3 ᠱᠤᠭᠤᠮ ᠨᠢ ᠤᠯᠤᠰ ᠤᠨ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠵᠠᠭᠤᠨ ᠰᠣᠳᠣᠨ ᠱᠤᠭᠤᠮ︾ ᠳᠤ ᠰᠣᠩᠭᠤᠭᠳᠠᠪᠠ᠃ ︽ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠠᠶᠢᠯᠪᠤᠷᠢᠯᠠᠭᠴᠢ ᠵᠠᠭᠤᠨ ᠵᠢᠯ ᠤᠨ ᠨᠠᠮ ᠤᠨ ᠲᠡᠦᠬᠡ ᠶᠢ ᠶᠠᠷᠢᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 113 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠬᠤᠪᠢᠰᠬᠠᠯ ᠤᠨ ᠥᠯᠢᠭᠡᠷ ᠤᠨ ᠲᠠᠶᠢᠯᠪᠤᠷᠢᠯᠠᠭᠴᠢ ᠶᠢᠨ ᠶᠡᠭᠡ ᠤᠷᠤᠯᠳᠤᠭᠠᠨ ᠢ ᠡᠷᠭᠢᠯᠡᠨ᠂ 3 ᠲᠠᠶᠢᠯᠪᠤᠷᠢᠯᠠᠭᠴᠢ ︽ᠪᠥᠬᠦ ᠤᠯᠤᠰ ᠤᠨ ᠬᠤᠪᠢᠰᠬᠠᠯ ᠤᠨ ᠲᠠᠪᠤᠨ ᠰᠠᠶᠢᠲᠠᠢ ᠲᠠᠶᠢᠯᠪᠤᠷᠢᠯᠠᠭᠴᠢ︾ ᠪᠠᠷ ᠰᠤᠩᠭᠤᠭᠳᠠᠵᠤ᠂ 6 ᠬᠤᠪᠢᠰᠬᠠᠯ ᠤᠨ ᠵᠢᠭᠤᠯᠴᠢᠯᠠᠯ ᠤᠨ ᠲᠠᠶᠢᠯᠪᠤᠷᠢᠯᠠᠭᠴᠢ ᠪᠥᠬᠦ ᠤᠯᠤᠰ ᠤᠨ ︽ᠵᠠᠭᠤᠨ ᠨᠡᠷᠡᠰ ᠬᠤᠪᠢᠰᠬᠠᠯ ᠤᠨ ᠲᠠᠶᠢᠯᠪᠤᠷᠢᠯᠠᠭᠴᠢ ᠵᠠᠭᠤᠨ ᠵᠢᠯ ᠤᠨ ᠨᠠᠮ ᠤᠨ ᠲᠡᠦᠬᠡ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠶᠢᠨ ᠲᠠᠶᠢᠯᠪᠤᠷᠢᠯᠠᠭᠴᠢ ᠶᠢᠨ ᠨᠡᠷᠡᠰ ᠲᠤ ᠰᠣᠩᠭᠤᠭᠳᠠᠪᠠ᠃ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠵᠢᠴᠢ 12 ᠵᠦᠢᠯ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ︽ᠪᠥᠬᠦ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠪᠦᠲᠦᠭᠡᠯᠴᠢ ᠦᠢᠯᠡᠳᠬᠦᠨ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠡᠯᠰᠡᠵᠦ ᠳᠡᠯᠭᠡᠨ ᠦᠵᠡᠭᠦᠯᠬᠦ ᠠᠵᠢᠯᠯᠠᠭ᠎ᠠ ᠶᠢᠨ ᠪᠦᠲᠦᠭᠡᠯ ᠤᠨ ᠲᠡᠭᠦᠪᠦᠷᠢ︾ ᠳᠤ ᠰᠣᠩᠭᠤᠭᠳᠠᠪᠠ᠃ ᠬᠢᠩᠭᠠᠨ ᠠᠶᠢᠮᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠷᠠᠰᠬᠠᠯ ᠤᠨ ᠭᠠᠵᠠᠷ ᠨᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠪᠢᠰᠬᠠᠯ ᠤᠨ ᠦᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠤ ︽ᠰᠢᠯᠢᠳᠡᠭ ᠠᠵᠢᠯᠯᠠᠭ᠎ᠠ ᠶᠢᠨ ᠨᠢᠭᠡᠴᠢ︾ ᠶᠢᠨ ᠢᠷᠠᠭᠤ ᠠᠯᠳᠠᠷ ᠢ ᠬᠦᠷᠲᠡᠪᠡ᠃ ᠳᠥᠷᠪᠡ ᠳᠤ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ  ᠬᠦᠭᠵᠢᠭᠦᠯᠵᠡᠢ᠃ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ︽ᠵᠠᠭᠤ ᠮᠢᠩᠭᠠᠨ ᠲᠦᠮᠡᠨ ᠢᠨᠵᠧᠨᠧᠷᠢᠩ︾ ᠢ ᠬᠡᠷᠡᠭᠵᠢᠭᠦᠯᠦᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ 6 ᠲᠣᠰᠬᠤᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ 3 ᠪᠠᠯᠭᠠᠰᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ 34 ᠲᠣᠰᠬᠤᠨ ᠢ ᠦᠨᠡᠯᠡᠨ ᠲᠣᠭᠲᠠᠭᠠᠪᠠ᠃   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠣᠳᠣᠨ ᠲᠠᠰ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠲᠠᠪᠤᠨ ᠣᠳᠣᠨ ᠲᠠᠰ ᠤᠨ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠭᠥᠯᠢᠶᠡᠨ ᠠᠪᠬᠤ 22 ᠡᠷᠦᠬᠡ ᠶᠢ ᠦᠨᠡᠯᠡᠨ ᠲᠣᠭᠲᠠᠭᠠᠪᠠ᠃ ᠲᠠᠪᠤ ᠳᠤ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠡᠢ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠥᠬᠡᠬᠤᠲᠠ ᠶᠢᠨ ᠲᠦᠮᠡᠳ ᠵᠡᠭᠦᠨ ᠬᠤᠰᠢᠭᠤ ᠵᠡᠷᠭᠡ 11 ᠡᠭᠦᠳᠦᠨ ᠪᠠᠶᠢᠭᠤᠯᠬᠤ ᠨᠢᠭᠡᠴᠢ ᠶᠢ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢᠶᠠᠷ ᠮᠠᠭᠠᠳᠯᠠᠨ ᠲᠣᠭᠲᠠᠭᠠᠪᠠ᠃ ᠤᠯᠠᠭᠠᠨᠴᠠᠪ ᠬᠤᠲᠠ ᠶᠢᠨ ᠯᠢᠨ ᠬᠤ᠋ ᠭᠦ᠋ ᠰᠠᠢ ᠵᠢᠭᠤᠯᠴᠢᠯᠠᠯ ᠠᠮᠠᠷᠠᠯᠲᠠ ᠶᠢᠨ ᠣᠷᠣᠨ᠂ ᠣᠷᠳᠣᠰ ᠬᠤᠲᠠ ᠶᠢᠨ ᠣᠷᠳᠣᠰ ᠤᠨ ᠲᠠᠯ᠎ᠠ ᠨᠤᠲᠤᠭ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠭᠠᠨ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ 7 ᠵᠡᠭᠡᠯᠢ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠮᠠᠭᠠᠳᠯᠠᠨ ᠲᠣᠭᠲᠠᠭᠠᠪᠠ᠃ ᠪᠦᠷᠢᠶ᠎ᠡ ᠮᠠᠩᠬᠠᠨ ᠤ ᠯᠢᠩᠬᠸ᠎ᠠ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠢᠶᠠᠷ ᠡᠭᠦᠳᠦᠨ ᠪᠠᠶᠢᠭᠤᠯᠬᠤ ᠪᠠᠷ  ᠲᠠᠨᠢᠯᠴᠠᠭᠤᠯᠤᠨ᠂ 3 ᠵᠡᠭᠡᠯᠢ ᠲᠣᠭᠤᠷᠢᠭ ᠢ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠭᠤᠶᠤᠴᠢᠯᠠᠨ ᠮᠡᠳᠡᠭᠦᠯᠵᠦ᠂ 2 ᠴᠠᠨᠠᠯᠠᠬᠤ ᠠᠮᠠᠷᠠᠯᠲᠠ ᠶᠢᠨ ᠣᠷᠤᠨ ᠢ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠠᠮᠠᠷᠠᠯᠲᠠ ᠶᠢᠨ ᠣᠷᠤᠨ ᠢᠶᠠᠷ ᠭᠤᠶᠤᠴᠢᠯᠠᠨ ᠮᠡᠳᠡᠭᠦᠯᠵᠦ᠂ 4 ᠪᠠᠭᠤᠴᠠ ᠶᠢ 5C᠂ 4C ᠲᠠᠰ ᠤᠨ ᠦᠪᠡᠰᠦᠪᠡᠨ ᠵᠢᠯᠤᠭᠤᠳᠬᠤ ᠮᠠᠰᠢᠨ ᠲᠡᠷᠭᠡᠨ ᠤ ᠵᠢᠭᠤᠯᠴᠢᠯᠠᠯ ᠤᠨ ᠪᠠᠭᠤᠴᠠ ᠪᠠᠷ ᠭᠤᠶᠤᠴᠢᠯᠠᠨ ᠮᠡᠳᠡᠭᠦᠯᠪᠡ᠃ ︽ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠪᠠ᠃ ᠬᠥᠬᠡᠬᠤᠲᠠ ᠪᠤᠭᠤᠲᠤ ᠦᠬᠠᠢ ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ︽ᠥᠪᠥᠷ ᠮᠣᠩᠭᠤᠯ ᠤᠨ ᠦᠨᠦᠷ ᠠᠮᠲᠠ︾ ᠣᠨᠴᠠᠯᠢᠭᠲᠤ ᠳᠡᠯᠭᠡᠭᠦᠷ ᠢ ᠵᠢᠷᠤᠮᠵᠢᠭᠤᠯᠤᠨ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠠᠯᠠᠱᠠ ᠠᠶᠢᠮᠠᠭ ᠤᠨ ᠶᠤᠸᠠᠢ ᠶᠧ e ᠽᠦ ᠠᠯᠠᠱᠠ ᠶᠢᠨ ᠬᠦᠰᠡᠯᠡᠩᠲᠦ ᠡᠯᠡᠰᠦᠨ ᠴᠦᠯ ᠤᠨ ᠮᠠᠰᠢᠨ ᠲᠡᠷᠭᠡ ᠠᠭᠠᠷ ᠤᠨ ᠠᠶᠠᠯᠠᠯ ᠤᠨ ᠴᠡᠩᠭᠡᠯ ᠤᠨ ᠬᠦᠷᠢᠶᠡᠯᠡᠩ ᠦᠵᠡᠮᠵᠢ ᠶᠢᠨ ᠣᠷᠣᠨ ᠨᠢ ᠤᠯᠤᠰ ᠤᠨ ᠪᠡᠶ᠎ᠡ ᠶᠢᠨ ᠲᠠᠮᠢᠷ ᠵᠢᠭᠤᠯᠴᠢᠯᠠᠯ ᠤᠨ ᠵᠢᠱᠢᠶ᠎ᠡ ᠰᠠᠭᠤᠷᠢᠨ ᠭᠠᠵᠠᠷ ᠢᠶᠠᠷ ᠰᠤᠩᠭᠤᠭᠳᠠᠨ ᠦᠨᠡᠯᠡᠭᠳᠡᠪᠡ᠃︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡ ᠳᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠨᠢᠭᠦᠯᠪᠡ᠃ ︽ᠣᠷᠭᠢᠯ ᠦᠶ᠎ᠡ ᠶᠢ ᠵᠥᠷᠢᠭᠦᠯᠬᠦ᠂ ᠤᠷᠢᠳᠴᠢᠯᠠᠨ ᠪᠣᠯᠵᠣᠬᠤ᠂ ᠬᠡᠮᠵᠢᠶ᠎ᠡ ᠶᠢ ᠬᠢᠵᠠᠭᠠᠷᠯᠠᠬᠤ︾ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ 399 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ 185 ᠮᠦᠽᠧᠢ᠂ 117 ᠣᠯᠠᠨ ᠨᠡᠶᠢᠲᠡ ᠶᠢᠨ ᠨᠣᠮ ᠤᠨ ᠰᠠᠩ ᠵᠢᠴᠢ 120 ᠰᠣᠶᠣᠯ ᠤᠨ ᠣᠷᠳᠣᠨ ᠢ ᠴᠠᠭ ᠬᠤᠪᠢᠶᠠᠨ ᠤᠷᠢᠳᠴᠢᠯᠠᠨ ᠪᠣᠯᠵᠣᠵᠤ ᠵᠣᠯᠭᠠᠭᠤᠯᠬᠤ ᠠᠵᠢᠯ ᠢ ᠪᠡᠶᠡᠯᠡᠭᠦᠯᠪᠡ᠃ ᠨᠢᠭᠡ ᠴᠣᠭᠴᠠᠵᠢᠭᠤᠯᠤᠭᠰᠠᠨ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︿ᠮᠦᠩᠭᠡ ᠰᠤᠪᠠᠭ · ᠨᠢᠭᠡ ᠰᠦᠯᠵᠢᠶ᠎ᠡ ᠪᠠᠷ ᠠᠵᠢᠯᠯᠠᠬᠤ﹀ ᠶᠢᠨ 15 PC ᠦᠵᠦᠭᠦᠷ ᠤᠨ ᠣᠨᠴᠠᠯᠢᠭᠲᠤ ᠬᠡᠷᠡᠭᠯᠡᠭᠡᠨ ᠤ ᠵᠠᠯᠭᠠᠨ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠬᠤᠶᠠᠷ ᠲᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠪᠠ᠃ ᠰᠣᠶᠣᠯ ᠪᠠ ᠵᠢᠭᠤᠯᠴᠢᠯᠠᠯ ᠤᠨ ᠰᠡᠳᠦᠪ ᠤᠨ ᠰᠤᠳᠤᠯᠭᠠᠨ ᠤ ᠠᠵᠢᠯ ᠢ ᠥᠷᠨᠢᠭᠦᠯᠵᠦ᠂ 60 ᠰᠡᠳᠦᠪ ᠲᠤ ᠰᠡᠳᠦᠪ ᠲᠣᠭᠲᠠᠭᠠᠬᠤ ᠳᠡᠮᠵᠢᠯᠭᠡ ᠦᠵᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠲᠥᠷᠥᠯ ᠤᠨ ᠰᠢᠯᠭᠠᠷᠠᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠂ ︽ᠵᠦᠩ ᠺᠧ ᠸᠠᠨ ᠰᠢᠶᠠᠩ ᠤᠨ ᠬᠤᠪᠣᠷ ᠰᠢᠷᠣᠢ ᠶᠢᠨ ᠰᠢᠯ ᠪᠤᠳᠤᠭᠲᠤ ᠪᠠᠺᠲ᠋ᠧᠷᠢ ᠡᠰᠡᠷᠭᠦᠴᠡᠬᠦ ᠸᠠᠭᠠᠷ ᠱᠠᠭᠠᠵᠠᠩ ︾ ᠤᠨ ᠲᠥᠷᠥᠯ ᠵᠦᠢᠯ ᠨᠢ ︽2021 ᠣᠨ ᠤ ᠤᠯᠤᠰ ᠤᠨ ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠲᠥᠷᠥᠯ ᠵᠦᠢᠯ︾ ᠢᠶᠠᠷ ᠦᠨᠡᠯᠡᠭᠳᠡᠪᠡ᠃ ︽ᠥᠪᠥᠷ ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠶᠢᠨ ᠰᠤᠷᠪᠤᠯᠵᠢ ᠪᠢᠴᠢᠭ ᠤᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠬᠠᠶᠢᠨ ᠰᠦᠪᠡᠭᠴᠢᠯᠡᠯᠲᠡ︾ ᠶᠢᠨ ᠲᠦᠷᠦᠯ ᠵᠦᠢᠯ ᠨᠢ ︽2021 ᠣᠨ ᠤ ᠰᠣᠶᠣᠯ ᠪᠠ ᠵᠢᠭᠤᠯᠴᠢᠯᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠶᠢᠨ ᠲᠦᠷᠦᠯ ᠵᠦᠢᠯ︾ ᠳᠤ ᠰᠤᠩᠭᠤᠭᠳᠠᠪᠠ᠃ ︽ᠰᠣᠶᠣᠯ ᠰᠤᠷᠭᠠᠨ ᠬᠥᠮᠦᠵᠢᠯ ᠢ ᠬᠥᠳᠡᠭᠡ ᠪᠠᠭᠤᠯᠭᠠᠵᠤ᠂ ᠰᠢᠨ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽︿ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ︱ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠵᠢᠱᠢᠶᠡᠯᠡᠬᠦ ᠨᠢ﹀ ᠪᠠ ︽ᠥᠪᠥᠷ ᠮᠣᠩᠭᠤᠯ ᠤᠨ ᠲᠦᠮᠡᠳ ᠪᠠᠷᠠᠭᠤᠨ ᠬᠤᠰᠢᠭᠤᠨ ᠤ ᠬᠤᠪᠢᠰᠬᠠᠯ ᠤᠨ ᠰᠣᠶᠣᠯ ᠢ ᠵᠢᠭᠤᠯᠴᠢᠯᠠᠯ ᠤᠨ ᠲᠤᠰᠬᠠᠢ ᠮᠡᠷᠭᠡᠵᠢᠯ ᠤᠨ ᠬᠢᠴᠢᠶᠡᠯ ᠳᠤ ᠠᠭᠤᠰᠤᠯᠴᠠᠭᠤᠯᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠡᠷᠡᠭᠯᠡᠭᠡᠨ ᠤ ᠠᠷᠭ᠎ᠠ ᠵᠠᠮ ᠤᠨ ᠰᠤᠳᠤᠯᠤᠯ︾ ᠭᠡᠬᠦ ᠲᠥᠷᠥᠯ ᠵᠦᠢᠯ ᠢ ᠰᠣᠶᠣᠯ ᠪᠠ ᠵᠢᠭᠤᠯᠴᠢᠯᠠᠯ ᠤᠨ ᠶᠠᠮᠤᠨ ᠤ ︽2021 ᠣᠨ ᠤ ᠰᠣᠶᠣᠯ ᠤᠷᠠᠯᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠯᠪᠠᠰᠤᠷᠠᠭᠤᠯᠬᠤ ᠠᠵᠢᠯᠯᠠᠭᠠᠨ ᠤ ᠲᠥᠯᠥᠪᠯᠡᠭᠡ︾ ᠳᠤ ᠣᠷᠣᠭᠤᠯᠪᠠ᠃ ᠭᠤᠷᠪᠠ ᠳᠤ᠂ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠰᠢᠯᠭᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠰᠢᠯᠭᠠᠯᠲᠠ ᠶᠢᠨ ᠬᠠᠮᠢᠶᠠᠷᠤᠯᠲᠠ ᠶᠢᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠵᠦ᠂ ᠪᠠᠶᠢᠭᠤᠯᠬᠤ ᠪᠠᠷ ᠭᠤᠶᠤᠴᠢᠯᠠᠬᠤ᠂ ᠳᠠᠩᠰᠠᠯᠠᠭᠤᠯᠬᠤ᠂ ᠪᠠᠶᠢᠴᠠᠭᠠᠨ ᠯᠠᠪᠯᠠᠬᠤ᠂ ᠬᠤᠪᠢᠷᠠᠭᠤᠯᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ︽ᠵᠣᠯᠭᠠᠬᠤ ᠦᠭᠡᠢ︾ ᠭᠦᠢᠴᠡᠳᠬᠡᠬᠦ ᠶᠢ ᠪᠥᠬᠦ ᠲᠠᠯ᠎ᠠ ᠪᠠᠷ ᠪᠡᠶᠡᠯᠡᠭᠦᠯᠪᠡ᠃︵ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠦᠴᠦᠲᠡᠢ ᠪᠥᠭᠡᠳ ᠪᠦᠲᠦᠮᠵᠢᠲᠡᠶ᠃ ᠨᠢᠭᠡ ᠳᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠪᠠ᠃ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ︵2021 ᠳ᠋ᠣᠭᠡᠷ ᠨᠢᠭᠤᠷ ︶︾ ᠢ ᠳᠠᠷᠤᠮᠠᠯᠯᠠᠨ ᠲᠠᠷᠬᠠᠭᠠᠵᠤ᠂ ᠪᠥᠬᠦ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠨᠠᠨᠵᠢᠩ ᠤᠨ ᠯᠦᠺᠸᠦ ᠨᠢᠰᠬᠡᠯ ᠤᠨ ᠪᠠᠭᠤᠳᠠᠯ᠂ ᠡᠷᠢᠶᠡᠨ ᠬᠤᠲᠠ᠂ ᠡᠵᠡᠨ᠎ᠡ ᠬᠤᠰᠢᠭᠤ᠂ ᠮᠠᠨᠵᠤᠤᠷ ᠬᠤᠲᠠ ᠵᠡᠷᠭᠡ ᠭᠡᠨᠡᠳᠲᠡ ᠶᠢᠨ ᠬᠢᠵᠢᠭ ᠤᠨ ᠪᠠᠶᠢᠳᠠᠯ ᠢ ᠢᠳᠡᠪᠬᠢᠲᠡᠢ ᠪᠠᠷ ᠠᠷᠭᠠᠴᠠᠵᠤ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠲᠣᠭᠲᠠᠴᠠ ᠶᠢ ᠬᠠᠮᠤᠭ ᠤᠨ ᠲᠡᠷᠢᠭᠦᠨ ᠳᠤ ᠡᠬᠢᠯᠡᠭᠦᠯᠵᠦ᠂ ᠮᠤᠵᠢ ᠠᠯᠤᠰᠯᠠᠭᠰᠠᠨ ᠵᠢᠭᠤᠯᠴᠢᠯᠠᠯ ᠤᠨ ᠠᠵᠢᠯᠯᠠᠭ᠎ᠠ ᠶᠢ ᠡᠷᠡᠰ ᠰᠢᠭᠤᠷᠬᠠᠢ ᠪᠠᠷ ᠵᠤᠭᠰᠤᠭᠠᠵᠤ᠂ ᠳᠤᠮᠳᠠ ᠲᠦᠭᠰᠢᠭᠦᠷᠢ ᠲᠠᠢ ᠭᠠᠵᠠᠷ ᠣᠷᠤᠨ ᠪᠤᠯᠤᠨ ᠦᠨᠳᠦᠷ ᠲᠦᠭᠰᠢᠭᠦᠷᠢ ᠲᠠᠢ ᠭᠠᠵᠠᠷ ᠣᠷᠣᠨ ᠤ ᠤᠯᠠᠨ ᠨᠡᠶᠢᠲᠡ ᠶᠢᠨ ᠰᠣᠶᠣᠯ ᠪᠠ ᠵᠢᠭᠤᠯᠴᠢᠯᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠬᠠᠭᠠᠵᠤ᠂ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠲᠦᠷ ᠵᠣᠭᠰᠣᠭᠠᠵᠤ᠂ ᠰᠣᠶᠣᠯ ᠪᠠ ᠵᠢᠭᠤᠯᠴᠢᠯᠠᠯ ᠤᠨ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠲᠠᠷᠬᠠᠬᠤ ᠶᠢ ᠴᠢᠩᠭ᠎ᠠ ᠰᠡᠷᠭᠡᠶᠢᠯᠡᠪᠡ᠃ ᠡᠵᠡᠨ᠎ᠡ ᠬᠤᠰᠢᠭᠤᠨ ᠳᠤ ᠠᠵᠢᠯᠯᠠᠬᠤ ᠳᠤᠭᠤᠶᠢᠯᠠᠩ ᠲᠣᠮᠢᠯᠠᠵᠤ᠂ ᠰᠠᠭᠠᠳᠠᠭᠰᠠᠨ ᠪᠦᠯᠬᠦᠮ ᠤᠨ  ᠵᠢᠭᠤᠯᠴᠢᠯᠠᠭᠴᠢᠳ ᠢ ᠪᠠᠶᠢᠴᠠᠭᠠᠨ ᠭᠠᠷᠭᠠᠬᠤ᠂ ᠦᠢᠯᠡᠴᠢᠯᠡᠭᠡᠨ ᠤ ᠪᠠᠲᠤᠯᠠᠭ᠎ᠠ ᠪᠠ ᠳᠠᠮᠵᠢᠭᠤᠯᠤᠨ ᠲᠡᠭᠡᠭᠡᠪᠦᠷᠢᠯᠡᠬᠦ ᠠᠵᠢᠯ ᠢ ᠬᠠᠮᠵᠢᠨ  ᠦᠷᠨᠢᠭᠦᠯᠪᠡ᠃ ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠯᠤᠭ᠎ᠠ ︽ᠶᠡᠷᠦᠩᠬᠡᠶᠢᠯᠡᠭᠰᠡᠨ ᠴᠣᠩᠬᠤᠨ ᠦᠢᠯᠡᠴᠢᠯᠭᠡ ᠶᠢ ᠨᠠᠶᠢᠳᠠᠨ ᠡᠷᠬᠡ ᠣᠯᠭᠤᠬᠤ ᠪᠢᠴᠢᠭ︾ ᠲᠤ ᠭᠠᠷ ᠤᠨ ᠥᠰᠥᠭ ᠵᠢᠷᠤᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ ᠪᠥᠬᠦ ᠵᠢᠯ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡ 124 ᠬᠤᠪᠢ ᠤᠳᠠᠭ᠎ᠠ᠂ ᠰᠣᠶᠣᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡ 222 ᠬᠤᠪᠢ ᠤᠳᠠᠭ᠎ᠠ ᠭᠦᠢᠴᠡᠳᠬᠡᠵᠦ᠂ ᠲᠣᠭᠯᠠᠭᠠᠮ ᠲᠣᠭᠯᠠᠭᠠᠮ ᠤᠨ ᠲᠥᠬᠦᠭᠡᠷᠦᠮᠵᠢ ᠶᠢᠨ ᠡᠯᠧᠺᠲᠷᠣᠨ ᠲᠡᠮᠳᠡᠭ ᠨᠠᠭᠠᠬᠤ ᠶᠢ ᠪᠠᠶᠢᠩᠭᠤᠵᠢᠭᠤᠯᠬᠤ ᠠᠵᠢᠯ ᠢ ᠥᠷᠨᠢᠭᠦᠯᠪᠡ᠃ 10 ᠠᠶᠢᠮᠠᠭ ᠬᠤᠲᠠ ᠳᠤ ᠨᠠᠶᠢᠳᠠᠵᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠪᠠ ᠬᠢᠯᠢ ᠳᠤ ᠣᠷᠣᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠵᠢᠭᠤᠯᠴᠢᠯᠠᠯ ᠤᠨ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃ ︽ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠳᠦᠷᠢᠮ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠠᠵᠢᠯ ᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠ ᠳᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ  ᠨᠠᠶᠢᠳᠠᠪᠦᠷᠢᠵᠢᠭᠤᠯᠪᠠ᠃ ︽ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠪᠠ᠃ ᠤᠳᠤᠷᠢᠳᠬᠤ ᠺᠠᠳ᠋ᠷᠴᠤᠳ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠭᠠᠨ ᠪᠦᠯᠬᠦᠮ ᠳᠠᠭᠠᠭᠤᠯᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠥᠷᠨᠢᠭᠦᠯᠵᠦ᠂ ᠣᠷᠳᠣᠰ ᠬᠤᠲᠠ᠂ ᠬᠥᠯᠥᠨ ᠪᠤᠶᠢᠷ ᠬᠤᠲᠠ ᠶᠢᠨ ᠵᠢᠭᠤᠯᠴᠢᠯᠠᠯ ᠳᠤ ᠬᠤᠯᠪᠣᠭᠳᠠᠭᠰᠠᠨ 2 ᠭᠡᠨᠡᠳᠲᠡ ᠶᠢᠨ ᠬᠡᠷᠡᠭ ᠢ ᠲᠣᠬᠢᠲᠠᠢ ᠰᠢᠢᠳᠪᠦᠷᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠦᠷᠨᠢᠭᠦᠯᠪᠡ᠃ ᠳᠥᠷᠪᠡ ᠳᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ︽ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ ᠵᠢᠯᠤᠭᠤᠳᠬᠤ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠳᠣᠰ ᠬᠤᠲᠠ ᠶᠢᠨ ᠠᠮᠢᠲᠠᠨ ᠤ ᠬᠦᠷᠢᠶᠡᠯᠡᠩ᠂ ᠢᠯᠢ ᠶᠢᠨ ᠰᠦ ᠶᠢᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠥᠬᠦ ᠤᠯᠤᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠨ ᠲᠣᠭᠲᠠᠭᠠᠪᠠ᠃ ᠰᠢᠨ᠎ᠡ ᠪᠠᠷ 5A ᠳᠡᠰ ᠤᠨ ᠵᠢᠭᠤᠯᠴᠢᠯᠠᠯ ᠤᠨ ᠬᠤᠷᠢᠶ᠎ᠠ 11᠂ 4A ᠳᠡᠰ ᠤᠨ ᠵᠢᠭᠤᠯᠴᠢᠯᠠᠯ ᠤᠨ ᠬᠤᠷᠢᠶ᠎ᠠ 17 ᠶᠢ ᠦᠨᠡᠯᠡᠵᠦ᠂ 3 ᠵᠢᠭᠤᠯᠴᠢᠯᠠᠯ ᠤᠨ ᠬᠥᠲᠥᠴᠢ ᠪᠦᠬᠦ ᠤᠯᠤᠰ ᠤᠨ ︽ᠠᠯᠲᠠᠨ ᠮᠧᠳᠠᠯ ᠤᠨ ᠵᠢᠭᠤᠯᠴᠢᠯᠠᠯ ᠤᠨ ᠬᠥᠲᠥᠴᠢ︾ ᠪᠠᠷ ᠦᠨᠡᠯᠡᠭᠳᠡᠪᠡ᠃ 2021 ᠣᠨ ᠤ ᠪᠥᠬᠦ ᠣᠷᠣᠨ ᠤ ᠣᠳᠣᠨ ᠲᠠᠰ ᠤᠨ ᠵᠣᠴᠢᠳ ᠤᠨ ᠪᠠᠭᠤᠳᠠᠯ ᠤᠨ ᠳᠠᠬᠢᠨ ᠬᠢᠨᠠᠬᠤ ᠠᠵᠢᠯ ᠢ ᠥᠷᠨᠢᠭᠦᠯᠵᠦ᠂ ᠣᠷᠳᠣᠰ ᠬᠤᠲᠠ ᠶᠢᠨ ᠳᠥᠷᠪᠡᠨ ᠣᠳᠣᠨ ᠲᠠᠰ ᠤᠨ ᠵᠣᠴᠢᠳ ᠤᠨ ᠪᠠᠭᠤᠳᠠᠯ ᠪᠠ ᠠᠯᠲᠠᠨ ᠮᠣᠳᠣᠨ ᠨᠠᠪᠴᠢᠲᠤ ᠪᠣᠬᠢᠷᠳᠤᠯ ᠦᠭᠡᠢ ᠵᠣᠴᠢᠳ ᠤᠨ ᠪᠠᠭᠤᠳᠠᠯ ᠳᠤ ᠦᠨᠡᠯᠡᠨ ᠲᠣᠭᠲᠠᠭᠠᠯᠲᠠ ᠬᠢᠵᠦ᠂ ᠬᠥᠬᠡᠬᠤᠲᠠ ᠶᠢᠨ ᠵᠢᠦᠢ ᠬᠤᠸᠠ ᠳ᠋ᠠ ᠬᠤᠸᠠ ᠵᠣᠴᠢᠳ ᠤᠨ ᠪᠠᠭᠤᠳᠠᠯ ᠤᠨ ᠠᠯᠲᠠᠨ ᠮᠣᠳᠣᠨ ᠨᠠᠪᠴᠢᠲᠤ ᠪᠣᠬᠢᠷᠳᠤᠯ ᠦᠭᠡᠢ ᠵᠣᠴᠢᠳ ᠤᠨ ᠪᠠᠭᠤᠳᠠᠯ ᠤᠨ ᠦᠨᠡᠯᠡᠨ ᠲᠣᠭᠲᠠᠭᠠᠯᠲᠠ ᠶᠢ ᠪᠠᠲᠤᠯᠠᠪᠠ᠃ ︽ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠡᠷᠡᠭᠵᠢᠭᠦᠯᠬᠦ ᠵᠢᠷᠤᠮᠵᠢᠯ︾ ᠢ ᠳᠠᠷᠤᠮᠠᠯᠯᠠᠨ ᠲᠠᠷᠬᠠᠭᠠᠵᠤ᠂ ᠵᠡᠭᠦᠨᠭᠠᠷ ᠤᠨ ᠬᠠᠲᠤᠨ ᠭᠤᠣᠯ ᠤᠨ ᠶᠡᠭᠡ ᠬᠠᠪᠴᠢᠯ ᠤᠨ ᠢᠷᠠᠭᠤ ᠰᠠᠭᠤᠴᠠ ᠪᠥᠬᠦ ᠤᠯᠤᠰ ᠤᠨ ᠵᠢᠭᠤᠯᠴᠢᠯᠠᠯ ᠤᠨ ᠬᠥᠬᠡ ᠲᠠᠰ ᠤᠨ ᠠᠷᠠᠳ ᠤᠨ ᠣᠷᠣᠨ ᠰᠠᠭᠤᠴᠠ ᠪᠠᠷ ᠦᠨᠡᠯᠡᠭᠳᠡᠪᠡ᠃ ᠲᠠᠪᠤ ᠳᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ 24 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠢᠲᠡᠭᠡᠮᠵᠢᠲᠦ ᠥᠪᠥᠷ ᠮᠣᠩᠭᠤᠯ︾ ᠪᠠ ︽ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠵᠡᠷᠭᠡᠪᠡᠷ ᠣᠷᠣᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠪᠡ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠡᠮᠵᠢᠯᠡᠭᠦᠯᠬᠦ ᠨᠡᠷᠡᠰ ᠪᠠ ᠭᠤᠣᠯᠳᠠᠯᠭ᠎ᠠ ᠲᠠᠢ ᠠᠩᠬᠠᠷᠬᠤ ᠨᠡᠷᠡᠰ ᠤᠨ ᠳᠦᠷᠢᠮ ᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠬᠥᠲᠥᠴᠢ ᠵᠡᠷᠭᠡ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠢᠲᠡᠭᠡᠯ ᠠᠯᠳᠠᠭᠰᠠᠨ ᠡᠵᠡᠩᠨᠡᠯᠲᠡ ᠶᠢᠨ ᠬᠥᠮᠥᠰ ᠲᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠪᠡ᠃ ᠬᠥᠬᠡᠬᠤᠲᠠ᠂ ᠬᠥᠯᠥᠨ ᠪᠤᠶᠢᠷ ᠬᠤᠲᠠ ᠶᠢᠨ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ 2 ᠬᠥᠮᠥᠨ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ︽ᠬᠠᠷ᠎ᠠ ᠲᠠᠩᠰᠠ︾ ᠳᠤ ᠣᠷᠤᠭᠤᠯᠪᠠ᠃ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ︾ ᠤᠨ ᠬᠤᠪᠢᠶᠠᠨ ᠬᠦᠷᠭᠡᠬᠦ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠲᠦᠷᠭᠡᠨ ᠳᠥᠯᠥᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠵᠢᠷᠭᠤᠭ᠎ᠠ ᠳᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠪᠠ᠃ ᠪᠠᠶᠢᠴᠠᠭᠠᠬᠤ ᠠᠵᠢᠯᠲᠠᠨ ᠢ 185972 ᠬᠥᠮᠥᠨ ᠤᠳᠠᠭ᠎ᠠ ᠲᠤᠮᠢᠯᠠᠵᠤ᠂ ᠡᠵᠡᠩᠨᠡᠯᠲᠡ ᠶᠢᠨ ᠨᠢᠭᠡᠴᠢ ᠶᠢ 67843 ᠤᠳᠠᠭ᠎ᠠ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ 135 ᠬᠡᠷᠡᠭ ᠢ ᠨᠢ ᠰᠢᠢᠳᠭᠡᠵᠦ᠂ 311 ᠬᠡᠷᠡᠭ ᠢ ᠬᠡᠷᠡᠭ ᠪᠣᠯᠭᠠᠨ ᠲᠠᠩᠰᠠᠯᠠᠨ ᠪᠠᠶᠢᠴᠠᠭᠠᠵᠤ᠂ 448 ᠬᠡᠷᠡᠭ ᠢ ᠰᠢᠢᠳᠪᠦᠷᠢᠯᠡᠨ ᠳᠠᠭᠤᠰᠬᠠᠵᠤ᠂ 277 ᠬᠡᠷᠡᠭ ᠢ ᠰᠡᠷᠡᠮᠵᠢᠯᠡᠭᠦᠯᠵᠦ᠂ 140 ᠤᠳᠠᠭ᠎ᠠ ᠵᠠᠷᠯᠢᠭᠳᠠᠨ ᠵᠠᠯᠠᠷᠠᠭᠤᠯᠤᠭᠤᠯᠵᠤ᠂ 252 ᠤᠳᠠᠭ᠎ᠠ ᠵᠣᠭᠤᠰ ᠢᠶᠠᠷ ᠲᠣᠷᠭᠠᠵᠤ᠂ 124 ᠲᠦᠮᠡ ᠭᠠᠷᠤᠢ ᠲᠥᠭᠦᠷᠢᠭ ᠢᠶᠠᠷ ᠲᠣᠷᠭᠠᠵᠤ᠂ 16 ᠤᠳᠠᠭ᠎ᠠ ᠠᠵᠢᠯ ᠢ  ᠨᠢ ᠵᠠᠷᠯᠢᠭᠳᠠᠨ ᠵᠣᠭᠰᠣᠭᠠᠨ ᠴᠡᠭᠴᠡᠯᠡᠭᠦᠯᠵᠦ᠂ 3 ᠨᠢᠭᠡᠴᠢ ᠶᠢᠨ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠪᠠ᠃ ᠵᠥᠪᠰᠢᠶᠡᠷᠡᠭᠦᠯᠦᠭᠰᠡᠨ ᠦᠭᠡᠢ ᠪᠠᠷ ᠵᠢᠭᠤᠯᠴᠢᠯᠠᠯ ᠤᠨ ᠬᠤᠷᠢᠶ᠎ᠠ ᠡᠵᠡᠩᠨᠡᠬᠦ ᠲᠤᠬᠠᠶᠢᠯᠠᠭᠰᠠᠨ ᠠᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ ᠬᠤᠷᠢᠶ᠎ᠠ᠂ ᠦᠵᠡᠮᠵᠢ ᠶᠢᠨ ᠣᠷᠣᠨ ᠢ 5865 ᠤᠳᠠᠭ᠎ᠠ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ 20 ᠵᠢᠭᠤᠯᠴᠢᠯᠠᠯ ᠤᠨ ᠬᠤᠷᠢᠶ᠎ᠠ ᠶᠢ ᠪᠠᠶᠢᠴᠠᠭᠠᠨ ᠰᠢᠢᠳᠪᠦᠷᠢᠯᠡᠵᠦ᠂ 63 ᠵᠢᠭᠤᠯᠴᠢᠯᠠᠯ ᠤᠨ ᠬᠤᠷᠢᠶ᠎ᠠ ᠶᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ 2 ᠵᠢᠭᠤᠯᠴᠢᠯᠠᠯ ᠤᠨ ᠬᠤᠷᠢᠶ᠎ᠠ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ 26 ᠵᠢᠭᠤᠯᠴᠢᠯᠠᠯ ᠤᠨ ᠬᠥᠲᠥᠴᠢ ᠶᠢ ᠪᠠᠶᠢᠴᠠᠭᠠᠨ ᠰᠢᠢᠳᠪᠦᠷᠢᠯᠡᠪᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ︽1+3+N︾ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠭᠤᠷᠪᠠᠨ ᠱᠠᠲᠤᠨ ᠤ ᠰᠦᠯᠵᠢᠶᠡᠨ ᠤ ᠮᠡᠷᠭᠡᠵᠢᠯ ᠤᠨ ᠬᠢᠨᠠᠨ ᠡᠵᠡᠮᠳᠡᠬᠦ ᠲᠠᠪᠴᠠᠩ ᠢ  ᠪᠠᠶᠢᠭᠤᠯᠪᠠ᠃ ᠪᠥᠬᠦ ᠣᠷᠣᠨ ᠤ ᠰᠦᠯᠵᠢᠶᠡᠨ ᠤ ᠰᠣᠶᠣᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ᠂ ᠵᠥᠪᠰᠢᠶᠡᠷᠡᠯ ᠦᠭᠡᠢ ᠪᠠᠷ ᠵᠢᠭᠤᠯᠴᠢᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠡᠵᠡᠩᠨᠡᠬᠦ᠂ ᠲᠣᠭᠲᠠᠭᠠᠯ ᠠᠴᠠ ᠵᠥᠷᠢᠴᠡᠭᠰᠡᠨ ᠳᠠᠭᠤᠤ ᠬᠥᠭᠵᠢᠮ ᠢ ᠴᠡᠭᠴᠡᠯᠡᠨ ᠵᠠᠰᠠᠬᠤ ᠵᠡᠷᠭᠡ 8 ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠨ ᠳᠤ ᠭᠤᠷᠪᠠᠳᠠᠭᠢ ᠡᠲᠡᠭᠡᠳ ᠢ ᠤᠷᠢᠵᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠪᠡᠶ᠎ᠡ ᠪᠠᠷ ᠢᠶᠠᠨ ᠣᠶᠢᠯᠠᠭᠠᠬᠤ ᠮᠠᠶ᠋ᠢᠭ︾ ᠤᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ ᠠᠵᠢᠯ ᠢ ᠬᠤᠶᠠᠷ ᠡᠭᠡᠯᠵᠢ ᠤᠳᠠᠭ᠎ᠠ ᠥᠷᠨᠢᠭᠦᠯᠵᠦ᠂ 1808 ᠤᠳᠠᠭ᠎ᠠ ᠳᠠᠯᠳᠠᠭᠤᠷ ᠰᠤᠷᠪᠤᠯᠵᠢᠯᠠᠵᠤ᠂ 1707 ᠠᠰᠠᠭᠤᠳᠠᠯ ᠢ ᠢᠯᠡᠷᠡᠭᠦᠯᠦᠭᠰᠡᠨ ᠪᠠ ᠪᠠᠶᠢᠴᠠᠭᠠᠨ ᠰᠢᠢᠳᠪᠦᠷᠢᠯᠡᠪᠡ᠃ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠲᠠᠰᠤᠭ ᠭᠠᠷᠭᠠᠵᠤ᠂ ᠨᠡᠶᠢᠲᠡ 599 ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢ ᠭᠥᠯᠢᠶᠡᠨ ᠠᠪᠴᠤ᠂ ᠵᠢᠭᠤᠯᠴᠢᠯᠠᠭᠴᠢᠳ ᠲᠤ 51.17 ᠲᠦᠮᠡᠨ ᠲᠥᠭᠦᠷᠢᠭ ᠤᠨ ᠵᠣᠭᠤᠰ ᠢ ᠪᠤᠴᠠᠭᠠᠨ ᠲᠥᠯᠥᠵᠦ ᠥᠭᠴᠡᠢ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠷᠠᠳ ᠲᠦᠮᠡᠨ ᠠᠴᠠ ᠠᠵᠢᠯᠲᠠᠨ ᠳᠤ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠣᠭᠲᠠᠭᠠᠨ ᠬᠡᠷᠡᠭᠵᠢᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠪᠠ᠃      ︵ᠠᠷᠪᠠ︶ ᠭᠠᠳᠠᠭᠠᠳᠤ ᠳᠤ ᠤᠬᠠᠭᠤᠯᠤᠨ ᠳᠡᠯᠭᠡᠷᠡᠬᠦᠯᠬᠦ ᠠᠵᠢᠯ ᠰᠢᠨ᠎ᠡ ᠶᠢ ᠡᠭᠦᠳᠦᠨ ᠬᠡᠷᠡᠯ ᠭᠢᠯᠪᠠᠭ᠎ᠠ ᠪᠠᠨ ᠰᠠᠴᠤᠷᠠᠭᠤᠯᠪᠠ᠃ ᠨᠢᠭᠡ ᠳᠤ  ᠂ ᠶᠡᠭᠡ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠪᠠ᠃ ︽ᠤᠯᠤᠰ ᠤᠨ ᠨᠠᠷᠠᠲᠤ ᠲᠡᠮᠳᠡᠭᠲᠦ︾ ︽ᠦᠪᠦᠷ ᠮᠣᠩᠭᠤᠯ ᠨᠠᠷᠠᠲᠤ ᠲᠡᠮᠳᠡᠭᠲᠦ︾ ︽ᠰᠢᠨ᠎ᠡ ᠨᠠᠷᠠᠲᠤ ᠲᠡᠮᠳᠡᠭᠲᠦ︾ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠰᠣᠶᠣᠯ ᠪᠠ ᠵᠢᠭᠤᠯᠴᠢᠯᠠᠯ ᠤᠨ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠤᠬᠠᠭᠤᠯᠭ᠎ᠠ ᠥᠷᠨᠢᠭᠦᠯᠵᠦ᠂ ᠵᠠᠭᠤᠴᠢᠯᠠᠭᠤᠷ ᠤᠨ ᠡᠬᠡ ᠪᠢᠴᠢᠭ ᠶᠠᠪᠤᠭᠤᠯᠤᠭᠰᠠᠨ ᠬᠡᠮᠵᠢᠶ᠎ᠡ ᠪᠠ ᠰᠢᠯᠵᠢᠭᠦᠯᠦᠨ ᠨᠡᠶᠢᠲᠡᠯᠡᠭᠰᠡᠨ ᠬᠡᠮᠵᠢᠶ᠎ᠡ 3500 ᠭᠠᠷᠤᠢ ᠬᠤᠪᠢ ᠶᠢ ᠳᠠᠪᠠᠵᠤ᠂ 4 ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠤᠩᠰᠢᠭᠳᠠᠵᠤ᠂ ᠮᠠᠰᠢ ᠣᠯᠠᠨ ᠰᠣᠨᠢᠨ ᠮᠡᠳᠡᠭᠡ ᠨᠢ ᠲᠥᠪ ᠤᠨ ᠲᠧᠯᠸᠢᠰ ᠬᠤᠷᠢᠶ᠎ᠠ ᠳᠤ ᠳᠠᠮᠵᠢᠭᠤᠯᠤᠨ ᠨᠡᠪᠲᠡᠷᠡᠭᠦᠯᠦᠭᠳᠡᠪᠡ᠃ ᠠᠯᠪᠠᠨ ᠤ ᠸᠢᠴᠠᠲ ᠤᠨ ᠨᠡᠶᠢᠲᠡᠯᠡᠭᠰᠡᠨ ᠡᠬᠡ ᠪᠢᠴᠢᠭ 704 ᠬᠤᠪᠢ ᠪᠠᠶᠢᠵᠤ᠂ ᠤᠩᠰᠢᠭᠰᠠᠨ ᠲᠤᠭ᠎ᠠ ᠨᠢ 75.4 ᠲᠦᠮᠡ ᠳᠤ ᠬᠦᠷᠴᠡᠢ︔ ᠸᠢᠴᠠᠲ ᠤᠨ ᠸᠢᠳᠢᠤ᠋ ᠶᠢᠨ ᠨᠣᠮᠧᠷ ᠢ 133 ᠬᠤᠭᠤᠴᠠᠭ᠎ᠠ ᠨᠡᠶᠢᠲᠡᠯᠡᠪᠡ ᠃ ᠬᠤᠶᠠᠷ ᠲᠤ᠂ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠲᠥᠪ ᠤᠨ ᠲᠧᠯᠸᠢᠰ ᠬᠤᠷᠢᠶ᠎ᠠ ᠪᠣᠯᠣᠨ ᠥᠪᠥᠷ ᠮᠣᠩᠭᠤᠯ ᠤᠨ ᠲᠧᠯᠸᠢᠰ ᠬᠤᠷᠢᠶ᠎ᠠ ᠳᠤ ᠥᠪᠥᠷ ᠮᠣᠩᠭᠤᠯ ᠤᠨ ᠳᠦᠷᠢ ᠲᠥᠷᠬᠦ ᠶᠢᠨ ᠤᠬᠠᠭᠤᠯᠭ᠎ᠠ ᠶᠢᠨ ᠹᠢᠯᠢᠮ ᠢ ᠲᠠᠯᠪᠢᠵᠤ᠂ ᠭᠥᠯᠢᠶᠡᠨ ᠠᠪᠤᠭᠴᠢᠳ 2.5 ᠳ᠋ᠦᠩᠰᠢᠭᠤᠷ ᠢ ᠳᠠᠪᠠᠵᠠᠢ᠃ ᠠᠩᠬᠠᠳᠤᠭᠠᠷ ᠬᠤᠭᠤᠴᠠᠭᠠᠨ ᠤ ᠰᠦᠯᠵᠢᠶᠡᠨ ᠤ ᠺᠠᠷᠲ ᠪᠦᠷᠢᠳᠭᠡᠭᠦᠯᠬᠦ ᠭᠠᠵᠠᠷ ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 66 ᠰᠦᠯᠵᠢᠶᠡᠨ ᠤ ᠺᠠᠷᠲ ᠪᠦᠷᠢᠳᠭᠡᠬᠦᠯᠬᠦ ᠭᠠᠵᠠᠷ ᠢ ᠲᠥᠪᠯᠡᠷᠡᠭᠦᠯᠦᠨ ᠨᠡᠶᠢᠲᠡᠯᠡᠵᠦ᠂ ᠵᠠᠯᠭᠠᠭᠠᠪᠡᠷ 3 ᠰᠠᠷ᠎ᠠ ᠶᠢᠨ ᠬᠤᠭᠤᠴᠠᠭᠠᠨ ᠳᠤ ᠲᠢᠭ᠋ ᠲᠤᠭ ᠪᠠ ᠪᠤᠰᠢᠭᠤ ᠭᠠᠷ ᠲᠠᠪᠴᠠᠩ ᠳᠤ ᠬᠠᠯᠠᠮᠰᠢᠯ ᠨᠡᠷᠡᠰ ᠤᠨ ᠵᠢᠭᠰᠠᠭᠠᠯᠲᠠ ᠳᠤ ᠲᠤᠲᠤᠷᠠᠵᠤ᠂ ᠥᠪᠥᠷ ᠮᠣᠩᠭᠤᠯ ᠤᠨ ᠣᠳᠣᠨ ᠲᠧᠯᠸᠢᠰ ᠤᠨ ︽ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ︾ ᠪᠤᠯᠤᠩ ᠳᠤ ᠰᠦᠯᠵᠢᠶᠡᠨ ᠤ ᠺᠠᠷᠲ ᠪᠦᠷᠢᠳᠭᠡᠭᠦᠯᠬᠦ ᠭᠠᠵᠠᠷ ᠤᠨ ᠲᠤᠰᠬᠠᠢ ᠰᠡᠳᠦᠪᠲᠦ ᠹᠢᠯᠢᠮ ᠢ ᠲᠤᠰᠬᠠᠢ ᠰᠡᠳᠦᠪ ᠢᠶᠠᠷ ᠨᠡᠪᠲᠡᠷᠡᠭᠦᠯᠪᠡ᠃ ᠲᠦᠩ ᠴᠧᠩ ᠰᠦᠯᠵᠢᠶ᠎ᠡ ᠳᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠨᠢᠭᠡᠳᠦᠭᠡᠷ ᠳᠡᠰ ᠤᠨ ᠰᠤᠪᠠᠭ ᠭᠠᠷᠭᠠᠵᠤ᠂ APP ᠪᠣᠯᠣᠨ ᠵᠢᠵᠢᠭ ᠫᠷᠣᠭ᠍ᠷᠠᠮ ᠤᠨ ᠤᠬᠠᠭᠤᠯᠤᠨ ᠳᠡᠯᠭᠡᠷᠡᠭᠦᠯᠬᠦ ᠠᠵᠢᠯ ᠢ ᠵᠡᠷᠭᠡᠪᠡᠷ ᠥᠷᠨᠢᠭᠦᠯᠵᠦ᠂ ᠤᠩᠰᠢᠭᠰᠠᠨ ᠬᠡᠮᠵᠢᠶ᠎ᠡ ᠨᠡᠶᠢᠲᠡ 3000 ᠲᠦᠮᠡᠨ ᠤᠳᠠᠭ᠎ᠠ ᠶᠢ ᠳᠠᠪᠠᠭᠰᠠᠨ ᠪᠠᠶᠢᠨ᠎ᠠ᠃ ᠪᠥᠬᠦ ᠤᠯᠤᠰ ᠤᠨ 32 ᠨᠠᠮ ᠤᠨ ᠵᠠᠭᠤᠴᠢᠯᠠᠭᠤᠷ ᠢ ᠵᠣᠬᠢᠶᠠᠨ ᠪᠠᠶᠢᠭᠤᠯᠵᠤ ︽ᠬᠠᠲᠤᠨ ᠭᠤᠣᠯ ᠤᠨ ᠰᠦᠭ ᠰᠦᠨᠡᠰᠦ ᠶᠢ  ᠤᠶᠢᠯᠠᠭᠠᠵᠤ ᠬᠠᠲᠤᠨ ᠭᠤᠤᠯ ᠤᠨ 几 ᠦᠰᠦᠭ ᠤᠨ ᠬᠡᠯᠪᠡᠷᠢᠲᠡᠢ ᠲᠤᠬᠤᠢ ᠪᠠᠷ ᠵᠢᠭᠤᠯᠴᠢᠯᠠᠬᠤ︾ ᠲᠣᠮᠣ ᠬᠡᠯᠪᠡᠷᠢ ᠶᠢᠨ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠦᠷᠨᠢᠭᠦᠯᠵᠦ᠂ ︽ᠥᠪᠥᠷ ᠮᠣᠩᠭᠤᠯ ᠤᠨ ᠦᠨᠦᠷ ᠠᠮᠲᠠ︾ 4 ᠪᠦᠯᠦᠭᠲᠦ ᠪᠠᠷᠢᠮᠲᠠᠲᠤ ᠺᠢᠨᠣ᠋᠂ ︽ᠥᠨᠳᠥᠷ ᠬᠤᠷᠳᠤᠴᠠ ᠪᠠᠷ ᠳᠤᠮᠳᠠᠳᠤ ᠤᠯᠤᠰ ᠢ ᠬᠠᠷᠠᠬᠤ︾᠂ ︽ᠴᠠᠭᠠᠨ ᠬᠡᠷᠡᠮ ᠤᠨ ᠰᠢᠭᠤᠳ  ᠨᠡᠪᠲᠡᠷᠡᠭᠦᠯᠭᠡ︾ ᠲᠥᠪ ᠲᠧᠯᠸᠢᠰ ᠤᠨ ᠤᠬᠠᠭᠤᠯᠭ᠎ᠠ ᠶᠢᠨ ᠠᠵᠢᠯ ᠢ ᠪᠡᠶᠡᠯᠡᠭᠦᠯᠪᠡ᠃  ᠭᠤᠷᠪᠠ ᠳᠤ᠂ ᠵᠣᠴᠢᠳ ᠤᠨ ᠢᠷᠡᠯᠲᠡ ᠶᠢᠨ ᠭᠠᠵᠠᠷ ᠤᠨ ᠡᠵᠡᠩᠨᠡᠨ ᠪᠣᠷᠣᠯᠠᠭᠤᠯᠤᠯᠲᠠ ᠶᠢ ᠢᠳᠡᠪᠬᠢᠲᠡᠢ ᠦᠷᠨᠢᠭᠦᠯᠪᠡ᠃ ᠭᠤᠸᠠᠩᠵᠧᠦ᠂ ᠰᠦᠵᠧᠦ᠂ ᠨᠠᠨᠵᠢᠩ ᠵᠡᠷᠭᠡ 5 ᠭᠠᠵᠠᠷ ᠲᠤ ᠬᠦᠷᠴᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠪᠡᠭᠡᠵᠢᠩ ᠤᠨ ᠦᠳᠡᠰᠢ ᠶᠢᠨ ᠰᠣᠨᠢᠨ ᠤ ᠲᠠᠪᠴᠠᠩ ᠤᠨ ᠬᠠᠮ ᠵᠠᠭᠤᠴᠢᠯᠠᠭᠤᠷ ᠤᠨ ᠤᠬᠠᠭᠤᠯᠭ᠎ᠠ ᠶᠢᠨ ᠲᠣᠪᠴᠢᠳᠠᠭᠰᠠᠨ ᠬᠡᠮᠵᠢᠶ᠎ᠡ ᠨᠡᠶᠢᠳᠡ 350 ᠲᠦᠮᠡ ᠶᠢ ᠳᠠᠪᠠᠵᠤ᠂ ᠢᠯᠡᠷᠡᠭᠰᠡᠨ ᠬᠡᠮᠵᠢᠶ᠎ᠡ 8000 ᠲᠦᠮᠡ ᠶᠢ ᠳᠠᠪᠠᠵᠠᠢ᠃ G7 ᠲᠦᠷᠭᠡᠨ ᠳᠠᠪᠬᠢᠬᠤ ᠵᠠᠰᠠᠮᠠᠯ ᠵᠠᠮ ᠤᠨ ᠬᠤᠪᠢ ᠶᠢᠨ ᠮᠠᠰᠢᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠱᠤᠭᠤᠮ ᠤᠨ ᠦᠢᠯᠡᠳᠬᠦᠨ ᠤ ᠲᠣᠭᠤᠷᠢᠨ ᠳᠤ ᠳᠠᠭᠠᠷᠢᠯᠲᠠ ᠶᠢᠨ ᠠᠷᠭ᠎ᠠ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ᠂ ᠶᠠᠷᠢᠶᠠᠨ ᠤ ᠰᠡᠳᠦᠪ ᠤᠨ ᠬᠠᠷᠢᠯᠴᠠᠨ ᠬᠥᠳᠡᠯᠦᠯᠴᠡᠭᠰᠡᠨ ᠬᠡᠮᠵᠢᠶ᠎ᠡ 3000 ᠲᠦᠮᠡ ᠶᠢ ᠳᠠᠪᠠᠪᠠ᠃ ᠲᠦᠩ ᠴᠧᠩ ᠰᠦᠯᠵᠢᠶ᠎ᠡ ᠳᠤ ᠲᠦᠰᠢᠭᠯᠡᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠶᠠᠨᠴᠢᠳ ᠤᠨ ᠢᠷᠡᠯᠲᠡ ᠶᠢᠨ ᠭᠠᠵᠠᠷ ᠲᠤ ᠨᠠᠮᠤᠷ ᠡᠪᠦᠯ ᠤᠨ ᠤᠯᠠᠷᠢᠯ ᠤᠨ ᠨᠠᠷᠢᠯᠢᠭ ᠣᠨᠣᠴᠠᠲᠠᠢ ᠡᠵᠡᠩᠨᠡᠨ ᠪᠤᠷᠤᠯᠠᠭᠤᠯᠤᠯᠲᠠ ᠶᠢ ᠥᠷᠨᠢᠭᠦᠯᠵᠦ᠂ ᠦᠢᠯᠡᠳᠬᠦᠨ᠂ ᠵᠢᠭᠤᠯᠴᠢᠯᠠᠯ ᠤᠨ ᠲᠡᠮᠳᠡᠭᠯᠡᠯ᠂ ᠵᠢᠭᠤᠯᠴᠢᠯᠠᠯ ᠤᠨ ᠠᠷᠭ᠎ᠠ ᠪᠣᠳᠣᠯᠭ᠎ᠠ ᠵᠡᠷᠭᠡ ᠶᠢ 120 ᠬᠤᠪᠢ ᠨᠡᠶᠢᠲᠡᠯᠡᠵᠦ᠂ ᠰᠦᠯᠵᠢᠶᠡᠨ ᠳᠡᠭᠡᠷ᠎ᠡ 20 ᠤᠳᠠᠭ᠎ᠠ ᠦᠢᠯᠡᠳᠬᠦᠨ ᠢ ᠲᠠᠨᠢᠯᠴᠠᠭᠤᠯᠵᠤ᠂ ᠢᠯᠡᠷᠡᠭᠰᠡᠨ ᠬᠡᠮᠵᠢᠶ᠎ᠡ 1000 ᠲᠦᠮᠡ ᠶᠢ ᠳᠠᠪᠠᠵᠠᠢ᠃ ᠰᠢᠶᠠᠩᠭᠠᠩ ᠤᠨ ᠥᠪᠥᠷ ᠮᠣᠩᠭᠤᠯ ᠤᠨ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠲᠥᠪ ᠢ ᠪᠠᠶᠢᠭᠤᠯᠵᠤ᠂ ᠣᠣᠮᠧᠨ ᠤ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠳᠤ ᠣᠷᠤᠯᠴᠠᠬᠤ ᠶᠢ ᠵᠣᠬᠢᠶᠠᠨ ᠪᠠᠶᠢᠭᠤᠯᠤᠨ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠤᠬᠠᠭᠤᠯᠭ᠎ᠠ ᠶᠢᠨ ᠠᠵᠢᠯ ᠢ ᠴᠢᠩᠭᠠᠳᠬᠠᠪᠠ᠃ ᠳᠥᠷᠪᠡ ᠳᠤ᠂ ᠭᠠᠳᠠᠭᠠᠳᠤ ᠤᠬᠠᠭᠤᠯᠭ᠎ᠠ ᠶᠢᠨ ᠠᠵᠢᠯ ᠢ ᠰᠢᠨ᠎ᠡ ᠶᠢ ᠡᠭᠦᠳᠦᠨ ᠦᠷᠨᠢᠭᠦᠯᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠢ ᠠᠰᠢᠭᠯᠠᠨ᠂ ᠭᠷᠧᠭ ᠤᠨ ᠡᠯᠴᠢᠨ ᠰᠠᠶᠢᠳ ᠤᠨ ᠶᠠᠮᠤᠨ ᠲᠠᠢ ᠬᠠᠮᠲᠤᠷᠠᠨ ᠰᠦᠯᠵᠢᠶᠡᠨ ᠳᠡᠭᠡᠷᠡᠬᠢ ᠪᠠᠶᠠᠷᠲᠤ ᠴᠠᠭᠠᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠮᠣᠰᠺᠸᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠠᠢ ᠬᠠᠮᠲᠤᠷᠠᠨ ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠶᠢ ᠦᠷᠨᠢᠭᠦᠯᠪᠡ᠃ ᠮᠣᠩᠭᠤᠯ ᠤᠯᠤᠰ᠂ ᠣᠷᠣᠰ᠂ ᠺᠣᠯᠣᠮᠪᠢᠶ᠎ᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠤ ᠼᠢᠷᠺ ᠤᠨ ᠵᠦᠴᠦᠭᠡ ︽ᠳᠡᠭᠦᠯᠢᠯᠲᠡ︾ ᠶᠢ ᠬᠦᠷᠭᠡᠪᠡ᠃ ᠺᠣᠷᠢᠶᠠ᠂ ᠶᠠᠫᠤᠨ᠂ ᠠᠦ᠋ᠰᠲᠷᠠᠯᠢᠶ᠎ᠠ ᠵᠡᠷᠭᠡ ᠵᠢᠭᠤᠯᠴᠢᠠᠯᠯ ᠤᠨ ᠬᠡᠷᠡᠭ ᠡᠷᠬᠢᠯᠡᠬᠦ ᠭᠠᠵᠠᠷ ᠲᠤ ᠤᠬᠠᠭᠤᠯᠭ᠎ᠠ ᠶᠢᠨ ᠵᠢᠷᠤᠭ ᠪᠣᠯᠣᠨ ᠸᠢᠳᠢᠤ᠋ ᠬᠦᠷᠭᠡᠵᠦ᠂ ᠺᠣᠷᠢᠶᠠ ᠶᠢᠨ ᠰᠧᠦ᠋ᠯ ᠳᠤ ᠰᠠᠭᠤᠭ᠎ᠠ ᠵᠢᠭᠤᠯᠴᠢᠯᠠᠯ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠵᠤ᠂ ᠭᠠᠵᠠᠷ ᠳᠣᠣᠷᠠᠬᠢ ᠲᠡᠮᠦᠷ ᠵᠠᠮ ᠤᠨ ᠥᠷᠲᠡᠭᠡᠨ ᠳᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠳ᠋ᠧᠩ ᠤᠨ ᠬᠠᠶᠢᠷᠴᠠᠭ ᠤᠨ ᠵᠠᠷ ᠮᠡᠳᠡᠭᠡ ᠬᠢᠪᠡ᠃      ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ  ᠠᠬᠢᠭᠤᠯᠪᠠ︵ᠨᠢᠭᠡ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠢᠭᠡ ᠳᠤ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠡᠷᠡᠰ ᠲᠤᠭᠤᠰᠢᠯᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠢᠶᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢᠨ᠎ᠡ ᠶᠢ ᠡᠭᠦᠳᠬᠦ ᠤᠨᠤᠯ ᠢ ᠰᠤᠷᠤᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ ᠪᠣᠯᠪᠠᠰᠤᠷᠠᠯ ᠢᠶᠠᠨ ᠴᠢᠩᠭᠠᠳᠬᠠᠬᠤ᠂ ᠬᠦᠰᠡᠯᠡᠩ ᠪᠢᠰᠢᠷᠡᠯ ᠢᠶᠠᠨ ᠪᠠᠲᠤᠳᠬᠠᠬᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤ ᠰᠠᠬᠢᠬᠤ ᠶᠢ ᠬᠥᠮᠥᠵᠢᠭᠦᠯᠦᠨ ᠵᠢᠯᠤᠭᠤᠳᠴᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠨᠢ ᠦᠨᠡᠨ ᠬᠦ ᠴᠢᠩᠭᠠᠳᠬᠠᠪᠠ᠃ ᠬᠤᠶᠠᠷ ᠲᠤ᠂ ︽ᠦᠢᠯᠡᠴᠢᠯᠡᠭᠡ ᠬᠦᠷᠭᠡᠬᠦ᠂ ᠰᠡᠳᠬᠢᠯ ᠤᠨ ᠵᠠᠩᠭᠢᠷᠠᠭ᠎ᠠ ᠶᠢ ᠲᠠᠶᠢᠯᠬᠤ᠂  ᠬᠠᠷᠢᠶᠠᠯᠠᠭᠳᠠᠬᠤ ᠰᠡᠳᠬᠢᠯᠭᠡ ᠵᠢ‌‍ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠬᠤᠶᠠᠷ ᠰᠠᠭᠤᠷᠢ ᠶᠢ ᠪᠠᠲᠤᠳᠬᠠᠬᠤ︾ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ ᠶᠢ ᠬᠥᠲᠥᠯᠥᠨ ᠳᠠᠭᠠᠭᠤᠯᠵᠤ᠂ ᠦᠢᠯᠡᠴᠢᠯᠡᠬᠦ ᠬᠠᠯᠠᠭᠤᠨ ᠰᠡᠳᠬᠢᠯᠭᠡ ᠶᠢ ᠨᠢ ᠪᠠᠳᠠᠷᠠᠭᠤᠯᠵᠤ᠂ ᠠᠵᠢᠯ ᠤᠨ ᠬᠦᠴᠦᠨ ᠢ ᠨᠢᠭᠲᠠᠷᠠᠭᠤᠯᠵᠤ᠂ ᠠᠵᠢᠯ ᠤᠨ ᠢᠳᠡᠪᠬᠢᠵᠢᠯ᠂ ᠬᠠᠮᠲᠤ ᠶᠢᠨ ᠬᠠᠷᠢᠶᠠᠯᠠᠭᠳᠠᠬᠤ ᠰᠡᠳᠬᠢᠯᠭᠡ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠢ ᠳᠠᠰᠤᠷᠠᠯᠳᠠ ᠦᠭᠡᠢ ᠴᠢᠩᠭᠠᠳᠬᠠᠪᠠ᠃ ᠭᠤᠷᠪᠠ ᠳᠤ᠂ ᠨᠠᠮ ᠤᠨ ᠡᠭᠦᠷ ᠤᠨ ᠵᠢᠷᠤᠮᠵᠢᠭᠤᠯᠤᠯᠲᠠ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠬᠥᠲᠥᠯᠥᠨ  ᠳᠠᠭᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ  ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠢᠳᠡᠪᠬᠢᠲᠡᠢ ᠪᠠᠶᠢᠭᠤᠯᠵᠤ᠂ ᠨᠡᠶᠢᠳᠡ 12 ᠨᠠᠮ ᠤᠨ ᠡᠭᠦᠷ ︽ᠬᠠᠮᠤᠭ ᠤᠨ  ᠰᠠᠶᠢᠨ ᠨᠠᠮ ᠤᠨ ᠡᠭᠦᠷ︾ ᠢᠶᠠᠷ ᠦᠨᠡᠯᠡᠭᠳᠡᠵᠦ᠂ ᠠᠯᠪᠠᠨ ᠭᠡᠷ ᠤᠨ ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ ᠳᠥᠷᠪᠡ ᠳᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ ᠦᠨᠳᠦᠰᠦᠨ ᠱᠠᠲᠤᠨ ᠤ ᠨᠠᠮ ᠤᠨ ᠡᠭᠦᠷ ᠲᠠᠢ ᠬᠠᠷᠢᠯᠴᠠᠬᠤ ᠳᠦᠷᠢᠮ᠂ ᠲᠢᠩᠬᠢᠮ ᠤᠨ ᠲᠡᠰ ᠤᠨ ᠤᠳᠤᠷᠢᠳᠤᠯᠭ᠎ᠠ ᠨᠠᠮ ᠤᠨ ᠭᠠᠳᠠᠨᠠᠬᠢ ᠰᠡᠬᠡᠭᠡᠲᠡᠨ ᠲᠠᠢ ᠬᠠᠷᠢᠯᠴᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠡᠯ᠎ᠡ ᠲᠦᠷᠦᠯ ᠤᠨ ᠠᠵᠢᠯᠯᠠᠭ᠎ᠠ ᠳᠤ 71 ᠬᠥᠮᠥᠨ ᠤᠳᠠᠭ᠎ᠠ ᠣᠷᠣᠯᠴᠠᠵᠤ᠂ ᠨᠠᠮ ᠤᠨ ᠭᠠᠳᠠᠨᠠᠬᠢ ᠰᠡᠬᠡᠭᠡᠲᠡᠨ ᠲᠠᠢ 40 ᠬᠥᠮᠥᠨ ᠤᠳᠠᠭ᠎ᠠ ᠶᠠᠷᠢᠯᠴᠠᠵᠤ᠂ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ ᠨᠠᠮ ᠤᠨ ᠡᠭᠦᠷ ᠤᠨ ᠢᠶᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃      ︵ᠬᠤᠶᠠᠷ︶ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ  ᠬᠦᠨᠵᠡᠭᠡᠶᠢᠷᠡᠬᠦᠯᠪᠡ᠃ ᠨᠢᠭᠡ ᠳᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠠᠬᠢᠭᠤᠯᠪᠠ᠃ ᠬᠤᠶᠠᠷ ᠲᠤ  ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠰᠡᠷᠡᠮᠵᠢᠯᠡᠭᠦᠯᠬᠦ ᠬᠥᠮᠦᠵᠢᠯ ᠢ ᠨᠢᠭᠡ ᠤᠳᠠᠭ᠎ᠠ ᠬᠢᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ ᠬᠥᠮᠦᠵᠢᠯ ᠢ ᠨᠢᠭᠡ ᠤᠳᠠᠭ᠎ᠠ ᠬᠢᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 2 ᠤᠳᠠᠭ᠎ᠠ ᠦᠵᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭ᠎ᠠ ᠶᠢ 2 ᠤᠳᠠᠭ᠎ᠠ ᠥᠷᠨᠢᠭᠦᠯᠵᠦ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ ᠥᠷᠭᠡᠨ ᠤᠯᠠᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠤᠷᠭᠠᠮᠵᠢ ᠠᠪᠤᠭᠤᠯᠵᠤ᠂ ᠡᠭᠦᠨ ᠢᠶᠠᠷ ᠴᠡᠭᠡᠷᠯᠡᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠤᠢ ᠪᠣᠯᠭᠠᠪᠠ᠃ ᠭᠤᠷᠪᠠ ᠳᠤ᠂ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠢᠯᠭᠠᠨ ᠪᠠᠶᠢᠴᠠᠭᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠨᠡᠶᠢᠳᠡ 1200 ᠭᠠᠷᠤᠢ  ᠰᠢᠯᠭᠠᠨ ᠪᠠᠶᠢᠴᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ 1500 ᠭᠠᠷᠤᠢ ᠲᠣᠭᠲᠠᠭᠠᠵᠤ᠂ ᠴᠢᠬᠤᠯᠠ ᠰᠠᠯᠠᠭ᠎ᠠ ᠮᠥᠴᠢᠷ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ ᠳᠥᠷᠪᠡ ᠳᠤ᠂ ᠰᠠᠬᠢᠯᠭ᠎ᠠ ᠪᠠᠲᠤ  ᠶᠢᠨ ᠬᠡᠷᠡᠭᠵᠢᠬᠦᠯᠦᠯᠲᠡ ᠠᠴᠠ ᠬᠠᠷᠢᠭᠤᠴᠠᠯᠭ᠎ᠠ ᠨᠡᠬᠡᠮᠵᠢᠯᠡᠬᠦ ᠳᠤ ᠴᠢᠩᠭ᠎ᠠ ᠬᠢᠨᠠᠯᠲᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ 20 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ︽ᠬᠥᠮᠥᠷᠭᠡ ᠶᠢ ᠴᠡᠪᠡᠷᠯᠡᠨ ᠪᠦᠬᠦᠨ ᠢ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠪᠡ︔ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠷᠭᠤᠭᠤᠯᠤᠨ ᠪᠠᠶᠢᠴᠠᠭᠠᠬᠤ ᠳᠤᠮᠳᠠ ᠨᠢᠭᠤᠭᠰᠠᠨ ᠣᠷᠬᠢᠭᠳᠠᠭᠤᠯᠤᠭᠰᠠᠨ ᠦᠶᠯᠡ ᠠᠵᠢᠯᠯᠠᠭ᠎ᠠ ᠲᠠᠢ 3 ᠭᠠᠵᠠᠷ ᠤᠨ ᠲᠠᠰ ᠤᠨ ᠺᠠᠳ᠋ᠷ ᠢ ᠲᠣᠭᠲᠠᠭᠠᠯ ᠰᠠᠬᠢᠯᠭ᠎ᠠ ᠶᠣᠰᠣᠭᠠᠷ ᠵᠣᠬᠢᠴᠠᠩᠭᠤᠢ ᠪᠠᠷ ᠰᠢᠢᠳᠪᠦᠷᠢᠯᠡᠪᠡ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠭᠠᠵᠠᠷ ᠤᠨ ᠲᠡᠰ ᠤᠨ 1 ᠺᠠᠳ᠋ᠷ ᠲᠤ ᠲᠤᠰᠢᠶᠠᠯ ᠠᠴᠠ ᠨᠢ ᠤᠭᠴᠠᠷᠠᠭᠤᠯᠵᠤ ᠵᠡᠷᠭᠡ ᠳᠡᠰ ᠢ ᠨᠢ ᠪᠠᠭᠤᠷᠠᠭᠤᠯᠬᠤ ᠰᠢᠢᠳᠬᠡᠯ ᠥᠭᠪᠡ᠃      ︵ᠭᠤᠷᠪᠠ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠪᠠ᠃ ᠨᠢᠭᠡ ᠳᠤ᠂ ︽ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠡᠯᠡᠳᠬᠡᠯ ᠲᠥᠰᠥᠯ︾ ᠢ ᠵᠣᠬᠢᠶᠠᠨ ᠪᠠᠶᠢᠭᠤᠯᠵᠤ ᠲᠤᠭᠲᠠᠭᠠᠨ᠂ ︵ᠰᠦᠯᠵᠢᠶ᠎ᠡ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪᠳᠡᠯᠴᠡᠬᠦ ᠲᠣᠭᠲᠠᠴᠠ ᠶᠢᠨ ᠠᠵᠢᠯ ᠤᠨ ᠬᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠠᠬᠢᠴᠠ ᠶᠢ ᠲᠣᠬᠢᠷᠠᠭᠤᠯᠪᠠ᠃ ᠬᠤᠶᠠᠷ ᠲᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 11 ᠠᠰᠠᠭᠤᠳᠠᠯ ᠳᠤ ᠴᠢᠭᠯᠡᠭᠦᠯᠦᠨ᠂ 32 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠣᠳᠣᠬᠠᠨ ᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ ᠃ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ︽ᠰᠣᠶᠣᠯ ᠤᠨ ᠤᠬᠠᠭᠤᠯᠭ᠎ᠠ ᠳᠤ ᠦᠨᠳᠦᠰᠦᠲᠡᠨ ᠤ ᠡᠯᠧᠮᠧᠨ᠋ᠲ ᠢ ᠬᠡᠲᠦᠷᠬᠡᠢ ᠴᠢᠬᠤᠯᠠᠴᠢᠯᠠᠭᠰᠠᠨ︾ ᠠᠰᠠᠭᠤᠳᠠᠯ ᠳᠤ ᠴᠢᠭᠯᠡᠭᠦᠯᠦᠨ᠂ 11 ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠬᠦᠨ ᠢᠶᠠᠷ ᠢᠶᠠᠨ ᠢᠳᠡᠪᠬᠢᠲᠡᠢ ᠠᠬᠢᠴᠠ ᠲᠠᠢ ᠪᠣᠯᠵᠠᠢ᠃ ᠭᠤᠷᠪᠠ ᠳᠤ  ᠂ ᠰᠣᠶᠣᠯ ᠤᠨ ᠣᠷᠳᠣᠨ ︵ᠥᠷᠲᠡᠭᠡ︶᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠢ᠂ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠰᠣᠶᠣᠯ ᠤᠨ ᠲᠠᠯᠠᠪᠤᠷ ᠭᠠᠵᠠᠷ ᠪᠠ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠣᠳᠣᠨ ᠲᠠᠰ ᠤᠨ ᠪᠠᠭᠤᠳᠠᠯ ᠵᠡᠷᠭᠡ ᠰᠣᠶᠣᠯ ᠪᠠ ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠡᠳᠦᠷ ᠲᠤᠲᠤᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠦᠨᠡᠯᠡᠨ ᠵᠢᠱᠢᠵᠦ ᠲᠠᠰ ᠲᠣᠭᠲᠠᠭᠠᠬᠤ ᠲᠡᠷᠢᠭᠦᠨ ᠴᠢᠬᠤᠯᠠ ᠨᠥᠬᠦᠴᠡᠯ ᠪᠤᠯᠭᠠᠪᠠ᠃ ᠳᠥᠷᠪᠡ ᠳᠤ᠂ ᠡᠷᠬᠢᠯᠡᠭᠰᠡᠨ ᠡᠯ᠎ᠡ ᠲᠦᠷᠦᠯ ᠤᠨ ᠤᠷᠠᠨ ᠰᠠᠶᠢᠬᠠᠨ ᠤ ᠲᠣᠭᠯᠠᠯᠲᠠ᠂  ᠦᠵᠡᠰᠬᠦᠯᠡᠩ ᠦᠵᠡᠭᠦᠯᠭᠡ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ᠂ ᠶᠠᠷᠢᠶᠠᠨ ᠤ ᠲᠠᠪᠴᠠᠩ ᠤᠨ ᠰᠤᠳᠤᠯᠤᠨ ᠶᠠᠷᠢᠯᠴᠠᠬᠤ ᠬᠤᠷᠠᠯ᠂ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠡᠳᠦᠷ ᠵᠡᠷᠭᠡ ᠳᠤ ᠤᠷᠢᠳᠠᠴᠢ ᠬᠢᠨᠠᠨ ᠬᠠᠷᠭᠤᠭᠤᠯᠤᠯᠲᠠ ᠬᠢᠵᠦ᠂ ᠤᠯᠤᠰ ᠲᠦᠷᠦ ᠶᠢᠨ ᠤᠳᠤᠷᠢᠳᠤᠮᠵᠢ ᠳᠤ ᠠᠰᠠᠭᠤᠳᠠᠯ ᠲᠠᠢ  ᠪᠠᠶᠢᠬᠤ ᠳᠤ ᠨᠢ ︽ᠨᠢᠭᠡ ᠪᠢᠯᠧᠲ ᠢᠶᠠᠷ ᠦᠭᠡᠶᠢᠰᠬᠡᠬᠦ︾ ᠶᠢ  ᠬᠡᠷᠡᠭᠵᠢᠬᠦᠯᠪᠡ᠃ ᠲᠠᠪᠤ ᠳᠤ  ᠂ ︽ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠭᠠᠳᠠᠭᠠᠳᠤ ᠳᠤ  ᠬᠠᠨᠳᠤᠭᠤᠯᠤᠭᠰᠠᠨ ᠰᠣᠶᠣᠯ ᠤᠨ ᠰᠣᠯᠢᠯᠴᠠᠭ᠎ᠠ ᠪᠠ ᠵᠢᠭᠤᠯᠴᠢᠯᠠᠯ ᠢ ᠳᠡᠯᠭᠡᠷᠡᠭᠦᠯᠬᠦ ᠠᠵᠢᠯᠯᠠᠭ᠎ᠠ ᠶᠢᠨ ᠦᠵᠡᠯ ᠤᠬᠠᠮᠰᠠᠷ ᠤᠨ ᠬᠡᠯᠪᠡᠷᠢ ᠶᠢ ᠬᠢᠨᠠᠨ ᠬᠠᠷᠭᠤᠭᠤᠯᠬᠤ ᠪᠣᠭᠤᠮᠲᠠ ᠶᠢ ᠤᠯᠠᠮ ᠨᠢᠭᠡ ᠠᠯᠬᠤᠮ ᠴᠢᠩᠭᠠᠳᠬᠠᠪᠠ᠃      ︵ᠳᠥᠷᠪᠡ︶ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠨᠢᠭᠡ ᠳᠤ᠂ ᠲᠥᠪ ᠤᠨ ᠨᠠᠢᠮᠠᠨ ᠲᠣᠭᠲᠠᠭᠠᠯ  ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠠᠯᠪᠠᠨ ᠤ ᠵᠣᠭᠤᠰ ᠢᠶᠠᠷ  ᠵᠢᠭᠤᠯᠴᠢᠯᠠᠬᠤ  ᠂ ᠠᠯᠪᠠᠨ ᠤ ᠲᠡᠷᠭᠡ ᠶᠢ ᠬᠤᠪᠢᠨ ᠳᠤ ᠪᠠᠨ ᠬᠡᠷᠡᠭᠯᠡᠬᠦ᠂ ᠶᠡᠭᠡ ᠪᠠᠷ ᠪᠡᠯᠡᠳᠬᠡᠨ ᠶᠡᠭᠡ  ᠪᠠᠷ ᠦᠷᠨᠢᠬᠦᠯᠬᠦ᠂ ᠲᠣᠭᠲᠠᠭᠠᠯ ᠠᠴᠠ ᠵᠥᠷᠢᠴᠡᠨ ᠬᠤᠷᠠᠯ ᠬᠢᠬᠦ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠭᠥᠯᠢᠶᠡᠨ ᠠᠪᠬᠤ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠵᠢᠷᠭᠠᠨ ᠴᠡᠩᠭᠡᠬᠦ ᠱᠠᠯᠢᠨ ᠪᠦᠷᠢᠯᠭᠡᠬᠦ ᠪᠠ  ᠨᠢᠭᠤᠴᠠ ᠳᠠᠯᠳᠠ  ᠤᠨᠳᠤᠰᠢᠭᠰᠠᠨ ᠲᠥᠪ ᠪᠤᠰᠤ ᠰᠤᠷᠲᠠᠯ ᠢ ᠴᠢᠩᠭ᠎ᠠ ᠠᠩᠬᠠᠷᠴᠤ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠬᠤᠶᠠᠷ ᠲᠤ᠂ ᠰᠢᠨ᠎ᠡ ᠵᠢᠯ᠂ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠤᠷᠢᠳᠴᠢᠯᠠᠨ ᠪᠢᠴᠢᠭ ᠮᠠᠲ᠋ᠧᠷᠢᠶᠠᠯ ᠲᠠᠷᠬᠠᠭᠠᠵᠤ᠂ ᠰᠡᠷᠡᠮᠵᠢ ᠶᠢᠨ ᠳᠣᠬᠢᠶ᠎ᠠ ᠥᠭᠴᠦ᠂ ᠢᠯᠡᠴᠢᠯᠡᠨ ᠵᠠᠭᠠᠯᠳᠤᠬᠤ ᠤᠲᠠᠰᠤ ᠶᠢ ᠨᠡᠶᠢᠲᠡᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠵᠠᠪᠰᠢᠶᠠᠨ  ᠳᠠᠯᠢᠮᠳᠠᠭᠤᠯᠬᠤ᠂ ᠪᠠᠷ᠎ᠠ ᠬᠠᠷᠠᠬᠤ᠂ ᠮᠢᠨᠴᠦᠭᠦᠷᠡᠬᠦ ᠵᠡᠷᠭᠡ ᠦᠵᠡᠯ ᠰᠠᠨᠠᠭ᠎ᠠ ᠶᠢ ᠠᠷᠢᠯᠭᠠᠵᠤ᠂ ᠴᠢᠬᠤᠯᠠ ᠵᠠᠩᠭᠢᠯᠠᠭ᠎ᠠ ᠶᠢᠨ ᠴᠡᠭ ︽ᠰᠠᠯᠬᠢᠨ ᠤ ᠠᠮᠠ︾  ᠶᠢ ᠪᠠᠲᠤ ᠡᠵᠡᠮᠳᠡᠪᠡ᠃ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠬᠤᠷᠢᠮ ᠪᠡᠯᠪᠡᠰᠦᠷᠡᠯ ᠪᠠᠶᠠᠷ ᠳᠤᠷᠠᠰᠬᠠᠯ ᠤᠨ ᠤᠴᠢᠷ ᠶᠠᠪᠤᠳᠠᠯ ᠡᠷᠭᠢᠯᠡᠬᠦ ᠶᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠮ ᠪᠡᠯᠪᠡᠰᠦᠷᠡᠯ ᠪᠠᠶᠠᠷ ᠳᠤᠷᠠᠰᠬᠠᠯ ᠤᠨ ︽ᠳᠠᠯᠳᠠ ᠬᠤᠪᠢᠷᠠᠯᠲᠠ︾ ᠶᠢᠨ ᠠᠰᠠᠭᠤᠳᠠᠯ ᠢ ᠴᠢᠩᠭ᠎ᠠ ᠠᠩᠬᠠᠷᠪᠠ᠃ ᠪᠥᠬᠦ ᠵᠢᠯ ᠳᠤ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠠᠴᠠ ᠵᠥᠷᠢᠴᠡᠭᠰᠡᠨ ᠠᠰᠠᠭᠤᠳᠠᠯ ᠭᠠᠷᠤᠭᠰᠠᠨ ᠦᠭᠡᠢ᠃ ᠭᠤᠷᠪᠠ ᠳᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ 2021 ᠣᠨ ᠤ ᠡᠮᠦᠨ᠎ᠡ 11 ᠰᠠᠷ᠎ᠠ ᠳᠤ ᠦᠨᠳᠦᠰᠦᠨ ᠱᠠᠲᠤᠨ ᠳᠤ ᠲᠠᠷᠬᠠᠭᠠᠭᠰᠠᠨ ᠪᠢᠴᠢᠭ ᠮᠠᠲ᠋ᠧᠷᠢᠶᠠᠯ 2020 ᠣᠨ ᠤ ᠠᠳᠠᠯᠢ ᠬᠤᠭᠤᠴᠠᠭᠠᠨ ᠤ ᠬᠢ ᠠᠴᠠ 2% ᠢᠶᠠᠷ ᠪᠠᠭᠠᠰᠬᠠᠵᠤ᠂ ᠬᠤᠷᠠᠯ ᠬᠤᠷᠠᠯᠳᠤᠭᠤᠯᠬᠤ ᠶᠢ 2020 ᠣᠨ ᠤ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠠᠰᠬᠠᠵᠤ᠂ ᠬᠤᠰᠢᠭᠤ ᠰᠢᠶᠠᠨ ᠤ ᠬᠤᠷᠠᠯ ᠬᠦᠷᠲᠡᠯ᠎ᠡ ᠬᠤᠷᠠᠯᠳᠤᠭᠤᠯᠬᠤ ᠶᠢ 2020 ᠣᠨ ᠤ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠠᠰᠬᠠᠭᠰᠠᠨ ᠤ ᠬᠠᠮᠲᠤ ᠪᠦᠬᠦᠨ ᠢ ᠸᠢᠳᠢᠤ᠋ ᠬᠤᠷᠠᠯ ᠤᠨ ᠬᠡᠯᠪᠡᠷᠢ ᠪᠠᠷ  ᠬᠤᠷᠠᠯᠳᠤᠭᠤᠯᠪᠠ᠃ ᠳᠥᠷᠪᠡ ᠳᠤ᠂ ᠦᠨᠳᠦᠰᠦᠨ ᠱᠠᠲᠤᠨ ᠳᠤ ᠬᠦᠷᠴᠦ  ᠬᠢᠨᠠᠨ ᠪᠠᠶᠢᠴᠠᠭᠠᠬᠤ ᠶᠢ ᠴᠢᠩᠭ᠎ᠠ ᠬᠢᠵᠠᠭᠠᠷᠯᠠᠵᠤ᠂ 2021 ᠣᠨ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢᠨ ᠬᠡᠪᠴᠢᠶᠡᠨ ᠠᠴᠠ ᠭᠠᠳᠠᠨᠠᠬᠢ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠭᠰᠠᠨ ᠦᠭᠡᠢ᠂ ᠲᠢᠩᠬᠢᠮ ᠤᠨ ᠤᠳᠤᠷᠢᠳᠤᠯᠭ᠎ᠠ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤ ᠪᠠᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠪᠡ᠃ ᠲᠠᠪᠤ ᠳᠤ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠢᠨᠠᠨ ᠵᠥᠪᠰᠢᠶᠡᠷᠡᠯ ᠢ ᠴᠢᠩᠭ᠎ᠠ ᠵᠢᠷᠤᠮᠵᠢᠭᠤᠯᠵᠤ᠂ 2021 ᠣᠨ ᠳᠤ ᠨᠡᠶᠢᠳᠡ 17 ᠵᠦᠢᠯ ᠤᠨ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠠᠵᠢᠯᠯᠠᠭ᠎ᠠ ᠡᠷᠬᠢᠯᠡᠬᠦ ᠶᠢ ᠴᠣᠬᠤᠯᠠᠪᠤᠷᠢᠯᠠᠨ ᠵᠥᠪᠰᠢᠶᠡᠷᠡᠵᠦ᠂ 2020 ᠣᠨ ᠤ ᠬᠢ ᠠᠴᠠ 5% ᠪᠠᠷ ᠪᠠᠭᠠᠰᠪᠠ᠃︵ᠲᠠᠪᠤ︶ ᠨᠠᠮ ᠤᠨ ᠶᠠᠪᠤᠳᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ  ᠠᠬᠢᠭᠤᠯᠪᠠ᠃ ᠨᠢᠭᠡ ᠳᠤ  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠠᠵᠢᠯ ᠢ ᠢᠯᠡ ᠪᠣᠯᠭᠠᠬᠤ ᠭᠠᠷᠴᠠᠭ︾ ᠢ ᠲᠣᠭᠲᠠᠭᠠᠵᠤ᠂ ᠲᠢᠩᠬᠢᠮ ᠤᠨ ᠪᠠᠶᠢᠭᠤᠯᠭ᠎ᠠ ᠶᠢᠨ ᠰᠦᠯᠵᠢᠶ᠎ᠡ ᠳᠡᠭᠡᠷ᠎ᠡ ︽ᠨᠠᠮ ᠤᠨ ᠶᠠᠪᠤᠳᠠᠯ ᠢ ᠢᠯᠡ ᠪᠣᠯᠭᠠᠬᠤ︾ ᠲᠤᠰᠬᠠᠢ ᠪᠤᠯᠤᠩ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠠᠷᠭᠠᠭᠰᠠᠨ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ᠂ ᠪᠦᠬᠦ ᠲᠠᠯ᠎ᠠ ᠪᠠᠷ ᠨᠠᠮ   ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ   ᠶᠢ ᠭᠦᠢᠴᠡᠳᠬᠡᠭᠰᠡᠨ᠂ ᠺᠠᠳ᠋ᠷᠴᠤᠳ ᠢ ᠬᠥᠮᠥᠵᠢᠭᠦᠯᠦᠨ ᠬᠢᠨᠠᠵᠤ ᠬᠠᠮᠢᠶᠠᠷᠬᠤ ᠪᠠ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠭᠰᠡᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ  ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠭᠰᠠᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ   ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠲᠤᠰ ᠪᠡᠶ᠎ᠡ   ᠶᠢᠨ ᠪᠠᠶᠢᠭᠤᠯᠤᠯᠲᠠ ᠪᠠᠨ ᠴᠢᠩᠭᠠᠳᠬᠠᠭᠰᠠᠨ ᠵᠡᠷᠭᠡ ᠲᠠᠯ᠎ᠠ   ᠶᠢᠨ ᠠᠵᠢᠯ ᠤᠨ ᠪᠠᠶᠢᠳᠠᠯ ᠢ ᠴᠠᠭ ᠲᠤᠬᠠᠢ ᠳᠤ ᠨᠢ ᠢᠯᠡ ᠪᠤᠯᠭᠠᠵᠤ᠂ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠠᠵᠢᠯ ᠢ ᠢᠯᠡ ᠪᠣᠯᠭᠠᠬᠤ ᠦᠵᠡᠯ ᠤᠬᠠᠮᠰᠠᠷ ᠪᠠ ᠴᠢᠳᠠᠪᠤᠷᠢ ᠶᠢᠨ ᠬᠢᠷᠢ ᠬᠡᠮᠵᠢᠶ᠎ᠡ ᠶᠢ  ᠦᠨᠡᠨ ᠬᠦ  ᠳᠡᠭᠡᠭᠰᠢᠯᠡᠬᠦᠯᠪᠡ᠃ ᠬᠤᠶᠠᠷ ᠲᠤ  ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ  ᠶᠢᠨ ᠲᠤᠭᠲᠠᠭᠠᠯᠲᠠ᠂  ᠬᠡᠷᠡᠭᠵᠢᠬᠦᠯᠦᠯᠲᠡ᠂  ᠬᠠᠮᠢᠶᠠᠷᠤᠯᠲᠠ᠂  ᠦᠢᠯᠡᠴᠢᠯᠡᠭᠡ᠂ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠦᠲᠦᠮᠵᠢᠲᠡᠶ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠡᠷᠬᠡ ᠳᠤ ᠬᠢᠨᠠᠯᠲᠠ ᠲᠠᠯᠪᠢᠬᠤ ᠶᠢ  ᠴᠢᠩᠭᠠᠳᠬᠠᠪᠠ᠃ ᠵᠢᠯ ᠤᠨ ᠡᠬᠢᠨ ᠠᠴᠠ  ᠨᠠᠭᠠᠰᠢ᠂ ᠲᠢᠩᠬᠢᠮ ᠤᠨ ᠪᠠᠶᠢᠭᠤᠯᠭ᠎ᠠ ᠶᠢᠨ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠨᠡᠶᠢᠲᠡ ᠶᠢᠨ ᠳ᠋ᠤᠭᠠᠷ᠂ ︽ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ︾ ᠵᠡᠷᠭᠡ ᠡᠯ᠎ᠡ ᠲᠥᠷᠥᠯ ᠤᠨ ᠲᠠᠪᠴᠠᠩ ᠢᠶᠠᠷ ᠳᠠᠮᠵᠢᠭᠤᠯᠤᠨ᠂ 5021 ᠵᠦᠢᠯ ᠤᠨ ᠮᠡᠳᠡᠭᠡ ᠵᠠᠩᠭᠢ ᠶᠢ ᠨᠡᠶᠢᠲᠡᠯᠡᠵᠦ᠂ 15 ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ 20 ᠵᠦᠢᠯ ᠤᠨ ᠬᠠᠷᠢᠭᠤ ᠥᠭᠴᠦ᠂ ᠭᠤᠶᠤᠴᠢᠯᠠᠯ ᠶᠣᠰᠣᠭᠠᠷ 10 ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠪᠠ᠃      ︵ᠵᠢᠷᠭᠤᠭ᠎ᠠ︶ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ  ᠳᠡᠭᠡᠭᠰᠢᠯᠡᠬᠦᠯᠪᠡ᠃ ᠨᠢᠭᠡ ᠳᠤ᠂ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ︽ᠤᠯᠤᠰ ᠤᠨ  ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠤᠯᠤᠰ ᠤᠨ  ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ  ᠶᠢ ᠬᠡᠷᠡᠭᠵᠢᠭᠦᠯᠬᠦ ᠠᠷᠭ᠎ᠠ ᠵᠠᠮ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ ᠂ 103 ᠬᠤᠰᠢᠭᠤ ᠰᠢᠶᠠᠨ ︵ᠲᠣᠭᠤᠷᠢᠭ︶ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠠᠵᠢᠯ ᠢ ᠪᠦᠬᠦᠨ ᠢ ᠪᠡᠶᠡᠯᠡᠭᠦᠯᠪᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠬᠤᠪᠢᠶᠠᠷᠢᠯᠠᠨ ᠰᠢᠯᠵᠢᠭᠦᠯᠬᠦ᠂ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠠᠵᠢᠯ ᠢ ᠪᠡᠶᠡᠯᠡᠬᠦᠯᠪᠡ᠃ ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ︾  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠤᠭᠲᠠᠭᠠᠬᠤ ᠲᠥᠰᠥᠪ ᠲᠤ ᠤᠷᠤᠪᠠ  ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠬᠢᠨᠠᠯᠲᠠ ᠬᠠᠮᠢᠶᠠᠷᠤᠯᠲᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠵᠡᠷᠭᠡ ᠠᠵᠢᠯ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰᠬᠠᠢ ᠵᠦᠢᠯ ᠢᠶᠠᠷ ᠢᠯᠭᠠᠷᠠᠭᠤᠯᠬᠤ ᠠᠵᠢᠯ ᠢ ᠥᠷᠨᠢᠬᠦᠯᠪᠡ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠡᠮᠳᠡᠭᠯᠡᠬᠦ᠂ ᠳᠠᠩᠰᠠᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠬᠦ ᠴᠤᠪᠤᠷᠠᠯ ᠢ ᠲᠡᠭᠦᠯᠳᠡᠷᠵᠢᠬᠦᠯᠪᠡ᠃ ᠭᠤᠷᠪᠠ ᠳᠤ᠂  ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠣᠯᠠᠨ ᠨᠡᠶᠢᠲᠡ ᠶᠢᠨ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂  ᠪᠤᠳᠠᠰ ᠤᠨ ᠪᠤᠰᠤ ᠰᠤᠶᠤᠯ ᠤᠨ ᠥᠪ ᠤᠨ ᠵᠠᠯᠭᠠᠮᠵᠢᠯᠠᠯ᠂ ᠰᠣᠶᠣᠯ ᠤᠨ ᠠᠵᠤ ᠦᠢᠯᠡᠰ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠭᠤᠣᠯᠯᠠᠬᠤ ᠲᠤᠬᠠᠶᠢᠯᠠᠭᠰᠠᠨ ᠠᠵᠢᠯ ᠤᠨ ᠲᠣᠭᠤᠷᠢᠨ ᠳᠤ᠂ ᠰᠦᠯᠵᠢᠶᠡᠨ  ᠳᠡᠭᠡᠷ᠎ᠡ ᠪᠠ ᠰᠦᠯᠵᠢᠶᠡᠨ ᠠᠴᠠ ᠭᠠᠳᠠᠨ᠎ᠠ 2208 ᠬᠥᠮᠥᠨ ᠤᠳᠠᠭ᠎ᠠ ᠪᠤᠯᠪᠠᠰᠤᠷᠠᠭᠤᠯᠪᠠ᠃ 2021 ᠣᠨ ᠤ ᠪᠥᠬᠦ ᠣᠷᠣᠨ ᠤ ᠤᠷᠠᠯᠢᠭ᠂ ᠨᠣᠮ ᠪᠢᠴᠢᠭ᠂ ᠰᠣᠶᠣᠯ ᠦᠵᠡᠰᠬᠦᠯᠡᠩ᠂  ᠤᠯᠠᠨ ᠲᠥᠮᠡᠨ ᠤ ᠰᠤᠶᠤᠯ ᠤᠨ ᠲᠤᠰᠬᠠᠢ ᠮᠡᠷᠭᠡᠵᠢᠯ ᠤᠨ ᠳᠡᠰ ᠤᠨ ᠰᠢᠯᠭᠠᠷᠠᠭᠤᠯᠤᠯᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠵᠢᠴᠢ ᠰᠢᠯᠭᠠᠷᠠᠭᠤᠯᠤᠯᠲᠠ ᠶᠢᠨ ᠠᠵᠢᠯ ᠢ ᠵᠣᠬᠢᠶᠠᠨ  ᠪᠠᠶᠢᠭᠤᠯᠵᠤ ᠥᠷᠨᠢᠬᠦᠯᠪᠡ᠃ ᠰᠣᠶᠣᠯ ᠤᠨ ᠠᠵᠢᠯᠲᠠᠳ ᠲᠤ ᠦᠢᠯᠡᠴᠢᠯᠡᠬᠦ ᠲᠤᠰᠬᠠᠢ ᠵᠦᠢᠯᠡᠰ ᠢ ᠭᠦᠨᠵᠡᠭᠡᠢ  ᠬᠡᠷᠡᠭᠵᠢᠬᠦᠯᠪᠡ᠃ ᠳᠥᠷᠪᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠠᠯᠪᠠᠨ ᠪᠢᠴᠢᠭ ᠭᠦᠢᠴᠡᠳᠬᠡᠬᠦ᠂ ᠮᠡᠳᠡᠭᠡ ᠵᠠᠩᠭᠢ ᠶᠢᠨ ᠤᠬᠠᠭᠤᠯᠭ᠎ᠠ᠂ ᠴᠢᠬᠤᠯᠠ ᠬᠤᠷᠠᠯ ᠪᠠ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠲᠤᠯᠠᠬᠤ ᠵᠢᠴᠢ ᠪᠠᠶᠠᠷ ᠳᠤᠷᠠᠰᠬᠠᠯ ᠤᠨ ᠦᠵᠡᠭᠦᠯᠭᠡ ᠴᠤᠭᠯᠠᠭᠠᠨ᠂  ᠨᠢᠭᠤᠴᠠ ᠶᠢ ᠬᠠᠮᠠᠭᠠᠯᠠᠬᠤ ᠠᠵᠢᠯ ᠢ ᠲᠠᠰᠤᠷᠠᠯᠳᠠ ᠦᠭᠡᠢ ᠵᠢᠷᠤᠮᠵᠢᠭᠤᠯᠪᠠ᠃ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠪᠠ ᠺᠠᠳ᠋ᠷ ᠠᠵᠢᠯᠲᠠᠨ ᠠᠵᠢᠯᠴᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠲᠢᠩᠬᠢᠮ ᠤᠨ ᠪᠠᠶᠢᠭᠤᠯᠭ᠎ᠠ ᠶᠢᠨ ᠠᠯᠪᠠᠯᠠᠬᠤ ᠰᠢᠰᠲ᠋ᠧᠮ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠲᠦᠮᠵᠢᠲᠡᠶ ᠥᠷᠨᠢᠭᠦᠯᠪᠡ᠃ ᠠᠵᠢᠯ ᠠᠴᠠ ᠪᠠᠨ ᠰᠠᠯᠤᠭᠰᠠᠨ ᠠᠮᠠᠷᠠᠭᠰᠠᠨ ᠬᠥᠮᠥᠰ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ  ᠃      2021 ᠣᠨ ᠠᠴᠠ ᠨᠠᠭᠠᠰᠢᠬᠢ ᠰᠣᠶᠣᠯ ᠪᠠ ᠵᠢᠭᠤᠯᠴᠢᠯᠠᠯ ᠤᠨ ᠠᠵᠢᠯ ᠢ ᠡᠷᠭᠢᠴᠡᠭᠦᠯᠦᠨ ᠳ᠋ᠦᠩᠨᠡᠬᠦ ᠳᠤ᠂ ᠡᠯ᠎ᠡ ᠲᠠᠯ᠎ᠠ ᠪᠠᠷ ᠴᠥᠮ ᠡᠳᠦᠢ ᠲᠡᠳᠦᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠰᠡᠷᠭᠡᠶᠢᠯᠡᠨ  ᠡᠵᠡᠮᠳᠡᠬᠦ ᠠᠵᠢᠯ   ᠢ ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ᠂ ᠪᠢᠳᠡ ᠰᠣᠶᠣᠯ ᠤᠨ ᠪᠠᠶᠢᠭᠤᠯᠤᠯᠲᠠ ᠪᠠ ᠵᠢᠭᠤᠯᠴᠢᠯᠠᠯ ᠤᠨ ᠬᠥᠭᠵᠢᠯᠲᠡ  ᠶᠢ ᠠᠬᠢᠭᠤᠯᠬᠤ ᠲᠠᠯ᠎ᠠ ᠪᠠᠷ ᠤᠯᠠᠮ ᠠᠴᠠ ᠤᠯᠠᠮ ᠢᠲᠡᠭᠡᠯ ᠲᠠᠢ ᠪᠣᠯᠵᠤ ᠪᠠᠶᠢᠨ᠎ᠠ᠃ ᠭᠡᠪᠡᠴᠦ ᠮᠠᠰᠢ ᠣᠯᠠᠨ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢ ᠠᠷᠭ᠎ᠠ ᠪᠤᠰᠤ ᠬᠤᠶᠢᠰᠢᠯᠠᠭᠤᠯᠬᠤ ᠪᠤᠶᠤ ᠬᠦᠴᠦᠨ ᠦᠭᠡᠢ ᠪᠣᠯᠭᠠᠵᠤ᠂ ᠮᠠᠰᠢ ᠣᠯᠠᠨ ᠠᠵᠢᠯ ᠢ ᠰᠦᠯᠵᠢᠶᠡᠨ ᠭᠠᠳᠠᠨ᠎ᠠ ᠠᠴᠠ ᠰᠦᠯᠵᠢᠶᠡᠨ ᠳᠡᠭᠡᠷ᠎ᠡ ᠰᠢᠯᠵᠢᠭᠦᠯᠦᠭᠰᠡᠨ ᠠᠴᠠ ᠬᠥᠮᠥᠰ ᠤᠨ ᠬᠡᠪ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠪᠥᠬᠦ ᠵᠢᠯ ᠳᠤ ᠭᠥᠯᠢᠶᠡᠨ ᠠᠪᠬᠤ ᠵᠢᠭᠤᠯᠴᠢᠯᠠᠭᠴᠢᠳ 12734 ᠲᠦᠮᠡᠨ ᠬᠥᠮᠥᠨ ᠤᠳᠠᠭ᠎ᠠ ᠳᠤ ᠬᠦᠷᠴᠦ᠂ 2019 ᠣᠨ ᠤ 66% ᠪᠣᠯᠲᠠᠯ᠎ᠠ ᠰᠡᠷᠭᠦᠬᠦ ᠪᠠᠷ ᠵᠢᠱᠢᠵᠦ ᠪᠣᠶ︔ ᠵᠢᠱᠢᠯᠲᠡ ᠪᠠᠷ ᠵᠢᠭᠤᠯᠴᠢᠯᠠᠯ ᠤᠨ ᠶᠡᠷᠦᠩᠬᠡᠢ ᠣᠷᠣᠯᠭ᠎ᠠ 1295 ᠳ᠋ᠦᠩᠰᠢᠭᠤᠷ ᠲᠥᠭᠦᠷᠢᠭ ᠬᠦᠷᠴᠦ᠂ 2019 ᠣᠨ ᠤ 28% ᠪᠣᠯᠲᠠᠯ᠎ᠠ ᠰᠡᠷᠭᠦᠵᠦ᠂ ᠪᠥᠬᠦ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠨᠡᠯᠢᠶᠡᠳ ᠬᠦᠨᠳᠦ ᠨᠣᠴᠢᠲᠠᠢ  ᠴᠤᠬᠢᠯᠲᠠ ᠶᠢ ᠪᠣᠶ ᠪᠣᠯᠭᠠᠪᠠ᠃ ᠡᠳᠡᠭᠡᠷ ᠠᠰᠠᠭᠤᠳᠠᠯ ᠢ 2022 ᠣᠨ ᠤ ᠠᠵᠢᠯ ᠤᠨ ᠳᠤᠮᠳᠠ ᠭᠤᠣᠯᠳᠠᠯᠭ᠎ᠠ ᠲᠠᠢ ᠠᠩᠬᠠᠷᠴᠤ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号