ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ | ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠵᠦᠭᠯᠡᠭᠦᠷ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠪᠣᠶᠢᠵᠢᠭᠤᠯᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠤᠪᠢ ᠲᠣᠭᠲᠠᠭᠠᠬᠤ ᠨᠠᠷᠢᠨ | ᠳᠦᠷᠢᠮ︾ ᠢ ᠲᠤᠭᠤᠷᠪᠢᠪᠠ᠃ ᠤᠳᠤ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠲᠠᠶᠢᠯᠪᠤᠷᠢᠯᠠᠶ᠎ᠠ᠄ | ᠨᠢᠭᠡ᠂ ᠶᠠᠭᠤᠨ ᠳᠤ ︽ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠵᠢᠴᠢ ︽ᠬᠤᠪᠢ ᠲᠣᠭᠲᠠᠭᠠᠬᠤ | ᠨᠠᠷᠢᠨ ᠳᠦᠷᠢᠮ︾ ᠢ ᠲᠣᠭᠲᠠᠭᠠᠬᠤ ᠬᠡᠷᠡᠭᠲᠡᠶ ᠪᠤᠶ︖ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯ ᠰᠣᠶᠣᠯ ᠤᠨ ᠠᠵᠤ ᠦᠢᠯᠡᠰ ᠢ | ᠬᠥᠭᠵᠢᠭᠦᠯᠬᠦ ᠴᠢᠬᠤᠯᠠ ᠭᠠᠷᠳᠠᠴᠠ ᠪᠣᠯᠬᠤ ᠪᠥᠭᠡᠳ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ | ᠢᠯᠡᠷᠡᠭᠦᠯᠬᠦ ᠴᠢᠬᠤᠯᠠ ᠴᠤᠩᠬᠤᠪᠴᠢ ᠪᠣᠯᠤᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠡᠶᠢᠲᠡᠯᠡᠭᠰᠡᠨ ᠬᠤᠶᠠᠷ | ᠪᠦᠯᠦᠭ ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ ᠨᠡᠷᠡᠰ ᠤᠨ ᠳᠣᠲᠣᠷ᠎ᠠ᠂ ᠮᠠᠨ ᠤ ᠣᠷᠣᠨ ᠤ ᠬᠦᠷᠢᠶᠡᠯᠡᠩ ᠲᠣᠭᠤᠷᠢᠭ ᠬᠠᠷᠠᠬᠠᠨ | ᠰᠣᠩᠭᠤᠭᠳᠠᠭᠠᠳᠤᠶ᠃ ᠡᠮᠦᠨᠡᠬᠢ ᠬᠤᠭᠤᠴᠠᠭᠠᠨ ᠤ ᠬᠠᠮᠢᠶ᠎ᠠ ᠪᠦᠬᠦᠢ ᠰᠣᠶᠣᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠭᠰᠡᠨ ᠢ ᠦᠨᠳᠦᠰᠦᠯᠡᠪᠡᠯ᠂ ᠤᠯᠤᠰ ᠤᠨ ᠳᠣᠲᠣᠭᠠᠳᠤ ᠶᠢᠨ ᠡᠭᠦᠳᠦᠨ | ᠪᠠᠶᠢᠭᠤᠯᠬᠤ ᠬᠢᠷᠢ ᠬᠡᠮ ᠣᠯᠤᠭᠰᠠᠨ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠯᠤᠭ᠎ᠠ ᠬᠠᠷᠢᠴᠠᠭᠤᠯᠪᠠᠯ᠂ ᠮᠠᠨ ᠤ ᠣᠷᠣᠨ ᠤ ᠰᠣᠶᠣᠯ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠪᠠᠭ᠎ᠠ ᠪᠤᠰᠤ ᠵᠥᠷᠢᠶ᠎ᠡ ᠣᠷᠣᠰᠢᠵᠤ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠲᠥᠯᠥᠪᠵᠢᠭᠦᠯᠭᠡ︾ ᠶᠣᠰᠣᠭᠠᠷ᠂ ᠮᠠᠨ ᠤ ᠣᠷᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠡᠭᠦᠳᠦᠨ ᠪᠠᠶᠢᠭᠤᠯᠬᠤ ᠶᠢ ᠬᠦᠴᠦᠯᠡᠨ ᠠᠬᠢᠭᠤᠯᠬᠤ ᠶᠢᠨ ᠬᠠᠮᠲᠤ ᠨᠢᠭᠡ ᠪᠦᠯᠦᠭ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠢ | ᠰᠢᠯᠭᠠᠷᠠᠭᠤᠯᠤᠨ ᠰᠣᠩᠭᠤᠨ᠎ᠠ᠃ ᠰᠢᠯᠭᠠᠷᠠᠭᠤᠯᠤᠯᠲᠠ ᠶᠢ ᠵᠢᠷᠤᠮᠵᠢᠭᠤᠨ᠂ ᠲᠥᠪ ᠭᠤᠤᠯᠴᠢ ᠪᠣᠯᠭᠠᠬᠤ ᠶᠢᠨ ᠲᠥᠯᠥᠭᠡ | ᠂ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾᠂ ︽ᠬᠤᠪᠢ ᠲᠣᠭᠲᠠᠭᠠᠬᠤ ᠨᠠᠷᠢᠨ ᠲᠦᠷᠢᠮ︾ ᠢ ᠲᠣᠭᠲᠠᠭᠠᠬᠤ | ᠨᠢ ᠮᠠᠰᠢ ᠴᠢᠬᠤᠯᠠ ᠶᠤᠮ ᠃ | ᠬᠤᠶᠠᠷ᠂ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ᠵᠢᠴᠢ ︽ᠬᠤᠪᠢ ᠲᠣᠭᠲᠠᠭᠠᠬᠤ ᠨᠠᠷᠢᠨ ᠲᠦᠷᠢᠮ | ︾ ᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠨᠢ ᠶᠠᠭᠤ ᠪᠣᠶ︖ | ︽ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠣᠶᠣᠯ ᠤᠨ ᠶᠠᠮᠤᠨ ᠤ ᠠᠯᠪᠠᠨ | ᠲᠢᠩᠬᠢᠮ ᠤᠨ ᠮᠡᠳᠡᠭᠳᠡᠯ︾ ︵ᠠᠯᠪᠠᠨ ᠦᠶᠯᠡᠳᠪᠦᠷᠢᠯᠡᠯ ᠵᠠᠬᠢᠳᠠᠯ ﹇2016﹈ 320 ᠳ᠋ᠤᠭᠠᠷ ᠲᠣᠭᠠᠲᠤ︶᠂ ︽︿ | ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠰᠣᠶᠣᠯ ᠤᠨ | ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠦᠶᠯᠡᠳᠪᠦᠷᠢᠯᠡᠯ ᠲᠠᠷᠬᠠᠭᠠᠭᠰᠠᠨ ﹇2010﹈ 19 | ᠳ᠋ᠦ᠋ᠭᠡᠷ ᠲᠣᠭᠠᠲᠤ︶᠂ ︽︿ᠤᠯᠤᠰ ᠤᠨ ᠲᠠᠰ ᠤᠨ ᠰᠣᠶᠣᠯ ᠤᠨ ᠠᠵᠤ ᠦᠶᠯᠡᠰ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ ᠰᠢᠯᠭᠠᠨ ᠠᠪᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠶᠢ | ᠳᠠᠷᠤᠮᠠᠯᠯᠠᠨ ᠲᠠᠷᠬᠠᠭᠠᠬᠤ ᠲᠤᠬᠠᠶ ᠰᠣᠶᠣᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ | ᠦᠶᠯᠡᠳᠪᠦᠷᠢᠯᠡᠯ ᠵᠠᠬᠢᠳᠠᠯ ﹇2018﹈ 60 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠣᠷᠣᠨ ᠤ ᠰᠣᠶᠣᠯ | ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠵᠤ ︽ᠪᠥᠲᠥᠭᠡᠨ | ᠪᠠᠶᠢᠭᠤᠯᠤᠯᠲᠠ ᠶᠢᠨ ᠵᠦᠭᠯᠡᠭᠦᠷ︾ ᠵᠢᠴᠢ ︽ᠬᠤᠪᠢ ᠲᠣᠭᠲᠠᠭᠠᠬᠤ ᠨᠠᠷᠢᠨ ᠲᠦᠷᠢᠮ︾ ᠢ ᠨᠠᠶᠢᠷᠠᠭᠤᠯᠤᠨ ᠵᠤᠬᠢᠶᠠᠪᠠ᠃ | | ᠭᠤᠷᠪᠠ᠂ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ᠵᠢᠴᠢ ︽ᠬᠤᠪᠢ ᠲᠣᠭᠲᠠᠭᠠᠬᠤ ᠨᠠᠷᠢᠨ ᠲᠦᠷᠢᠮ | ︾ ᠢ ᠶᠠᠮᠠᠷ ᠵᠢᠷᠤᠮ ᠢᠶᠠᠷ ᠳᠡᠮᠵᠢᠨ ᠲᠣᠭᠲᠠᠭᠠᠭᠰᠠᠨ ᠪᠣᠶ︖ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠣᠶᠣᠯ ᠪᠠ ᠵᠢᠭᠤᠯᠴᠢᠯᠠᠯ ᠤᠨ | ᠶᠠᠮᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠣᠳᠠᠲᠠᠶ ᠲᠠᠢ | ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠬᠤᠪᠢ ᠲᠣᠭᠲᠠᠭᠠᠬᠤ ᠨᠠᠷᠢᠨ ᠳᠦᠷᠢᠮ︾ ᠢ ᠲᠤᠭᠤᠷᠪᠢᠭᠰᠠᠨ ᠪᠦᠭᠡᠳ | 2021 ᠣᠨ ᠤ 10 ᠳ᠋ᠤᠭᠠᠷ ᠰᠠᠷ᠎ᠠ ᠶᠢᠨ 27 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠤ ᠰᠦᠯᠵᠢᠶᠡᠨ ᠳᠡᠭᠡᠷ᠎ᠡ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠂ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ | ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠯ᠎ᠡ | ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ | ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠵᠠᠬᠢᠳᠠᠯ ᠶᠠᠪᠤᠭᠤᠯᠵᠤ ᠰᠠᠨᠠᠯ ᠬᠤᠷᠢᠶᠠᠪᠠ᠃ 11 ᠳ᠋ᠣᠭᠡᠷ ᠰᠠᠷ᠎ᠠ | ᠶᠢᠨ 23 ᠤ ᠡᠳᠦᠷ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾᠂ ︽ᠬᠤᠪᠢ ᠲᠣᠭᠲᠠᠭᠠᠬᠤ ᠨᠠᠷᠢᠨ ᠲᠦᠷᠢᠮ︾ | ᠢ ᠨᠠᠶᠢᠷᠠᠭᠤᠯᠤᠨ ᠵᠣᠬᠢᠶᠠᠬᠤ ᠲᠤᠬᠠᠶ ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠳᠤ | ᠴᠢᠭᠯᠡᠭᠦᠯᠦᠨ ᠰᠠᠨᠠᠯ ᠬᠤᠷᠢᠶᠠᠪᠠ᠃ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ᠵᠢᠴᠢ | ︽ᠬᠤᠪᠢ ᠲᠣᠭᠲᠠᠭᠠᠬᠤ ᠨᠠᠷᠢᠨ ᠲᠦᠷᠢᠮ︾ ᠳᠤ ᠵᠣᠬᠢᠬᠤ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠶᠯᠡᠰ ᠤᠨ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ︵ᠬᠢᠨᠠᠭᠤᠯᠬᠤ ᠨᠣᠤᠷᠠᠭ︶᠂ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠶᠯᠡᠰ ᠤᠨ | ᠬᠦᠷᠢᠶᠡᠯᠡᠩ ᠲᠣᠭᠤᠷᠢᠭ ᠤᠨ ᠬᠤᠪᠢ ᠲᠣᠭᠲᠠᠭᠠᠬᠤ ᠨᠠᠷᠢᠨ ᠲᠦᠷᠢᠮ︾ ︵ᠬᠢᠨᠠᠭᠤᠯᠬᠤ ᠨᠣᠤᠷᠠᠭ︶ ᠢ | ᠪᠦᠷᠢᠯᠳᠦᠭᠦᠯᠪᠡ᠃ ᠥᠪᠥᠷ ᠮᠣᠩᠭᠤᠯ ᠤᠨ ᠮᠧᠩ ᠶᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠲᠢᠩᠬᠢᠮ | ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ᠠᠴᠠ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠭᠠᠳ᠂ ︽ᠬᠡᠷᠡᠭᠵᠢᠭᠦᠯᠬᠦ ᠨᠠᠷᠢᠨ ᠲᠦᠷᠢᠮ︾ ᠢ ᠲᠤᠭᠲᠠᠭᠠᠭᠰᠠᠨ ᠪᠡᠶᠡᠴᠢ ᠴᠣᠭᠴᠠ᠂ ᠦᠨᠳᠦᠰᠦᠯᠡᠯ᠂ | ᠡᠷᠬᠡ ᠶᠢᠨ ᠬᠡᠪᠴᠢᠶ᠎ᠡ᠂ ᠭᠤᠤᠯ ᠠᠭᠤᠯᠭ᠎ᠠ ᠨᠢ ᠬᠠᠤᠯᠢ ᠳᠤ ᠨᠡᠶᠢᠴᠡᠨ᠎ᠡ ᠭᠡᠵᠦ ᠦᠵᠡᠪᠡ᠃ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 12 ᠳ᠋ᠤᠭᠠᠷ ᠰᠠᠷ᠎ᠠ | ᠶᠢᠨ 8 ᠤ ᠡᠳᠦᠷ ᠤᠨ 49 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷ᠎ᠡ | ᠰᠤᠳᠤᠯᠤᠨ ᠵᠥᠪᠰᠢᠶᠡᠷᠡᠵᠦ᠂ 12 ᠳ᠋ᠤᠭᠠᠷ ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ | ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠬᠠᠭᠤᠯᠬᠤ ᠬᠡᠯᠲᠡᠰ ᠲᠠᠢ ᠭᠠᠷ ᠤᠨ | ᠥᠰᠥᠭ ᠵᠢᠷᠤᠵᠤ ᠳᠠᠷᠤᠮᠠᠯᠯᠠᠨ ᠲᠠᠷᠬᠠᠭᠠᠪᠠ᠃ | ᠳᠥᠷᠪᠡ᠂ ︽ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ᠵᠢᠴᠢ ︽ᠬᠤᠪᠢ ᠲᠣᠭᠲᠠᠭᠠᠬᠤ ᠨᠠᠷᠢᠨ | ᠲᠦᠷᠢᠮ︾ ᠤᠨ ᠭᠤᠤᠯ ᠠᠭᠤᠯᠭ᠎ᠠ ᠨᠢ ᠶᠠᠭᠤ ᠪᠣᠶ︖ | ︽ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠪᠠ ︽ᠬᠤᠪᠢ ᠲᠣᠭᠲᠠᠭᠠᠬᠤ ᠨᠠᠷᠢᠨ ᠳᠦᠷᠢᠮ︾ ᠤᠨ | ᠠᠭᠤᠯᠭ᠎ᠠ ᠨᠢ ᠬᠠᠷᠢᠯᠴᠠᠨ ᠵᠣᠬᠢᠴᠠᠯᠳᠤᠨ ᠨᠢᠭᠡᠳᠦᠯᠲᠡᠶ ᠪᠠᠶᠢᠵᠤ᠂ ︽ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ | ᠢᠶᠠᠷ ᠬᠠᠷᠠᠯᠲᠠ ᠶᠢᠨ ᠴᠢᠨᠠᠷᠲᠠᠶ ᠳᠦᠷᠰᠦᠯᠡᠯ ᠪᠣᠯᠭᠠᠵᠤ᠂ ︽ᠬᠤᠪᠢ ᠲᠣᠭᠲᠠᠭᠠᠬᠤ ᠨᠠᠷᠢᠨ ᠳᠦᠷᠢᠮ︾ ᠢᠶᠠᠷ ᠪᠣᠳᠠᠲᠠᠶ | ᠲᠤᠭ᠎ᠠ ᠬᠡᠮᠵᠢᠭᠳᠡᠯ ᠢ ᠮᠠᠭᠠᠳᠯᠠᠬᠤ ᠦᠨᠳᠦᠰᠦᠯᠡᠯ ᠪᠠ ᠬᠤᠪᠢ ᠣᠯᠭᠤᠬᠤ ᠪᠠᠷᠢᠮᠵᠢᠶ᠎ᠠ ᠪᠣᠯᠭᠠᠨ᠎ᠠ᠃ ︽ᠬᠤᠪᠢ | ᠲᠣᠭᠲᠠᠭᠠᠬᠤ ᠨᠠᠷᠢᠨ ᠲᠦᠷᠢᠮ︾ ᠳᠤ ᠨᠡᠶᠢᠲᠡ 24 ᠭᠦᠢᠴᠡᠳᠭᠡᠬᠦ ᠲᠤᠭ᠎ᠠ ᠲᠣᠬᠢᠷᠠᠭᠤᠯᠵᠤ᠂ ᠶᠡᠷᠦᠩᠬᠡᠶ ᠬᠤᠪᠢ ᠨᠢ | 200 ᠬᠤᠪᠢ ᠪᠣᠯᠤᠨ᠎ᠠ ᠃ ᠡᠭᠦᠨ ᠳᠤ ︽ᠤᠯᠤᠰ ᠲᠥᠷᠥ ᠶᠢᠨ ᠤᠳᠤᠷᠢᠳᠤᠮᠵᠢ ᠪᠠ ᠰᠣᠶᠣᠯ ᠤᠨ ᠴᠢᠭᠯᠡᠯ︾᠂ ︽ | ᠡᠵᠡᠩᠨᠡᠯᠲᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ︾᠂ ︽ᠠᠮᠢ ᠠᠬᠤᠶ ᠶᠢᠨ ᠠᠮᠤᠷ ᠲᠦᠪᠰᠢᠨ ᠪᠠ ᠣᠷᠴᠢᠨ | ᠠᠬᠤᠶ ᠶᠢᠨ ᠬᠠᠮᠠᠭᠠᠯᠠᠯᠲᠠ︾ ᠵᠡᠷᠭᠡ 3 ᠨᠢᠭᠡ ᠪᠢᠯᠧᠲ ᠢᠶᠠᠷ ᠦᠭᠡᠶᠢᠰᠬᠡᠬᠦ ᠭᠦᠢᠴᠡᠳᠭᠡᠬᠦ ᠲᠤᠭ᠎ᠠ ᠪᠠᠭᠲᠠᠵᠤ᠂ | ᠰᠣᠶᠣᠯ ᠤᠨ ᠠᠵᠤ ᠦᠶᠯᠡᠰ ᠤᠨ ᠬᠦᠷᠢᠶᠡᠯᠡᠩ ᠲᠣᠭᠤᠷᠢᠭ ᠤᠨ ᠤᠯᠤᠰ ᠲᠥᠷᠥ ᠶᠢᠨ ᠤᠳᠤᠷᠢᠳᠤᠮᠵᠢ ᠪᠠ ᠰᠣᠶᠣᠯ | ᠤᠨ ᠴᠢᠭᠯᠡᠯ᠂ ᠡᠵᠡᠩᠨᠡᠯᠲᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠠᠶᠤᠯ ᠥᠬᠡᠶ | ᠦᠶᠯᠡᠳᠪᠦᠷᠢᠯᠡᠯ ᠪᠠ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠠᠰᠠᠭᠤᠳᠠᠯ ᠭᠠᠷᠪᠠᠯ᠂ ᠨᠢᠭᠡ ᠪᠢᠯᠧᠲ | ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ᠃ ᠪᠤᠰᠤᠳ 21 ᠨᠢ ᠬᠤᠪᠢ ᠣᠯᠬᠤ ᠭᠦᠢᠴᠡᠳᠬᠡᠬᠦ ᠲᠤᠭ᠎ᠠ ᠪᠤᠯᠤᠨ᠎ᠠ᠂ | ᠲᠤᠰ ᠲᠤᠰ ︽ᠨᠡᠶᠢᠭᠡᠮ ᠤᠨ ᠦᠷ᠎ᠡ ᠠᠰᠢᠭ︾᠂ ︽ᠠᠵᠤ ᠠᠬᠤᠶ ᠶᠢᠨ ᠦᠷ᠎ᠡ ᠠᠰᠢᠭ︾᠂ ︽ᠵᠢᠱᠢᠶ᠎ᠡ | ᠦᠵᠡᠭᠦᠯᠬᠦ ᠴᠢᠨᠠᠷ ᠪᠣᠯᠤᠨ ᠨᠥᠯᠥᠭᠡᠯᠡᠬᠦ ᠬᠦᠴᠦᠨ︾᠂ ︽ᠪᠠᠲᠤᠯᠠᠭ᠎ᠠ ᠶᠢᠨ ᠲᠣᠭᠲᠠᠴᠠ ᠪᠣᠯᠤᠨ ᠲᠥᠷᠥ ᠶᠢᠨ | ᠪᠣᠳᠣᠯᠭ᠎ᠠ ᠶᠢᠨ ᠲᠠᠯ᠎ᠠ ᠪᠠᠷ ᠲᠡᠳᠬᠦᠬᠦ︾ ᠵᠡᠷᠭᠡ 4 ᠲᠠᠯ᠎ᠠ ᠪᠠᠷ ᠦᠨᠡᠯᠡᠨ᠎ᠡ᠂ ᠡᠭᠦᠨ ᠳᠤ ︽ᠨᠡᠶᠢᠭᠡᠮ ᠤᠨ ᠦᠷ᠎ᠡ | ᠠᠰᠢᠭ︾ ᠪᠣᠯᠤᠨ ︽ᠠᠵᠤ ᠠᠬᠤᠶ ᠶᠢᠨ ᠦᠷ᠎ᠡ ᠠᠰᠢᠭ︾ ᠨᠢ ᠭᠤᠣᠯᠳᠠᠭᠤ ᠬᠦᠷᠢᠶᠡᠯᠡᠩ ᠲᠣᠭᠤᠷᠢᠭ ᠤᠨ ᠠᠵᠢᠯ | ᠤᠨ ᠳᠤᠮᠳᠠ ᠣᠯᠤᠭᠰᠠᠨ ᠪᠣᠳᠠᠲᠠᠶ ᠦᠷ᠎ᠡ ᠪᠦᠲᠦᠮᠵᠢ ᠶᠢ ᠦᠨᠡᠯᠡᠵᠦ᠂ ︽ᠵᠢᠱᠢᠶ᠎ᠡ ᠦᠵᠡᠭᠦᠯᠬᠦ ᠴᠢᠨᠠᠷ ᠪᠣᠯᠤᠨ | ᠨᠥᠯᠥᠭᠡᠯᠡᠬᠦ ᠬᠦᠴᠦᠨ︾ ᠨᠢ ᠭᠤᠣᠯᠳᠠᠭᠤ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠬᠢ ᠨᠥᠯᠥᠭᠡᠯᠡᠬᠦ ᠬᠦᠴᠦᠨ ᠢ ᠦᠨᠡᠯᠡᠵᠦ᠂ ︽ᠪᠠᠲᠤᠯᠠᠭ᠎ᠠ ᠶᠢᠨ ᠲᠣᠭᠲᠠᠴᠠ ᠪᠣᠯᠤᠨ ᠲᠥᠷᠥ | ᠶᠢᠨ ᠪᠣᠳᠣᠯᠭ᠎ᠠ ᠶᠢᠨ ᠲᠠᠯ᠎ᠠ ᠪᠠᠷ ᠲᠡᠳᠬᠦᠬᠦ︾ ᠨᠢ ᠭᠤᠤᠯᠳᠠᠭᠤ ᠭᠤᠶᠤᠴᠢᠯᠠᠨ ᠮᠡᠳᠡᠭᠦᠯᠦᠭᠰᠡᠨ ᠭᠤᠣᠯ ᠴᠣᠭᠴᠠ | ᠠᠴᠠ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠢᠯ ᠢ ᠴᠢᠬᠤᠯᠠᠴᠢᠯᠠᠭᠰᠠᠨ ᠬᠡᠮᠵᠢᠶ᠎ᠡ ᠪᠣᠯᠤᠨ | ᠳᠡᠮᠵᠢᠭᠰᠡᠨ ᠪᠠᠶᠢᠳᠠᠯ ᠢ ᠦᠨᠡᠯᠡᠨ᠎ᠡ᠃ | ᠲᠠᠪᠤ᠂ ᠬᠢᠨᠠᠨ ᠲᠤᠭᠲᠠᠭᠠᠯᠲᠠ ᠶᠢᠨ ᠬᠢᠷᠢ ᠲᠡᠩᠴᠡᠭᠦ ᠬᠤᠪᠢ ᠨᠢ ᠬᠡᠳᠦᠶ ᠪᠣᠶ︖ | ᠬᠢᠨᠠᠨ ᠲᠣᠭᠲᠠᠭᠠᠬᠤ ᠶᠠᠪᠤᠴᠠ ᠳᠤ᠂ ︽ᠪᠣᠭᠤᠮᠲᠠ ᠶᠢ ᠴᠢᠩᠭ᠎ᠠ ᠠᠳᠬᠤᠬᠤ᠂ ᠣᠨᠴᠠᠯᠢᠭ ᠢ ᠲᠣᠪᠣᠶᠢᠯᠭᠠᠬᠤ | ᠂ ᠬᠢᠷᠢ ᠬᠡᠮᠵᠢᠶ᠎ᠡ ᠶᠢ ᠳᠡᠭᠡᠭᠰᠢᠯᠡᠭᠦᠯᠬᠦ︾ ᠵᠠᠷᠴᠢᠮ ᠤᠨ ᠶᠣᠰᠣᠭᠠᠷ᠂ ᠦᠨᠡᠯᠡᠨ ᠲᠣᠭᠲᠠᠭᠠᠬᠤ ᠬᠤᠪᠢ ᠨᠢ 120 | ᠬᠤᠪᠢ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠢ ︽ᠬᠢᠷᠢ ᠲᠡᠩᠴᠡᠭᠰᠡᠨ︾ ᠢᠶᠠᠷ ᠲᠣᠭᠲᠠᠭᠠᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠢᠯᠡᠰ | ᠤᠨ ᠬᠦᠷᠢᠶᠡᠯᠡᠩ ᠲᠣᠭᠤᠷᠢᠭ ᠢᠶᠠᠷ ᠨᠡᠷᠡᠶᠢᠳᠴᠦ ᠪᠣᠯᠤᠨ᠎ᠠ︔ ᠦᠨᠡᠯᠡᠨ ᠲᠣᠭᠲᠠᠭᠠᠭᠰᠠᠨ ᠬᠤᠪᠢ ᠨᠢ 120 ᠬᠤᠪᠢ | ᠠᠴᠠ ᠳᠣᠷᠣᠭᠰᠢ ᠬᠦᠷᠢᠶᠡᠯᠡᠩ ᠲᠣᠭᠤᠷᠢᠭ ᠢ ︽ᠬᠢᠷᠢ ᠲᠡᠩᠴᠡᠬᠦ ᠦᠭᠡᠶ︾ ᠪᠠᠷ ᠲᠣᠭᠲᠠᠭᠠᠵᠤ᠂ ︽ᠨᠢᠭᠡ ᠪᠢᠯᠧᠲ | ᠢᠶᠠᠷ ᠦᠭᠡᠶᠢᠰᠬᠡᠬᠦ︾ ᠭᠦᠢᠴᠡᠳᠬᠡᠬᠦ ᠲᠤᠭ᠎ᠠ ᠳᠡᠭᠡᠷ᠎ᠡ ᠠᠰᠠᠭᠤᠳᠠᠯ ᠭᠠᠷᠪᠠᠯ ᠴᠥᠮ ︽ᠬᠢᠷᠢ ᠲᠡᠩᠴᠡᠬᠦ ᠦᠭᠡᠶ︾ ᠪᠠᠷ | ᠲᠣᠭᠲᠠᠭᠠᠬᠤ ᠬᠡᠷᠡᠭᠲᠡᠶ ᠃ | ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠢᠶᠠᠷ ᠰᠢᠯᠭᠠᠷᠠᠭᠤᠯᠤᠭᠳᠠᠭᠰᠠᠨ ᠨᠢᠭᠡᠴᠢ ᠳᠤ ᠶᠠᠮᠠᠷ ᠱᠠᠩᠨᠠᠬᠤ ᠲᠥᠷᠥ ᠶᠢᠨ | ᠪᠣᠳᠣᠯᠭ᠎ᠠ ᠪᠠᠶᠢᠬᠤ ᠪᠤᠶ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠨᠡᠷᠡᠶᠢᠳᠦᠭᠰᠡᠨ ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ᠂ ᠪᠡᠯᠡ ᠮᠥᠩᠭᠦ᠂ | ᠴᠢᠳᠠᠪᠤᠷᠢᠲᠠᠨ ᠬᠥᠮᠦᠵᠢᠭᠦᠯᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ | ᠮᠡᠳᠡᠭᠦᠯᠬᠦ ᠶᠢ ᠡᠩ ᠲᠡᠷᠢᠭᠦᠨ ᠳᠤ ᠪᠠᠲᠤᠯᠠᠨ ᠲᠠᠨᠢᠯᠴᠠᠭᠤᠯᠤᠨ᠎ᠠ᠃ | ᠳᠣᠯᠤᠭ᠎ᠠ᠂ ᠨᠡᠷ᠎ᠡ ᠦᠭᠡ ᠶᠢ ᠲᠠᠶᠢᠯᠪᠤᠷᠢᠯᠠᠬᠤ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠄ ᠰᠣᠶᠣᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠭᠡᠳᠡᠭ ᠨᠢ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ᠂ ᠠᠭᠤᠯᠭ᠎ᠠ ᠵᠣᠬᠢᠶᠠᠨ ᠪᠦᠲᠦᠭᠡᠵᠦ | ᠦᠢᠯᠡᠳᠪᠦᠷᠢᠯᠡᠬᠦ᠂ ᠪᠦᠲᠦᠭᠡᠯᠴᠢ ᠲᠥᠰᠦᠪᠯᠡᠯ ᠤᠨ ᠵᠢᠷᠤᠭᠯᠠᠨ ᠲᠥᠯᠥᠪᠯᠡᠬᠦ ᠦᠢᠯᠡᠴᠢᠯᠡᠭᠡᠨ᠂ ᠰᠣᠶᠣᠯ ᠤᠨ | ᠤᠯᠠᠮᠵᠢᠯᠠᠬᠤ ᠠᠷᠭ᠎ᠠ ᠵᠠᠮ᠂ ᠰᠣᠶᠣᠯ ᠤᠨ ᠪᠡᠯᠡ ᠣᠷᠣᠭᠤᠯᠵᠤ ᠡᠵᠡᠩᠨᠡᠬᠦ᠂ ᠰᠣᠶᠣᠯ ᠴᠡᠩᠭᠡᠯ ᠰᠡᠯᠡᠭᠦᠴᠡᠯ ᠤᠨ | ᠦᠢᠯᠡᠴᠢᠯᠡᠭᠡᠨ᠂ ᠰᠣᠶᠣᠯ ᠤᠨ ᠲᠤᠰᠠᠯᠠᠬᠤ ᠦᠢᠯᠡᠳᠪᠦᠷᠢᠯᠡᠯ ᠪᠠ ᠵᠠᠭᠤᠴᠢ ᠦᠢᠯᠡᠴᠢᠯᠡᠭᠡᠨ᠂ ᠰᠣᠶᠣᠯ ᠤᠨ ᠲᠣᠨᠤᠭ | ᠲᠥᠬᠦᠭᠡᠷᠦᠮᠵᠢ ᠶᠢᠨ ᠦᠢᠯᠡᠳᠪᠦᠷᠢᠯᠡᠯ᠂ ᠰᠣᠶᠣᠯ ᠤᠨ ᠬᠡᠷᠡᠭᠯᠡᠭᠡᠨ ᠤ ᠦᠵᠦᠭᠦᠷ ᠤᠨ ᠦᠢᠯᠡᠳᠪᠦᠷᠢᠯᠡᠯ ᠵᠡᠷᠭᠡ ᠪᠠᠷ | ᠭᠤᠣᠯ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠪᠣᠯᠭᠠᠵᠤ᠂ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ᠂ | ᠨᠡᠪᠴᠢᠭᠦᠯᠬᠦ ᠦᠢᠯᠡᠳᠦᠯ ᠨᠢ ᠲᠣᠪᠣᠶᠢᠮ᠎ᠠ᠂ ᠰᠣᠶᠣᠯ ᠤᠨ ᠠᠵᠤ ᠠᠬᠤᠶᠢᠯᠠᠯ ᠲᠥᠪᠯᠡᠷᠡᠭᠰᠡᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠵᠢᠭᠠᠵᠤ ᠪᠤᠶ᠃ | |