ᠰᠣᠶᠣᠯ ᠪᠠ ᠵᠢᠭᠤᠯᠴᠢᠯᠠᠯ ᠤᠨ ᠶᠠᠮᠤᠨ ᠴᠢᠳᠠᠪᠤᠷᠢᠲᠠᠨ ᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/7
    2 ᠳ᠋ᠤᠭᠠᠷ ᠰᠠᠷ᠎ᠠ ᠶᠢᠨ 22 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠴᠢᠳᠠᠪᠤᠷᠢᠲᠠᠨ ᠤ ᠠᠵᠢᠯ  ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠲᠤᠬᠠᠶ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ  ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠠᠭᠠᠨ ᠤ ᠣᠷᠳᠣᠨ ᠤ ᠮᠦᠽᠧᠶ ᠶᠢᠨ ᠳᠠᠷᠤᠭ᠎ᠠ ᠸᠠᠩ ᠰᠢᠤᠢ ᠳ᠋ᠦᠩ ᠬᠤᠷᠠᠯ ᠳᠤ ᠣᠷᠣᠯᠴᠠᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠯᠦ ᠶᠢᠩ ᠴᠤᠸᠠᠨ ᠬᠤᠷᠠᠯ ᠢ ᠡᠷᠭᠢᠯᠡᠪᠡ  ᠃      ᠬᠤ᠋ ᠾᠧ ᠫᠢᠩ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠴᠢᠳᠠᠪᠤᠷᠢᠲᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠴᠢᠳᠠᠪᠤᠷᠢᠲᠠᠨ ᠤ ᠠᠵᠢᠯ ᠤᠨ ᠲᠤᠬᠠᠶ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠰᠣᠶᠣᠯ ᠪᠠ ᠵᠢᠭᠤᠯᠴᠢᠯᠠᠯ ᠤᠨ ᠰᠢᠰᠲ᠋ᠧᠮ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ ᠠᠴᠠ ︽ᠬᠤᠶᠠᠷ ᠢ ᠬᠠᠮᠠᠭᠠᠯᠠᠬᠤ︾ ᠦᠨᠳᠦᠷᠴᠡ ᠳᠤ ᠬᠦᠷᠴᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶ ᠡᠵᠡᠮᠰᠢᠵᠦ᠂ ᠴᠢᠳᠠᠪᠤᠷᠢᠲᠠᠨ ᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠡᠭᠦᠷᠭᠡ ᠬᠠᠷᠢᠭᠤᠴᠠᠯᠭ᠎ᠠ᠂ ᠰᠢᠨᠵᠢᠯᠡᠬᠦ ᠤᠬᠠᠭᠠᠨᠴᠢ ᠠᠷᠭ᠎ᠠ ᠢ ᠭᠦᠨᠵᠡᠭᠡᠶ ᠡᠵᠡᠮᠰᠢᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ︽ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ᠵᠡᠷᠭᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠦᠷᠢᠵᠢᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢ ᠶᠡᠬᠡᠪᠡᠷ ᠬᠦᠮᠦᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠳᠤ ᠢᠳᠡᠪᠬᠢᠲᠡᠶ ᠪᠠᠷ ᠠᠵᠢᠯ ᠬᠢᠵᠦ ᠦᠶᠯᠡᠰ ᠴᠣᠭᠴᠠᠯᠠᠬᠤ᠂ ᠰᠢᠨ᠎ᠡ ᠶᠢ ᠡᠭᠦᠳᠦᠨ ᠪᠦᠲᠦᠭᠡᠬᠦ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠥᠷᠭᠡᠨ ᠠᠭᠤᠳᠠᠮ ᠲᠠᠪᠴᠠᠩ ᠢ ᠴᠤᠭᠴᠠᠯᠠᠨ ᠦᠭᠴᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠴᠢᠳᠠᠪᠤᠷᠢᠲᠠᠨ ᠢᠶᠠᠷ ᠤᠯᠤᠰ  ᠢᠶᠠᠨ ᠬᠦᠴᠦᠷᠬᠡᠭᠵᠢᠭᠦᠯᠬᠦ ᠳᠤᠮᠳᠠ ᠨᠠᠩ ᠴᠢᠩᠭ᠎ᠠ ᠡᠭᠦᠷᠭᠡᠯᠡᠯ ᠡᠭᠦᠷᠭᠡᠯᠡᠵᠦ᠂ ᠨᠠᠩ ᠶᠡᠭᠡ ᠦᠶᠯᠡᠳᠦᠯ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃      ᠬᠤ᠋ ᠾᠧ ᠫᠢᠩ ᠴᠢᠬᠤᠯᠠᠴᠢᠯᠠᠭᠰᠠᠨ ᠨᠢ᠂ ᠴᠢᠳᠠᠪᠤᠷᠢᠲᠠᠨ ᠢᠶᠠᠷ ᠬᠦᠳᠦᠯᠥᠨ ᠳᠠᠭᠠᠭᠤᠯᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠡᠷᠡᠳᠤ ᠡᠷᠳᠡᠮᠲᠡᠨ ᠶᠡᠭᠡ ᠪᠠᠭᠰᠢ ᠪᠣᠯᠤᠨ ᠭᠠᠷᠮᠠᠭᠠᠢ ᠣᠷᠣᠶᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠡᠯ᠎ᠡ ᠵᠦᠢᠯ ᠤᠨ ᠴᠢᠳᠠᠪᠤᠷᠢᠲᠠᠨ ᠤ ᠢᠨᠵᠧᠨᠧᠷᠢᠩ ᠢ ᠰᠠᠶᠢᠲᠤᠷ ᠠᠳᠬᠤᠵᠤ᠂ ᠴᠢᠳᠠᠪᠤᠷᠢᠲᠠᠨ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠰᠢᠯᠢᠨ ᠳᠡᠪᠰᠢᠭᠦᠯᠬᠦ ᠴᠢᠭᠯᠡᠯ ᠪᠣᠯᠤᠨ ᠪᠠᠷᠢᠮᠵᠢᠶ᠎ᠠ ᠶᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠴᠢᠳᠠᠪᠤᠷᠢᠲᠠᠨ ᠤᠷᠢᠬᠤ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠬᠦ ᠬᠡᠷᠡᠭᠲᠡᠢ᠃ ᠰᠢᠯᠢᠳᠡᠭ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠯᠠᠭᠤ ᠭᠤᠣᠯᠯᠠᠭᠴᠢ ᠴᠢᠳᠠᠪᠤᠷᠢᠲᠠᠨ ᠤ ᠢᠨᠵᠧᠨᠧᠷᠢᠩ ᠤᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠰᠢᠯᠢᠳᠡᠭ ᠵᠠᠯᠠᠭᠤ ᠴᠢᠳᠠᠪᠤᠷᠢᠲᠠᠨ ᠤ ᠦᠰᠦᠨ ᠪᠣᠶᠢᠵᠢᠯᠲᠠ ᠶᠢ ᠬᠠᠯᠠᠮᠵᠢᠯᠠᠨ ᠬᠠᠪᠰᠤᠷᠴᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠰᠢ ᠦᠭᠡᠢ ᠠᠮᠢᠵᠢᠷᠠᠯ  ᠤᠨ ᠬᠦᠴᠦᠨ ᠢ ᠬᠦᠷᠭᠡᠬᠦ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ ᠂ ᠲᠦᠷᠦᠯ ᠬᠤᠪᠢᠶᠠᠨ ᠠᠬᠢᠭᠤᠯᠬᠤ ᠶᠢ ᠴᠢᠬᠤᠯᠠᠴᠢᠯᠠᠨ᠂ ᠭᠤᠣᠯᠳᠠᠯᠭ᠎ᠠ ᠲᠠᠢ ᠬᠦᠷᠢᠶᠡᠨ ᠳᠤ ᠬᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠣᠯᠭᠤᠷᠠᠭᠤᠯᠤᠨ᠂ ᠠᠳᠠᠯᠢ ᠪᠤᠰᠤ ᠲᠤᠰᠬᠠᠢ ᠮᠡᠷᠭᠡᠵᠢᠯ ᠤᠨ ᠳᠠᠪᠠᠭᠤᠯᠢᠭ᠂ ᠠᠳᠠᠯᠢ ᠪᠤᠰᠤ ᠠᠵᠢᠯ ᠮᠡᠷᠭᠡᠵᠢᠯ ᠤᠨ ᠠᠵᠢᠯ ᠤᠨ ᠪᠠᠶᠢᠷᠢ ᠶᠢᠨ ᠴᠢᠳᠠᠪᠤᠷᠢᠲᠠᠨ ᠢ ᠲᠤᠰ ᠲᠤᠰ ᠤᠨ ᠬᠢ ᠨᠢ ᠣᠷᠣᠨ ᠪᠠᠶᠢᠷᠢ᠂ ᠲᠤᠰ ᠲᠤᠰ ᠤᠨ ᠬᠢ ᠨᠢ ᠳᠠᠪᠠᠭᠤᠯᠢᠭ ᠢ ᠪᠠᠳᠠᠷᠠᠭᠤᠯᠬᠤ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠲᠠᠬᠤ ᠬᠦᠴᠦᠨ ᠦᠷᠢᠰᠦᠯᠳᠦᠬᠦ ᠬᠦᠴᠦᠨ ᠪᠦᠬᠦᠢ ᠴᠢᠳᠠᠪᠤᠷᠢᠲᠠᠨ ᠤ ᠳᠦᠷᠢᠮ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ᠂ ᠣᠷᠣᠭᠤᠯᠤᠨ ᠠᠪᠴᠢᠷᠠᠬᠤ ᠲᠣᠭᠲᠠᠴᠠ᠂ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ ᠡᠬᠡ ᠤᠯᠤᠰ ᠤᠨ ᠢᠶᠠᠨ ᠲᠥᠯᠥᠭᠡ ᠵᠢᠳᠬᠦᠬᠦ ᠰᠡᠳᠬᠢᠯᠭᠡ᠂ ᠲᠡᠮᠡᠴᠡᠯ ᠤᠨ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠦᠨᠡᠨ ᠬᠦ ᠬᠥᠭᠵᠢᠭᠡᠬᠦ ᠬᠡᠷᠡᠭᠲᠡᠢ᠃ ᠢᠮᠠᠭᠲᠠ ᠨᠠᠮ ᠤᠨ ᠴᠢᠳᠠᠪᠤᠷᠢᠲᠠᠨ ᠤ ᠠᠵᠢᠯ ᠳᠤ  ᠬᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠴᠢᠳᠠᠪᠤᠷᠢᠲᠠᠨ ᠤ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠶᠠᠮᠤᠨ ᠤ ᠴᠢᠳᠠᠪᠤᠷᠢᠲᠠᠨ ᠤ ᠠᠵᠢᠯ  ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠴᠢᠳᠠᠪᠤᠷᠢᠲᠠᠨ ᠤ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠴᠢᠳᠠᠪᠤᠷᠢᠲᠠᠨ  ᠤ ᠠᠵᠢᠯ ᠤᠨ ᠲᠤᠬᠠᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ  ᠶᠢ ᠪᠠᠲᠤᠯᠠᠬᠤ ᠬᠡᠷᠡᠭᠲᠡᠢ᠃      ᠶᠠᠷᠢᠯᠴᠠᠬᠤ ᠬᠤᠷᠠᠯ ᠳᠡᠭᠡᠷ᠎ᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ᠂ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ᠂ ᠬᠠᠭᠠᠨ ᠤ ᠣᠷᠳᠣᠨ ᠤ ᠮᠦᠽᠧᠶ᠂ ᠳᠤᠮᠳᠠᠳᠤ ᠤᠯᠤᠰ ᠤᠨ ᠮᠦᠽᠧᠶ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠭᠤᠤᠯ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠲᠣᠰ ᠬᠦᠷᠢᠶ᠎ᠡ ᠴᠠᠷᠠᠭ᠎ᠠ᠂ ᠲᠣᠰ ᠨᠢᠭᠡᠴᠢ ᠶᠢᠨ ᠴᠢᠳᠠᠪᠤᠷᠢᠲᠠᠨ ᠤ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ ︽︿ᠠᠷᠪᠠᠨ ᠳᠥᠷᠪᠡᠳᠦᠭᠡᠷ ᠲᠠᠪᠤᠨ ᠵᠢᠯ ﹀ ᠤᠨ ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ︵ᠰᠠᠨᠠᠯ ᠬᠤᠷᠢᠶᠠᠬᠤ ᠨᠣᠤᠷᠠᠭ︶︾ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠡᠯ᠎ᠡ ᠵᠤᠷᠭᠠᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠨᠠᠮ ᠵᠠᠰᠠᠭ  ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号