ᠬᠤ᠋ ᠾᠧ ᠫᠢᠩ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2022/3/30
     3 ᠳ᠋ᠤᠭᠠᠷ ᠰᠠᠷ᠎ᠠ ᠶᠢᠨ 23 ᠤ ᠡᠳᠦᠷ᠂ ᠰᠣᠶᠣᠯ  ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠪᠡᠭᠡᠵᠢᠩ ᠳᠤ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠵᠠᠩ ᠮᠢᠩ ᠲᠠᠢ ᠠᠭᠤᠯᠵᠠᠵᠤ᠂ ᠱᠠᠩᠬᠠᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠰᠣᠯᠢᠯᠴᠠᠭ᠎ᠠ ᠬᠠᠮᠲᠤᠷᠠᠯᠴᠠᠭ᠎ᠠ ᠶᠢ ᠬᠥᠭᠵᠢᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ  ᠃      ᠬᠤ᠋ ᠾᠧ ᠫᠢᠩ ᠵᠠᠩ ᠮᠢᠩ ᠳᠤ ᠪᠠᠶᠠᠷ ᠬᠦᠷᠭᠡᠭᠰᠡᠨ ᠪᠥᠭᠡᠳ᠂ ᠤᠢᠢᠷ᠎ᠠ ᠶᠢᠨ ᠵᠢᠯ ᠠᠴᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠠᠵᠢᠯ ᠢᠯᠡᠳᠲᠡ ᠦᠷ᠎ᠡ ᠪᠦᠲᠦᠭᠡᠯ ᠣᠯᠵᠤ᠂ ᠤᠯᠠᠨ ᠲᠠᠯᠠᠲᠤ ᠬᠠᠮᠲᠤᠷᠠᠯᠴᠠᠭᠠᠨ ᠤ ᠰᠠᠭᠤᠷᠢ ᠲᠠᠰᠤᠷᠠᠯᠳᠠ ᠦᠭᠡᠢ ᠪᠠᠬᠢᠵᠢᠵᠦ᠂ ᠲᠦᠷᠦᠯ ᠲᠡᠮᠳᠡᠭ ᠤᠨ ᠠᠵᠢᠯᠯᠠᠭ᠎ᠠ ᠶᠢᠨ ᠲᠦᠷᠦᠯ ᠵᠦᠢᠯ ᠤᠨ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠬᠢᠨ ᠭᠠᠷ ᠬᠤᠯᠪᠣᠨ ᠬᠢᠵᠢᠭ ᠲᠠᠢ ᠲᠡᠮᠡᠴᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠠᠩᠬᠠᠳᠠᠭᠴᠢ 《 ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ  ᠤᠨ ᠣᠨ 》 ᠤᠷᠤᠭᠰᠢᠲᠠᠢ ᠬᠡᠷᠡᠭᠵᠢᠭᠦᠯᠦᠭᠳᠡᠵᠦ᠂ ᠪᠦᠷᠢᠯᠳᠦᠬᠦᠨ ᠤᠯᠤᠰ ᠤᠳ ᠤᠨ ᠠᠷᠠᠳ ᠲᠦᠮᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠬᠦᠴᠦᠲᠡᠢ ᠨᠡᠮᠡᠭᠳᠡᠭᠦᠯᠪᠡ  ᠃ ᠳᠤᠮᠳᠠᠳᠤ ᠤᠯᠤᠰ ᠳᠤᠷᠠᠲᠠᠶ᠎ᠠ ᠳᠡᠭᠡᠳᠦ ᠱᠠᠲᠤᠨ  ᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠶᠢᠨ ᠲᠠᠨᠢᠯᠲᠠ ᠪᠣᠯᠤᠨ ᠲᠡᠷᠢᠭᠦᠯᠡᠭᠴᠢ ᠰᠢ ᠶᠢᠨ ᠫᠢᠩ ᠤᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ ᠢᠷᠭᠡᠨᠰᠢᠯ ᠤᠨ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠴᠢᠬᠤᠯᠠ ᠰᠠᠨᠠᠭᠠᠴᠢᠯᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠤᠯᠠᠨ ᠲᠠᠯᠠᠲᠤ ᠬᠠᠮᠲᠤᠷᠠᠯᠴᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠷᠢᠯᠳᠦᠬᠦᠨ ᠤᠯᠤᠰ ᠤᠳ ᠤᠨ ᠬᠠᠮᠲᠤᠷᠠᠯᠴᠠᠭᠠᠨ ᠤ ᠲᠦᠷᠦᠯ ᠲᠡᠮᠳᠡᠭ ᠤᠨ ᠳᠡᠯᠡᠬᠡᠢ ᠳᠤ ᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠤᠭᠠᠴᠢᠯᠠᠯᠲᠠ ᠶᠢᠨ ᠰᠣᠶᠣᠯ ᠪᠠ ᠵᠢᠭᠤᠯᠴᠢᠯᠠᠯ ᠤᠨ ᠬᠠᠮᠲᠤᠷᠠᠯᠴᠠᠭ᠎ᠠ ᠳᠤ ᠡᠨᠧᠷᠭᠢ ᠣᠯᠭᠤᠬᠤ ᠶᠢ ᠠᠬᠢᠭᠤᠯᠵᠤ᠂ ᠬᠠᠮᠲᠤᠷᠠᠯᠴᠠᠭᠠᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠭᠠᠵᠠᠷ ᠤᠨ ᠠᠵᠢᠯ ᠢ ᠳᠡᠮᠵᠢᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠬᠠᠮᠲᠤ ᠪᠠᠷ ᠠᠬᠢᠭᠤᠯᠵᠤ᠂ ᠲᠤᠰ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠪᠦᠬᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ  ᠃      ᠵᠠᠩ ᠮᠢᠩ ᠳᠤᠮᠳᠠᠳᠤ ᠶᠢᠨ ᠲᠠᠯ᠎ᠠ ᠶᠢᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠣᠶᠣᠯ ᠪᠠ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠥᠬᠦᠷᠡᠰᠢ ᠦᠭᠡᠢ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠰᠣᠶᠣᠯ ᠤᠨ ᠰᠣᠯᠢᠯᠴᠠᠭ᠎ᠠ ᠥᠷᠨᠢᠭᠦᠯᠬᠦ᠂ ᠵᠢᠭᠤᠯᠴᠢᠯᠠᠯ ᠤᠨ ᠶᠠᠪᠤᠯᠴᠠᠭ᠎ᠠ  ᠶᠢ ᠠᠬᠢᠭᠤᠯᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠴᠢᠬᠤᠯᠠ ᠲᠠᠯ᠎ᠠ ᠪᠣᠯᠤᠨ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠡᠯᠪᠡᠭ ᠪᠠᠶᠠᠯᠢᠭ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠵᠢᠴᠢ ᠰᠠᠶᠢᠨ ᠰᠠᠶᠢᠬᠠᠨ ᠰᠣᠶᠣᠯ ᠢᠷᠭᠡᠨᠰᠢᠯ ᠤᠨ ᠶᠠᠪᠤᠯᠴᠠᠭᠠᠨ ᠤ ᠰᠠᠭᠤᠷᠢ ᠲᠠᠢ᠂ ᠢᠷᠡᠭᠡᠳᠦᠢ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ  ᠲᠠᠢ ᠶᠤᠮ  ᠃ ᠱᠠᠩᠬᠠᠶ ᠶᠢᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠭᠠᠵᠠᠷ᠂ ᠳᠤᠮᠳᠠᠳᠤ ᠤᠯᠤᠰ ᠪᠣᠯᠤᠨ ᠪᠤᠰᠤᠳ ᠡᠯ᠎ᠡ ᠪᠦᠷᠢᠯᠳᠦᠭᠦᠨ ᠤᠯᠤᠰ ᠲᠠᠢ ᠬᠠᠮᠵᠢᠯᠴᠠᠭ᠎ᠠ ᠪᠠᠨ  ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠬᠠᠮᠵᠢᠯᠴᠠᠭ᠎ᠠ᠂ ᠱᠠᠩᠬᠠᠶ ᠶᠢᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠳᠤ ᠨᠡᠩ ᠶᠡᠭᠡ ᠦᠶᠯᠡᠳᠦᠯ ᠦᠵᠡᠭᠦᠯᠵᠦ᠂ ᠨᠡᠩ ᠣᠯᠠᠨ ᠠᠷᠠᠳ ᠲᠦᠮᠡᠨ ᠳᠤ ᠠᠰᠢᠭ ᠬᠦᠷᠲᠡᠭᠡᠬᠦ ᠶᠢ ᠬᠦᠰᠡᠨ᠎ᠡ ᠭᠡᠵᠦ ᠴᠢᠬᠤᠯᠠᠴᠢᠯᠠᠪᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号