ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠨᠡᠶᠢᠭᠡᠮ ᠲᠤᠭᠤᠷᠢᠭ ᠤᠨ ᠨᠢᠭᠡ ᠮᠥᠴᠡ ᠶᠢᠨ ᠠᠮᠢᠳᠤᠷᠠᠯ ᠤᠨ ᠲᠤᠭᠤᠷᠢᠭ︾ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠢ ᠨᠡᠶᠢᠭᠡᠮ ᠲᠣᠭᠤᠷᠢᠭ ᠲᠤ ᠣᠷᠣᠭᠤᠯᠬᠤ ᠡᠬᠢᠯᠡᠯᠲᠡ ᠶᠢᠨ ᠶᠣᠰᠣᠯᠠᠯ ᠢ ᠡᠷᠭᠢᠯᠡᠪᠡ
ᠨᠡᠶᠢᠲᠡᠯᠡᠭᠰᠡᠨ ᠴᠠᠭ᠄
2022/3/25
     3 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠶᠢᠷᠤᠪ ᠤᠨ ᠲᠣᠬᠤᠶ ᠲᠣᠭᠤᠷᠢᠭ ᠤᠨ ᠴᠠᠩ ᠴᠢᠩ ᠨᠡᠶᠢᠭᠡᠮ ᠲᠣᠭᠤᠷᠢᠭ ᠲᠤ ︽ ᠨᠡᠶᠢᠭᠡᠮ ᠲᠤᠭᠤᠷᠢᠭ ᠤᠨ ᠨᠢᠭᠡ ᠮᠥᠴᠡ ᠶᠢᠨ ᠠᠮᠢᠳᠤᠷᠠᠯ  ᠤᠨ ᠲᠤᠭᠤᠷᠢᠭ︾ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠢ ᠨᠡᠶᠢᠭᠡᠮ ᠲᠣᠭᠤᠷᠢᠭ ᠲᠤ ᠣᠷᠣᠭᠤᠯᠬᠤ ᠡᠬᠢᠯᠡᠯᠲᠡ ᠶᠢᠨ ᠶᠣᠰᠣᠯᠠᠯ ᠡᠷᠭᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠦᠬᠠᠶ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠬᠠᠶᠢᠷᠤᠪ ᠤᠨ ᠲᠣᠬᠤᠶ ᠲᠣᠭᠤᠷᠢᠭ ᠤᠨ ᠹᠧᠩ ᠬᠤᠸᠠᠩ ᠯᠢᠩ ᠬᠡᠷᠡᠭ ᠡᠷᠬᠢᠯᠡᠬᠦ ᠭᠠᠵᠠᠷ ᠤᠨ ᠴᠠᠩ ᠴᠢᠩ ᠨᠡᠶᠢᠭᠡᠮ ᠲᠣᠭᠤᠷᠢᠭ᠂ ᠤᠳᠠ ᠲᠣᠭᠤᠷᠢᠭ ᠤᠨ ᠰᠢᠨᠬᠤᠸᠠ ᠬᠡᠷᠡᠭ ᠡᠷᠬᠢᠯᠡᠬᠦ ᠭᠠᠵᠠᠷ ᠤᠨ ᠺᠠᠩ ᠯᠧ ᠨᠡᠶᠢᠭᠡᠮ ᠲᠣᠭᠤᠷᠢᠭ ᠪᠣᠯᠤᠨ ᠬᠠᠶᠢᠨᠠᠨ ᠲᠣᠭᠤᠷᠢᠭ ᠤᠨ ᠬᠤᠸᠠ ᠶᠤᠸᠠᠨ ᠨᠡᠶᠢᠭᠡᠮ ᠲᠣᠭᠤᠷᠢᠭ ᠵᠡᠷᠭᠡ ᠲᠠᠪᠤᠨ ᠲᠤᠷᠰᠢᠯᠲᠠ ᠶᠢᠨ ᠨᠡᠶᠢᠭᠡᠮ ᠲᠣᠭᠤᠷᠢᠭ ᠲᠤ ᠳᠠᠭᠤ ᠲᠤᠮᠤᠷᠠᠭᠤᠯᠤᠭᠴᠢ᠂ ᠮᠣᠷᠢᠨ ᠬᠤᠭᠤᠷ᠂ ᠬᠤᠶᠠᠷ ᠤᠲᠠᠰᠤᠲᠤ ᠬᠤᠭᠤᠷ᠂ ᠳᠥᠷᠪᠡᠨ ᠤᠲᠠᠰᠤᠲᠤ ᠬᠤᠭᠤᠷ᠂ ᠡᠯᠧᠺᠲᠷᠣᠨ ᠬᠥᠭᠵᠢᠮ᠂ ᠰᠠᠺᠰᠹᠤᠨ᠂ ᠤᠷᠲᠤ ᠯᠢᠮᠪᠦ᠂ ᠨᠠᠶᠢᠷᠠᠯ ᠬᠥᠭᠵᠢᠮ ᠤᠨ ᠬᠡᠩᠭᠡᠷᠭᠡ ᠪᠠ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠪᠣᠭᠴᠣ ᠵᠡᠷᠭᠡ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠪᠠᠭᠲᠠᠭᠠᠭᠰᠠᠨ 373 ᠲᠥᠬᠦᠭᠡᠷᠦᠮᠵᠢ ᠲᠠᠷᠬᠠᠭᠠᠪᠠ᠃
 
ᠢᠷᠡᠯᠲᠡ᠄ ᠦᠬᠠᠶ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号