ᠰᠣᠶᠣᠯ ᠪᠠ ᠵᠢᠭᠤᠯᠴᠢᠯᠠᠯ ᠤᠨ ᠶᠠᠮᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠭᠤᠳᠠᠯ  ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/9
      2  ᠳ᠋ᠤᠭᠠᠷ ᠰᠠᠷ᠎ᠠ ᠶᠢᠨ 28 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠭᠤᠳᠠᠯ ᠤᠨ ᠬᠤᠷᠠᠯ ᠪᠡᠭᠡᠵᠢᠩ ᠳᠤ ᠬᠤᠷᠠᠯᠳᠤᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ  ᠢᠶᠠᠨ ᠮᠡᠳᠡᠭᠳᠡᠵᠦ᠂ ᠲᠥᠯᠥᠭᠡᠯᠡᠭᠴᠢᠳ  ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠯᠢ ᠴᠢᠶᠦ᠋ᠨ 2021 ᠣᠨ ᠤ ᠠᠵᠢᠯ ᠤᠨ ᠪᠠᠶᠢᠳᠠᠯ ᠪᠠ 2022 ᠣᠨ ᠤ ᠠᠵᠢᠯ ᠤᠨ ᠰᠡᠳᠬᠢᠮᠵᠢ᠂ ᠭᠤᠤᠯ ᠡᠭᠦᠷᠭᠡ ᠶᠢ ᠲᠠᠨᠢᠯᠴᠠᠭᠤᠯᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠯᠦ ᠢᠩ ᠴᠤᠸᠠᠨ ᠬᠤᠷᠠᠯ ᠢ ᠡᠷᠭᠢᠯᠡᠵᠦ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠷᠤᠤ ᠴᠢᠤᠸᠠᠨ ᠬᠤᠷᠠᠯ ᠳᠤ ᠣᠷᠣᠯᠴᠠᠪᠠ  ᠃      ᠬᠠᠭᠠᠨ ᠤ ᠣᠷᠳᠣᠨ ᠤ ᠮᠦᠽᠧᠶ ᠶᠢᠨ ᠯᠢᠦᠶ ᠴᠧᠩ ᠯᠦᠩ ᠭᠡᠰᠢᠭᠦᠨ᠂ ᠳᠤᠮᠳᠠᠳᠤ ᠤᠯᠤᠰ ᠤᠨ ᠤᠯᠤᠰ ᠤᠨ ᠮᠦᠽᠧᠶ ᠶᠢᠨ ᠭᠧᠩ ᠳ᠋ᠦᠩ ᠱᠧᠩ ᠭᠡᠰᠢᠭᠦᠨ᠂ ᠲᠡᠦᠬᠡ ᠶᠢᠨ ᠳᠤᠷᠠᠰᠬᠠᠯᠲᠤ ᠵᠦᠶᠯ ᠤᠨ ᠬᠡᠪᠯᠡᠯ ᠤᠨ ᠬᠤᠷᠢᠶᠠᠨ ᠤ ᠵᠠᠩ ᠽᠢ ᠴᠧᠩ ᠭᠡᠰᠢᠭᠦᠨ᠂ ᠳᠤᠮᠳᠠᠳᠤ ᠤᠯᠤᠰ ᠤᠨ ᠨᠠᠶᠢᠷᠠᠯ ᠬᠥᠭᠵᠢᠮ ᠤᠨ ᠪᠦᠯᠬᠦᠮ ᠤᠨ ᠭᠤᠸᠠᠨ ᠰᠢᠶᠠ ᠭᠡᠰᠢᠭᠦᠨ᠂ ᠳᠤᠮᠳᠠᠳᠤ ᠤᠯᠤᠰ ᠤᠨ ᠳᠠᠭᠤᠷᠢ ᠪᠥᠵᠢᠭ ᠵᠦᠴᠦᠭᠡ ᠶᠢᠨ ᠬᠦᠷᠢᠶᠡᠯᠡᠩ ᠤᠨ ᠰᠢᠤᠢ ᠯᠢ ᠴᠢᠶᠣᠤ ᠭᠡᠰᠢᠭᠦᠨ᠂ ᠲᠥᠪ ᠤᠨ ᠳᠠᠭᠤᠷᠢ ᠶᠢᠨ ᠬᠦᠷᠢᠶᠡᠯᠡᠩ ᠤᠨ ᠯᠢᠦ ᠶᠦᠨ ᡁᠢ ᠲᠥᠯᠥᠭᠡᠯᠡᠭᠴᠢ ᠲᠣᠰ ᠲᠣᠰ ᠦᠭᠡ ᠬᠡᠯᠡᠵᠦ᠂ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠬᠦ᠂  ᠰᠤᠶᠤᠯ ᠮᠦᠽᠧᠶ᠂ ᠤᠳᠬ᠎ᠠ ᠤᠷᠠᠯᠢᠭ ᠤᠨ ᠴᠢᠳᠠᠪᠤᠷᠢᠲᠠᠨ ᠤ ᠬᠦᠮᠦᠵᠢᠯ  ᠢ ᠴᠢᠩᠭᠠᠳᠬᠠᠬᠤ᠂ ᠲᠡᠦᠬᠡ ᠶᠢᠨ ᠳᠤᠷᠠᠰᠬᠠᠯᠲᠤ ᠵᠦᠶᠯ᠂ ᠮᠦᠽᠧᠶ ᠶᠢᠨ ᠠᠵᠢᠯ ᠢ ᠰᠠᠶᠢᠲᠤᠷ ᠬᠢᠬᠦ ᠵᠡᠷᠭᠡ ᠣᠯᠠᠨ ᠵᠦᠶᠯ ᠤᠨ ᠰᠠᠨᠠᠯ ᠰᠠᠨᠠᠭᠤᠯᠭ᠎ᠠ ᠶᠢ ᠳᠤᠷᠠᠳᠪᠠ  ᠃     ᠲᠥᠯᠥᠭᠡᠯᠡᠭᠴᠢᠳ᠂ ᠭᠡᠰᠢᠭᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠬᠤ᠋ ᠾᠧ ᠫᠢᠩ᠂ ᠵᠢᠯ ᠳᠤ ᠨᠢᠭᠡ ᠤᠳᠠᠭ᠎ᠠ ᠶᠠᠪᠤᠭᠳᠠᠳᠠᠭ ᠪᠦᠬᠦ ᠤᠯᠤᠰ ᠤᠨ ᠬᠤᠶᠠᠷ ᠬᠤᠷᠠᠯ ᠪᠣᠯ ᠮᠠᠨ ᠤ ᠤᠯᠤᠰ ᠤᠨ ᠤᠯᠤᠰ ᠲᠥᠷᠥ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠮᠥᠨ᠃ 2022 ᠣᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠴᠢᠬᠤᠯᠠ ᠨᠢᠭᠡ ᠵᠢᠯ ᠪᠣᠯᠤᠨ᠎ᠠ᠂ ᠮᠠᠨ ᠤ ᠨᠠᠮ ᠬᠤᠷᠢᠳᠤᠭᠠᠷ ᠤᠳᠠᠭ᠎ᠠ  ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠃ ᠲᠣᠰ ᠬᠤᠭᠤᠴᠠᠭᠠᠨ ᠤ ᠪᠥᠬᠦ ᠤᠯᠤᠰ ᠤᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠣᠨᠴᠠᠭᠠᠶ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠲᠥᠪ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ  ᠤᠨ ᠡᠯ᠎ᠡ ᠡᠲᠡᠭᠡᠳ᠂ ᠳᠡᠯᠡᠬᠡᠶ ᠨᠡᠶᠢᠲᠡ ᠪᠠᠷ ᠢᠶᠠᠨ ᠥᠷᠭᠡᠨ ᠢᠶᠠᠷ ᠠᠩᠬᠠᠷᠴᠤ ᠪᠠᠶᠢᠨ᠎ᠠ  ᠃ ᠲᠥᠯᠥᠭᠡᠯᠡᠭᠴᠢᠳ᠂ ᠭᠡᠰᠢᠭᠦᠳ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠮᠠᠨ ᠤ ᠤᠯᠤᠰ ᠤᠨ ᠤᠯᠤᠰ ᠲᠦᠷᠦ  ᠶᠢᠨ ᠪᠠᠶᠢᠭᠤᠯᠤᠯ ᠢ ᠦᠨᠡᠨ ᠬᠦ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ  ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ 《  ᠲᠥᠷᠥ ᠬᠦᠷᠦᠨ  ᠤ ᠶᠡᠭᠡ ᠶᠠᠪᠤᠳᠠᠯ 》 ᠢ  ᠡᠪᠤᠷᠯᠡᠵᠦ᠂ 《 ᠲᠦᠷᠪᠡᠨ ᠤᠬᠠᠮᠰᠠᠷ 》  ᠢᠶᠠᠨ ᠴᠢᠩᠭᠠᠳᠬᠠᠵᠤ᠂ 《 ᠲᠦᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ 《 ᠬᠤᠶᠠᠷ ᠢ ᠲᠣᠭᠲᠠᠭᠠᠬᠤ 》 ᠶᠢ ᠬᠦᠷᠢᠶᠡᠯᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ  ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠴᠠᠭ ᠦᠶ᠎ᠡ ᠶᠢᠨ ᠪᠠᠶᠢᠳᠠᠯ ᠢ ᠡᠵᠡᠮᠳᠡᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠤ ᠰᠡᠳᠬᠢᠯ ᠤᠨ ᠲᠠᠭᠤᠨ ᠢ ᠲᠤᠰᠬᠠᠵᠤ᠂ ᠨᠡᠩ ᠤᠯᠠᠨ ᠦᠨ᠎ᠡ ᠦᠷᠳᠡᠭ ᠢᠶᠠᠷ ᠥᠨᠳᠥᠷ  ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠴᠤ᠂ ᠨᠠᠮ ᠪᠣᠯᠤᠨ ᠤᠯᠤᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ  ᠃ ᠠᠵᠢᠯ ᠲᠥᠷᠥᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ᠂ 《 ᠠᠷᠪᠠᠨ ᠳᠥᠷᠪᠡᠳᠦᠭᠡᠷ ᠲᠠᠪᠤᠨ ᠵᠢᠯ 》 ᠴᠢᠨᠠᠭᠰᠢᠯᠠᠪᠠᠯ ᠨᠠᠩ ᠣᠷᠳᠣ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠦᠭᠡ ᠬᠡᠯᠡᠵᠦ᠂ ᠰᠠᠶᠢᠨ ᠠᠷᠭ᠎ᠠ ᠰᠦᠪᠡᠭᠴᠢᠯᠡᠨ᠂ ᠪᠣᠳᠠᠲᠠᠶ ᠠᠷᠭ᠎ᠠ ᠭᠠᠷᠭᠠᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ  ᠃ ᠬᠤᠷᠠᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠭᠤᠣᠯ ᠤᠶᠤᠨ ᠴᠢᠳᠠᠯ ᠢᠶᠠᠨ ᠬᠤᠷᠠᠯ ᠳᠡᠭᠡᠷ᠎ᠡ ᠲᠥᠪᠯᠡᠷᠡᠭᠦᠯᠵᠦ᠂ ᠨᠠᠷᠢᠨ ᠬᠢᠨᠠᠮᠠᠭᠠᠢ ᠪᠡᠯᠡᠳᠬᠡᠨ᠂ ᠡᠯ᠎ᠡ ᠵᠦᠢᠯ ᠤᠨ ᠵᠥᠪᠯᠡᠬᠦ ᠵᠦᠢᠯ ᠳᠤ ᠢᠳᠡᠪᠬᠢᠲᠡᠢ ᠣᠷᠣᠯᠴᠠᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ  ᠳᠤ ᠬᠢ ᠲᠥᠯᠥᠭᠡᠯᠡᠭᠴᠢᠳ᠂ ᠭᠡᠰᠢᠭᠦᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠰᠣᠶᠣᠯ ᠪᠠ ᠵᠢᠭᠤᠯᠴᠢᠯᠠᠯ ᠤᠨ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠪᠡᠭᠡᠵᠢᠩ ᠳᠤ ᠪᠠᠶᠢᠭ᠎ᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠵᠤᠷᠭᠠᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号