ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ 《 〈 ᠵᠤᠭ᠎ᠠ ᠴᠡᠩᠭᠡᠯ ᠤᠨ ᠭᠠᠵᠠᠷ ᠤᠨ | ᠬᠠᠮᠢᠶᠠᠷᠤᠯᠲᠠ ᠶᠢᠨ ᠠᠷᠭ᠎ᠠ 〉 ᠳᠤ ᠵᠠᠰᠠᠪᠤᠷᠢ ᠣᠷᠣᠭᠤᠯᠬᠤ ᠲᠤᠬᠠᠶ ᠰᠣᠶᠣᠯ ᠪᠠ ᠵᠢᠭᠤᠯᠴᠢᠯᠠᠯ ᠤᠨ ᠶᠠᠮᠤᠨ ᠤ | ᠲᠣᠭᠲᠠᠭᠠᠯ 》 ᠢ ᠳᠠᠷᠤᠮᠠᠯᠯᠠᠨ ᠲᠠᠷᠬᠠᠭᠠᠵᠤ᠂ 《 ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ | 》 ( ᠳᠣᠷᠣᠭᠰᠢ 《 ᠠᠷᠭ᠎ᠠ 》 ᠭᠡᠵᠦ ᠲᠣᠪᠴᠢᠯᠠᠨ᠎ᠠ ) ᠶᠢᠨ ᠬᠡᠰᠡᠭ ᠵᠦᠶᠯ ᠵᠤᠷᠪᠤᠰ ᠲᠤ ᠵᠠᠰᠠᠪᠤᠷᠢ | ᠣᠷᠣᠭᠤᠯᠪᠠ ᠃ | ᠨᠢᠭᠡ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠨᠢ ᠶᠠᠭᠤ ᠪᠣᠶ︖ | ᠣᠲᠣ ᠶᠢᠨ ᠬᠡᠷᠡᠭᠵᠢᠭᠦᠯᠵᠦ ᠪᠠᠶᠢᠭ᠎ᠠ 《 ᠠᠷᠭ᠎ᠠ 》 ᠪᠣᠯ 《 ᠵᠤᠭ᠎ᠠ ᠴᠡᠩᠭᠡᠯ ᠤᠨ ᠭᠠᠵᠠᠷ ᠤᠨ | ᠬᠠᠮᠢᠶᠠᠷᠤᠯᠲᠠ ᠶᠢᠨ ᠲᠦᠷᠢᠮ 》 ᠢ ᠲᠤᠭᠤᠰᠢᠯᠠᠭᠤᠯᠬᠤ ᠶᠢᠨ ᠲᠥᠯᠥᠭᠡ ᠲᠣᠭᠲᠠᠭᠠᠭᠰᠠᠨ ᠰᠠᠯᠠᠭ᠎ᠠ ᠮᠥᠴᠢᠷ ᠤᠨ | ᠲᠦᠷᠢᠮ ᠲᠣᠭᠲᠠᠭᠠᠯ ᠪᠣᠯᠤᠨ᠎ᠠ᠂ 2013 ᠣᠨ ᠠᠴᠠ ᠡᠬᠢᠯᠡᠨ ᠬᠡᠷᠡᠭᠵᠢᠭᠦᠯᠦᠭᠡᠳ ᠣᠲᠣ ᠪᠣᠯᠲᠠᠯ᠎ᠠ ᠨᠢᠭᠡᠨᠲᠡ | ᠶᠢᠰᠦᠨ ᠵᠢᠯ ᠪᠣᠯᠵᠣ ᠪᠠᠶᠢᠨ᠎ᠠ᠂ 2017 ᠣᠨ ᠤ ᠰᠣᠶᠣᠯ ᠤᠨ ᠶᠠᠮᠤᠨ ᠤ ᠵᠠᠷᠯᠢᠭ 57 ᠳ᠋ᠤᠭᠠᠷ ᠲᠣᠭᠠᠲᠤ ᠳᠤ | ᠲᠡᠭᠦᠨ ᠤ ᠬᠡᠰᠡᠭ ᠵᠦᠶᠯ ᠵᠤᠷᠪᠤᠰ ᠲᠤ ᠵᠠᠰᠠᠪᠤᠷᠢ ᠣᠷᠣᠭᠤᠯᠪᠠ ᠃ 《 ᠠᠷᠭ᠎ᠠ 》 ᠶᠢᠨ ᠬᠡᠷᠡᠭᠵᠢᠭᠦᠯᠦᠯᠲᠡ ᠨᠢ | ᠵᠤᠭ᠎ᠠ ᠴᠡᠩᠭᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠤᠭ᠎ᠠ ᠴᠡᠩᠭᠡᠯ ᠤᠨ ᠵᠠᠬ᠎ᠠ ᠳᠡᠯᠭᠡᠭᠦᠷ | ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ ᠃ ᠣᠶᠢᠷ᠎ᠠ ᠶᠢᠨ ᠵᠢᠯ ᠤᠳ ᠲᠤ | ᠂ ᠵᠤᠭ᠎ᠠ ᠴᠡᠩᠭᠡᠯ ᠤᠨ ᠵᠠᠬ᠎ᠠ ᠳᠡᠯᠭᠡᠭᠦᠷ ᠤᠨ ᠬᠥᠭᠵᠢᠯᠲᠡ ᠬᠤᠪᠢᠷᠠᠯᠲᠠ ᠶᠢ ᠳᠠᠭᠠᠯᠳᠤᠨ᠂ ᠬᠢᠨᠠᠯᠲᠠ ᠬᠠᠮᠢᠶᠠᠷᠤᠯᠲᠠ | ᠶᠢᠨ ᠶᠠᠪᠤᠴᠠ ᠳᠤ ᠣᠷᠣᠰᠢᠵᠤ ᠪᠠᠶᠢᠭ᠎ᠠ ᠴᠠᠭᠠᠵᠠᠯᠠᠬᠤ ᠳᠤ ᠬᠦᠴᠢᠷᠲᠡᠶ ᠵᠡᠷᠭᠡ ᠪᠣᠳᠠᠲᠠᠶ ᠠᠰᠠᠭᠤᠳᠠᠯ ᠳᠤ 《 ᠠᠷᠭ᠎ᠠ | 》 ᠳᠤ ᠵᠠᠰᠠᠪᠤᠷᠢ ᠣᠷᠣᠭᠤᠯᠵᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠣᠯᠭᠤᠬᠤ | ᠴᠢᠬᠤᠯᠠᠲᠠᠶ ᠪᠣᠯᠵᠠᠶ ᠃ ᠡᠭᠦᠨ ᠤ ᠬᠠᠮᠲᠤ᠂ ᠤᠯᠤᠰ ᠠᠴᠠ ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠲᠠᠢ | ᠬᠤᠯᠪᠣᠭᠳᠠᠬᠤ ᠨᠢᠭᠡ ᠪᠦᠯᠦᠭ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠭᠰᠡᠨ ᠪᠤᠶᠤ ᠰᠢᠨ᠎ᠡ ᠪᠠᠷ ᠵᠠᠰᠠᠪᠤᠷᠢ | ᠣᠷᠣᠭᠤᠯᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠠᠯ᠎ᠠ ᠶᠢᠨ | ᠥᠭᠡᠷᠡᠴᠢᠯᠡᠯᠲᠡ ᠶᠢ ᠴᠦ ᠠᠯᠬᠤᠮ ᠠᠯᠬᠤᠮ ᠢᠶᠠᠷ ᠬᠥᠨᠵᠡᠭᠡᠶᠢᠷᠡᠬᠦᠯᠪᠡ᠃ 《 ᠠᠷᠭ᠎ᠠ 》 ᠶᠢ ᠡᠭᠦᠨ ᠲᠠᠢ | ᠵᠣᠯᠭᠠᠭᠤᠯᠵᠤ᠂ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢᠨ ᠠᠰᠢᠭ ᠢ ᠪᠣᠳᠠᠲᠠᠶ ᠳᠤ | ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠨ᠎ᠠ ᠃ | ᠬᠤᠶᠠᠷ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ ᠨᠢ ᠶᠠᠭᠤ ᠪᠣᠶ︖ | ᠨᠢᠭᠡ ᠳᠤ᠂ ᠳᠡᠭᠡᠳᠦ ᠪᠠᠶᠢᠷᠢ ᠶᠢᠨ ᠬᠠᠤᠯᠢ ᠲᠠᠢ ᠦᠯᠦ ᠨᠡᠶᠢᠴᠡᠬᠦ ᠵᠦᠢᠯ ᠪᠠᠳᠠᠭ ᠲᠤ ᠵᠠᠰᠠᠪᠤᠷᠢ ᠤᠷᠤᠭᠤᠯᠪᠠ | ᠃ ᠵᠢᠱᠢᠶᠡᠯᠡᠪᠡᠯ᠂ 《 ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ 》 ᠳᠤ ᠰᠢᠨ᠎ᠡ ᠪᠠᠷ ᠨᠡᠮᠡᠭᠰᠡᠨ | 《 ᠬᠡᠦᠬᠡᠳ ᠤᠨ ᠴᠡᠴᠡᠷᠯᠢᠭ ᠤᠨ ᠡᠷᠬᠢᠨ ᠲᠣᠭᠤᠷᠢᠨ ᠳᠤ ᠵᠤᠭ᠎ᠠ ᠴᠡᠩᠭᠡᠯ ᠤᠨ ᠲᠠᠯᠠᠪᠤᠷ ᠭᠠᠵᠠᠷ ᠭᠠᠷᠭᠠᠵᠤ ᠪᠣᠯᠬᠤ | ᠥᠬᠡᠶ 》 ᠭᠡᠬᠦ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ 《 ᠵᠤᠭ᠎ᠠ | ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ 》 ᠳᠤ ᠬᠢ ᠭᠠᠳᠠᠭᠠᠳᠤ ᠶᠢᠨ ᠬᠤᠳᠠᠯᠳᠤᠭᠠᠴᠢᠨ ᠤ ᠵᠤᠭ᠎ᠠ | ᠴᠡᠩᠭᠡᠯ ᠤᠨ ᠲᠠᠯᠠᠪᠤᠷ ᠲᠤ ᠪᠡᠯᠡ ᠤᠷᠤᠭᠤᠯᠬᠤ ᠶᠢ ᠬᠢᠵᠠᠭᠠᠷᠯᠠᠬᠤ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠬᠤ | ᠵᠡᠷᠭᠡ ᠶᠢ ᠨᠠᠶᠢᠳᠠᠪᠤᠷᠢᠵᠢᠭᠤᠯᠪᠠ᠃ ᠬᠤᠶᠠᠷ ᠲᠤ᠂ 《 ᠲᠠᠯᠪᠢᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ | ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠯᠦᠭᠡ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠪᠡ᠃ ᠭᠠᠯ ᠤᠨᠲᠠᠷᠠᠭᠠᠬᠤ᠂ ᠣᠷᠴᠢᠨ | ᠲᠣᠭᠤᠷᠢᠨ ᠢ ᠬᠠᠮᠠᠭᠠᠯᠠᠬᠤ ᠥᠭᠡᠷᠡᠴᠢᠯᠡᠯᠲᠡ ᠯᠦᠭᠡ ᠰᠠᠶᠢᠲᠤᠷ ᠵᠣᠯᠭᠠᠯᠳᠤᠭᠤᠯᠵᠤ᠂ ᠭᠠᠯ ᠤᠨᠲᠠᠷᠠᠭᠠᠬᠤ ᠵᠥᠪᠰᠢᠶᠡᠷᠡᠯ | ᠣᠯᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠠᠪᠤᠳᠠᠯ ᠢ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠤᠭ᠎ᠠ ᠴᠡᠩᠭᠡᠯ ᠤᠨ ᠭᠠᠵᠠᠷ ᠢ ᠬᠢᠨᠠᠨ ᠵᠥᠪᠰᠢᠶᠡᠷᠡᠬᠦ | ᠤᠷᠢᠳᠠᠴᠢ ᠨᠥᠬᠦᠴᠡᠯ ᠪᠣᠯᠭᠠᠬᠤ ᠦᠭᠡᠶ︔ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠬᠤᠯᠪᠣᠭᠳᠠᠭᠰᠠᠨ ᠶᠠᠮᠤᠨ ᠵᠥᠪᠯᠡᠯ ᠤᠨ ᠨᠡᠷᠡᠶᠢᠳᠦᠯ ᠢ ᠬᠤᠪᠢᠷᠠᠭᠤᠯᠬᠤ ᠠᠵᠢᠯ ᠲᠠᠢ ᠰᠠᠶᠢᠲᠤᠷ | ᠵᠣᠯᠭᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠡᠷᠡᠶᠢᠳᠦᠯ ᠳᠤ ᠵᠠᠰᠠᠪᠤᠷᠢ ᠤᠷᠤᠭᠤᠯᠪᠠ︔ ᠲᠥᠷᠥ ᠶᠢᠨ | ᠶᠠᠪᠤᠳᠠᠯ ᠤᠨ ᠬᠤᠷᠢᠶᠠᠨ ᠤ ᠡᠯ᠎ᠡ ᠲᠥᠷᠥᠯ ᠤᠨ ᠭᠡᠷᠡᠴᠢᠯᠡᠬᠦ ᠵᠦᠶᠯᠡᠰ ᠢ ᠬᠦᠴᠦᠨ ᠥᠬᠡᠶ ᠪᠣᠯᠭᠠᠬᠤ ᠥᠭᠡᠷᠡᠴᠢᠯᠡᠯᠲᠡ | ᠲᠠᠢ ᠰᠠᠶᠢᠲᠤᠷ ᠵᠤᠯᠭᠠᠭᠤᠯᠪᠠ︔ ᠢᠲᠡᠭᠡᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠲᠠᠢ ᠰᠠᠶᠢᠲᠤᠷ | ᠵᠤᠯᠭᠠᠭᠤᠯᠪᠠ᠃ ᠭᠤᠷᠪᠠ ᠳᠤ᠂ ᠬᠠᠤᠯᠢ ᠬᠡᠷᠡᠭᠵᠢᠭᠦᠯᠬᠦ ᠦᠶᠯᠡᠳᠦᠯᠭᠡ ᠶᠢᠨ ᠳᠤᠮᠳᠠ ᠭᠡᠷᠡᠴᠢ ᠦᠨᠡᠮᠯᠡᠯ ᠥᠬᠡᠶ ᠵᠤᠭ᠎ᠠ | ᠴᠡᠩᠭᠡᠯ ᠤᠨ ᠭᠠᠵᠠᠷ ᠢ ᠴᠠᠭᠠᠵᠠᠯᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠪᠠᠷ | ᠨᠡᠶᠢᠲᠡᠯᠡᠭᠰᠡᠨ 《 ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ 》 ᠵᠡᠷᠭᠡ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ ᠵᠤᠭ᠎ᠠ ᠴᠡᠩᠭᠡᠯ ᠤᠨ ᠭᠠᠵᠠᠷ ᠤᠨ ᠳᠤᠷ᠎ᠠ ᠪᠠᠷ ᠢᠶᠠᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠭᠰᠡᠨ᠂ | ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠳᠤ ᠰᠢᠢᠳᠬᠡᠯ ᠥᠭᠬᠦ ᠵᠦᠶᠯ ᠵᠤᠷᠪᠤᠰ ᠭᠠᠷᠭᠠᠪᠠ ᠃ | ᠭᠤᠷᠪᠠ᠂ ᠭᠠᠳᠠᠭᠠᠳᠤ ᠶᠢᠨ ᠬᠤᠳᠠᠯᠳᠤᠭᠠᠴᠢᠨ ᠤ ᠵᠤᠭ᠎ᠠ ᠴᠡᠩᠭᠡᠯ ᠤᠨ ᠭᠠᠵᠠᠷ ᠲᠤ ᠪᠠᠯᠠ ᠣᠷᠣᠭᠤᠯᠬᠤ | ᠲᠤᠬᠠᠶ ᠬᠡᠷᠬᠢᠨ ᠲᠣᠭᠲᠠᠭᠠᠭᠰᠠᠨ ᠪᠣᠶ︖ | 2020 ᠣᠨ ᠤ 11 ᠰᠠᠷ᠎ᠠ ᠳᠤ᠂ 《 ᠲᠥᠷᠥ ᠶᠢᠨ ᠶᠠᠪᠤᠳᠠᠯ ᠤᠨ ᠬᠤᠷᠢᠶᠠᠨ ᠤ ᠬᠡᠰᠡᠭ ᠵᠠᠰᠠᠭ ᠵᠠᠬᠢᠷᠭᠠᠨ | ᠤ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ 》 ᠳᠤ | 《 ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ 》 ᠤᠨ ᠵᠢᠷᠭᠤᠳᠤᠭᠠᠷ ᠵᠦᠶᠯ ᠢ 《 | ᠭᠠᠳᠠᠭᠠᠳᠤ ᠶᠢᠨ ᠪᠠᠯᠠ ᠣᠷᠣᠭᠤᠯᠤᠭᠴᠢᠳ ᠳᠤᠮᠳᠠᠳᠤ ᠤᠯᠤᠰ ᠤᠨ ᠬᠢᠯᠢ ᠳᠣᠲᠣᠷ᠎ᠠ ᠵᠤᠭ᠎ᠠ ᠴᠡᠩᠭᠡᠯ ᠤᠨ ᠭᠠᠵᠠᠷ ᠢ | ᠬᠠᠤᠯᠢ ᠶᠣᠰᠣᠭᠠᠷ ᠪᠠᠶᠢᠭᠤᠯᠵᠤ ᠪᠣᠯᠤᠨ᠎ᠠ 》 ᠭᠡᠵᠦ ᠵᠠᠰᠠᠪᠤᠷᠢ ᠣᠷᠣᠭᠤᠯᠪᠠ︔ ᠶᠢᠰᠦᠳᠦᠭᠡᠷ ᠵᠦᠢᠯ ᠤᠨ ᠨᠢᠭᠡᠳᠦᠭᠡᠷ | ᠪᠠᠳᠠᠭ ᠲᠤ ᠬᠢ《 ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠨ ᠡᠵᠡᠩᠨᠡᠬᠦ᠂ ᠳᠤᠮᠳᠠᠳᠤ ᠭᠠᠳᠠᠭᠠᠳᠤ ᠶᠢᠨ | ᠬᠤᠷᠰᠢᠨ ᠡᠵᠡᠩᠨᠡᠬᠦ 》 ᠭᠡᠳᠡᠭ ᠢ 《 ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ 》 ᠭᠡᠵᠦ | ᠵᠠᠰᠠᠪᠠ ᠃ ᠡᠭᠦᠨ ᠢ ᠦᠨᠳᠦᠰᠦᠯᠡᠪᠡᠯ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠵᠤ ᠪᠠᠶᠢᠭᠤᠯᠤᠭᠰᠠᠨ | ᠲᠠᠯᠠᠪᠤᠷ ᠭᠠᠵᠠᠷ ᠲᠤ ᠪᠠᠯᠠ ᠣᠷᠣᠭᠤᠯᠬᠤ ᠬᠠᠷᠢᠴᠠᠯ ᠤᠨ ᠬᠢᠵᠠᠭᠠᠷᠯᠠᠯ ᠨᠢᠭᠡᠨᠲᠡ ᠥᠬᠡᠶ ᠪᠣᠯᠵᠠᠶ ᠃ 《 ᠠᠷᠭ᠎ᠠ 》 | ᠶᠢᠨ ᠶᠢᠰᠦᠳᠦᠭᠡᠷ ᠵᠦᠶᠯ᠂ ᠠᠷᠪᠠᠨ ᠨᠢᠭᠡᠳᠦᠭᠡᠷ ᠵᠦᠶᠯ ᠳᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠤᠷᠤᠭᠤᠯᠤᠭᠰᠠᠨ ᠵᠤᠭ᠎ᠠ ᠴᠡᠩᠭᠡᠯ ᠤᠨ ᠭᠠᠵᠠᠷ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ | ᠡᠷᠬᠢᠯᠡᠬᠦ ᠪᠠᠷ ᠭᠤᠶᠤᠴᠢᠯᠠᠬᠤ ᠦᠶ᠎ᠡ ᠶᠢᠨ ᠬᠢᠨᠠᠨ ᠵᠥᠪᠰᠢᠶᠡᠷᠡᠬᠦ ᠲᠠᠰ ᠵᠡᠷᠭᠡ ᠶᠢ ᠲᠣᠳᠣᠷᠬᠠᠶᠢᠯᠠᠵᠤ᠂ | ᠬᠤᠳᠠᠯᠳᠤᠭᠠᠨ ᠤ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠲᠤᠰᠢᠶᠠᠬᠤ ᠬᠡᠷᠡᠭᠲᠡᠢ ᠵᠡᠷᠭᠡ ᠬᠠᠮᠢᠶ᠎ᠠ ᠪᠥᠬᠦᠶ ᠱᠠᠭᠠᠷᠳᠠᠯᠭ᠎ᠠ ᠶᠢ ᠬᠦᠴᠦᠨ ᠥᠬᠡᠶ ᠪᠤᠯᠭᠠᠪᠠ ᠃ | ᠣᠳᠣᠬᠠᠨ ᠳᠤ᠂ ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠳᠤᠮᠳᠠᠳᠤ ᠤᠯᠤᠰ ᠤᠨ ᠬᠢᠯᠢ ᠳᠣᠲᠣᠷ᠎ᠠ ᠬᠠᠤᠯᠢ | ᠶᠣᠰᠣᠭᠠᠷ ᠵᠤᠭ᠎ᠠ ᠴᠡᠩᠭᠡᠯ ᠤᠨ ᠭᠠᠵᠠᠷ ᠪᠠᠶᠢᠭᠤᠯᠬᠤ ᠶᠢ ᠵᠥᠪᠰᠢᠶᠡᠷᠡᠵᠦ᠂ ᠪᠡᠯᠡ ᠣᠷᠣᠭᠤᠯᠤᠯᠲᠠ ᠶᠢᠨ ᠬᠠᠷᠢᠴᠠᠯ ᠤᠨ | ᠬᠢᠵᠠᠭᠠᠷᠯᠠᠯ ᠪᠠᠶᠢᠬᠤ ᠦᠭᠡᠢ᠂ ᠭᠤᠶᠤᠴᠢᠯᠠᠬᠤ ᠮᠠᠲ᠋ᠧᠷᠢᠶᠠᠯ᠂ ᠪᠠᠶᠢᠭᠤᠯᠬᠤ ᠨᠥᠬᠦᠴᠡᠯ ᠪᠠ ᠵᠢᠷᠤᠮ ᠨᠢ ᠡᠬᠡ | ᠬᠠᠭᠤᠷᠠᠢ ᠶᠢᠨ ᠪᠡᠯᠡ ᠲᠠᠢ ᠪᠠᠨ ᠨᠢᠭᠡᠳᠦᠯᠲᠡᠢ ᠃ ᠡᠭᠦᠨ ᠠᠴᠠ ᠭᠠᠳᠠᠨ᠎ᠠ᠂ ᠰᠢᠶᠠᠩᠭᠠᠩ ᠣᠣᠮᠧᠨ ᠲᠠᠶᠢᠸᠠᠨ ᠤ ᠪᠡᠯᠡ | ᠣᠷᠣᠭᠤᠯᠤᠯᠲᠠ ᠳᠤ ᠲᠤᠰ ᠲᠦᠷᠦ ᠶᠢᠨ ᠪᠤᠳᠤᠯᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠃ | ᠳᠥᠷᠪᠡ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠵᠤᠭ᠎ᠠ ᠴᠡᠩᠭᠡᠯ ᠤᠨ ᠭᠠᠵᠠᠷ | ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠪᠠᠷ ᠭᠤᠶᠤᠴᠢᠯᠠᠬᠤ ᠳᠤ ᠠᠮᠢ ᠠᠬᠤᠶ | ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ | ᠭᠡᠷᠡᠴᠢ ᠬᠠᠩᠭᠠᠬᠤ ᠴᠢᠬᠤᠯᠠ ᠥᠬᠡᠶ ᠪᠣᠯᠤᠭᠰᠠᠨ ᠤᠤ︖ | 《 ᠠᠷᠭ᠎ᠠ 》 ᠶᠢᠨ ᠤᠤᠯ ᠤᠨ ᠠᠷᠪᠠᠨ ᠨᠢᠭᠡᠳᠦᠭᠡᠷ ᠵᠦᠶᠯ ᠳᠤ ᠲᠣᠭᠲᠠᠭᠠᠭᠰᠠᠨ ᠭᠠᠯ ᠰᠡᠷᠭᠡᠶᠢᠯᠡᠯᠲᠡ ᠶᠢᠨ | ᠰᠠᠯᠠᠭ᠎ᠠ ᠮᠥᠴᠢᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠤᠨ ᠪᠢᠴᠢᠭ | ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ ᠶᠢ ᠡᠷᠬᠡᠪᠰᠢ ᠲᠤᠰᠢᠶᠠᠬᠤ ᠬᠡᠷᠡᠭᠲᠡᠢ ᠭᠡᠳᠡᠭ ᠢ《 ᠬᠤᠯᠪᠣᠭᠳᠠᠯ | ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠭᠠᠯ ᠰᠡᠷᠭᠡᠶᠢᠯᠡᠯᠲᠡ ᠶᠢᠨ | ᠰᠠᠯᠠᠭ᠎ᠠ ᠮᠥᠴᠢᠷ᠂ ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠶᠢᠨ ᠬᠢᠨᠠᠨ ᠵᠥᠪᠰᠢᠶᠡᠷᠡᠬᠦ | ᠭᠠᠷᠳᠠᠮ ᠢ ᠭᠦᠶᠴᠡᠳᠬᠡᠬᠦ ᠴᠢᠬᠤᠯᠠᠲᠠᠶ ᠪᠠᠶᠢᠪᠠᠯ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ 》 ᠭᠡᠵᠦ ᠵᠠᠰᠠᠪᠤᠷᠢ | ᠣᠷᠣᠭᠤᠯᠪᠠ ᠃ ᠨᠢᠭᠡ ᠳᠤ᠂《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠭᠤ ᠱᠤᠤᠭᠢᠶᠠᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》 ᠶᠢ 2021 ᠣᠨ ᠤ 12 ᠰᠠᠷ᠎ᠠ ᠶᠢᠨ 24 ᠤ ᠡᠳᠦᠷ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠲᠤᠯᠠᠵᠤ᠂ 2022 | ᠣᠨ ᠤ 6 ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠬᠦᠯᠦᠨ᠂ 《 ᠣᠷᠴᠢᠨ ᠲᠣᠭᠤᠷᠢᠨ ᠤ ᠲᠠᠭᠤ | ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》 ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠵᠤᠭ᠎ᠠ ᠴᠡᠩᠭᠡᠯ ᠤᠨ ᠭᠠᠵᠠᠷ ᠤᠨ ᠣᠷᠴᠢᠨ ᠲᠣᠭᠤᠷᠢᠨ ᠤ ᠲᠠᠭᠤ ᠱᠤᠤᠭᠢᠶᠠᠨ ᠢ ᠪᠠᠷᠢᠮᠵᠢᠶ᠎ᠠ ᠳᠤ ᠬᠦᠷᠭᠡᠬᠦ ᠨᠢ | ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠤᠭ᠎ᠠ ᠴᠡᠩᠭᠡᠯ ᠤᠨ ᠭᠠᠵᠠᠷ ᠢ ᠬᠢᠨᠠᠨ | ᠵᠥᠪᠰᠢᠶᠡᠷᠡᠬᠦ ᠤᠷᠢᠳᠠᠴᠢ ᠨᠥᠬᠦᠴᠡᠯ ᠪᠢᠰᠢ ᠪᠣᠯᠤᠨ᠎ᠠ ᠃ ᠬᠤᠶᠠᠷ ᠲᠤ᠂ 2021 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠦᠭᠰᠡᠨ《 ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠨᠡᠷᠡᠰ ( 2021 ᠣᠨ ᠤ | ᠬᠡᠪᠯᠡᠯ ) 》 ᠳᠤ᠂ ᠵᠤᠭ᠎ᠠ ᠴᠡᠩᠭᠡᠯ ᠤᠨ ᠭᠠᠵᠠᠷ ᠢ ᠪᠥᠲᠥᠭᠡᠨ ᠪᠠᠶᠢᠭᠤᠯᠬᠤ ᠳᠤ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ ᠳᠡᠩᠰᠡᠯᠡᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠨᠢᠭᠡᠨᠲᠡ | ᠬᠦᠴᠦᠨ ᠥᠬᠡᠶ ᠪᠣᠯᠭᠠᠪᠠ᠃ ᠡᠭᠦᠨ ᠢ ᠦᠨᠳᠦᠰᠦᠯᠡᠪᠡᠯ᠂ ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ ᠦᠶ᠎ᠡ ᠳᠤ | ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ | ᠳᠠᠩᠰᠠᠯᠠᠭᠤᠯᠤᠭᠰᠠᠨ ᠭᠡᠷᠡᠴᠢ ᠪᠢᠴᠢᠭ ᠬᠠᠩᠭᠠᠬᠤ ᠶᠢ ᠳᠠᠭᠢᠵᠤ ᠱᠠᠭᠠᠷᠳᠠᠬᠤ ᠥᠬᠡᠶ᠃《 ᠵᠤᠭ᠎ᠠ ᠴᠡᠩᠭᠡᠯ ᠤᠨ | ᠭᠠᠵᠠᠷ ᠤᠨ ᠬᠠᠮᠢᠶᠠᠷᠤᠯᠲᠠ ᠶᠢᠨ ᠲᠦᠷᠢᠮ 》 ᠲᠠᠢ ᠨᠢᠭᠡᠳᠦᠯᠲᠡᠶ ᠪᠠᠶᠢᠯᠭᠠᠬᠤ ᠶᠢᠨ ᠲᠥᠯᠥᠭᠡ᠂ 《 ᠬᠤᠯᠪᠣᠭᠳᠠᠯ | ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ᠂ | ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠶᠢ ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠬᠢᠬᠦ ᠴᠢᠬᠤᠯᠠᠲᠠᠶ | ᠭᠡᠵᠦ ᠲᠣᠭᠲᠠᠭᠠᠭᠰᠠᠨ ᠪᠠᠶᠢᠪᠠᠯ ᠲᠡᠷᠡ ᠲᠣᠭᠲᠠᠭᠠᠯ ᠢ ᠵᠢᠷᠤᠮᠯᠠᠨ᠎ᠠ 》 ᠭᠡᠵᠦ ᠵᠠᠰᠠᠪᠤᠷᠢ ᠣᠷᠣᠭᠤᠯᠪᠠ ᠃ | ᠲᠠᠪᠤ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠵᠤᠭ᠎ᠠ ᠴᠡᠩᠭᠡᠯ ᠤᠨ ᠭᠠᠵᠠᠷ ᠨᠢ | ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠬᠦ ᠪᠠᠷ ᠭᠤᠶᠤᠴᠢᠯᠠᠬᠤ ᠳᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ | ᠳᠠᠩᠰᠠᠯᠠᠭᠤᠯᠤᠭᠰᠠᠨ ᠭᠡᠷᠡᠴᠢ ᠪᠢᠴᠢᠭ ᠬᠠᠩᠭᠠᠬᠤ ᠶᠢ ᠱᠠᠭᠠᠷᠳᠠᠬᠤ ᠥᠬᠡᠶ ᠤᠤ︖ | ᠰᠢᠨ᠎ᠡ ᠪᠠᠷ ᠵᠠᠰᠠᠪᠤᠷᠢ ᠣᠷᠣᠭᠤᠯᠤᠭᠰᠠᠨ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ | ᠤᠨᠲᠠᠷᠠᠭᠠᠬᠤ ᠬᠠᠤᠯᠢ 》 ᠨᠢ ᠣᠯᠠᠨ ᠨᠡᠶᠢᠲᠡ ᠴᠤᠭᠯᠠᠷᠠᠬᠤ ᠭᠠᠵᠠᠷ ᠲᠠᠯᠠᠪᠤᠷ ᠲᠤ ᠠᠰᠢᠭᠯᠠᠯᠲᠠ ᠳᠤ ᠣᠷᠣᠭᠤᠯᠬᠤ | ᠂ ᠡᠵᠡᠩᠨᠡᠬᠦ ᠠᠴᠠ ᠡᠮᠦᠨ᠎ᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠴᠠᠭᠠᠯᠲᠠ ᠶᠢ ᠮᠡᠳᠡᠭᠳᠡᠬᠦ ᠠᠮᠠᠯᠠᠯᠲᠠ | ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠤᠯᠠᠨ ᠨᠡᠶᠢᠲᠡ ᠶᠢᠨ ᠬᠤᠷᠠᠨ ᠴᠤᠭᠯᠠᠷᠠᠬᠤ ᠲᠠᠯᠠᠪᠤᠷ ᠭᠠᠵᠠᠷ ᠢ | ᠠᠰᠢᠭᠯᠠᠯᠲᠠ ᠳᠤ ᠣᠷᠣᠭᠤᠯᠤᠨ ᠬᠡᠷᠡᠭᠯᠡᠬᠦ᠂ ᠡᠵᠡᠩᠨᠡᠬᠦ ᠠᠴᠠ ᠡᠮᠦᠨ᠎ᠡ᠂ ᠪᠦᠳᠦᠭᠡᠨ ᠪᠠᠶᠢᠭᠤᠯᠬᠤ ᠨᠢᠭᠡᠴᠢ ᠪᠤᠶᠤ | ᠬᠡᠷᠡᠭᠯᠡᠬᠦ ᠨᠢᠭᠡᠴᠢ ᠨᠢ ᠲᠠᠯᠠᠪᠤᠷ ᠭᠠᠵᠠᠷ ᠤᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ | ᠪᠠᠶᠢᠭᠤᠯᠤᠮᠵᠢ ᠳᠤ ᠭᠠᠯ ᠰᠡᠷᠭᠡᠶᠢᠯᠡᠨ ᠤᠨᠲᠠᠷᠠᠭᠠᠬᠤ ᠠᠶᠤᠯ ᠦᠭᠡᠢ ᠶᠢᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ | ᠬᠡᠷᠡᠭᠲᠡᠢ ᠃ ᠵᠤᠭ᠎ᠠ ᠴᠡᠩᠭᠡᠯ ᠤᠨ ᠭᠠᠵᠠᠷ ᠵᠡᠷᠭᠡ ᠣᠯᠠᠨ ᠨᠡᠶᠢᠲᠡ ᠶᠢᠨ ᠴᠤᠭᠯᠠᠷᠠᠬᠤ ᠭᠠᠵᠠᠷ ᠲᠠᠯᠠᠪᠤᠷ ᠨᠢ ᠭᠠᠯ | ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠢ ᠣᠯᠤᠭᠠᠳᠤᠶ ᠪᠣᠯ ᠠᠰᠢᠭᠯᠠᠯᠲᠠ ᠳᠤ | ᠣᠷᠣᠭᠤᠯᠤᠨ ᠬᠡᠷᠡᠭᠯᠡᠵᠦ᠂ ᠡᠵᠡᠩᠨᠡᠵᠦ ᠪᠣᠯᠬᠤ ᠦᠭᠡᠶ ᠃ ᠡᠭᠦᠨ ᠤ ᠬᠠᠮᠲᠤ᠂ ᠣᠯᠠᠨ ᠨᠡᠶᠢᠲᠡ ᠶᠢᠨ ᠴᠤᠭᠯᠠᠷᠠᠬᠤ | ᠭᠠᠵᠠᠷ ᠲᠠᠯᠠᠪᠤᠷ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠶ ᠪᠠᠷ ᠳᠤᠷ᠎ᠠ | ᠪᠠᠷ ᠢᠶᠠᠨ ᠬᠡᠷᠡᠭᠯᠡᠯᠲᠡ᠂ ᠡᠵᠡᠩᠨᠡᠯᠲᠡ ᠳᠤ ᠣᠷᠣᠭᠤᠯᠤᠭᠰᠠᠨ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠲᠤᠰ ᠲᠤᠰ ᠤᠨ ᠡᠷᠬᠡ ᠲᠤᠰᠢᠶᠠᠯ ᠤᠨ ᠢᠶᠠᠨ ᠶᠣᠰᠣᠭᠠᠷ ᠪᠠᠷᠢᠯᠭ᠎ᠠ ᠪᠠᠷᠢᠬᠤ ᠶᠢ ᠨᠢ | ᠵᠠᠷᠯᠢᠭᠳᠠᠨ ᠵᠣᠭᠰᠣᠭᠠᠵᠤ᠂ ᠬᠡᠷᠡᠭᠯᠡᠬᠦ ᠶᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠠᠵᠢᠯ ᠢ ᠨᠢ ᠵᠣᠭᠰᠣᠭᠠᠬᠤ ᠶᠢᠨ | ᠬᠠᠮᠲᠤ ᠭᠤᠷᠪᠠᠨ ᠲᠦᠮᠡᠨ ᠲᠥᠭᠦᠷᠢᠭ ᠠᠴᠠ ᠳᠡᠭᠡᠭᠰᠢ ᠭᠤᠴᠢᠨ ᠲᠦᠮᠡᠨ ᠲᠥᠭᠦᠷᠢᠭ ᠠᠴᠠ ᠳᠣᠷᠣᠭᠰᠢ ᠵᠣᠭᠤᠰ | ᠢᠶᠠᠷ ᠲᠣᠷᠭᠠᠨ᠎ᠠ ᠃ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠬᠠᠮᠲᠤ 《 | ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠳᠦᠷᠢᠮ 》 ᠲᠠᠢ ᠨᠢᠭᠡᠳᠦᠯᠲᠡᠶ ᠪᠠᠶᠢᠯᠭᠠᠬᠤ ᠶᠢᠨ ᠲᠤᠰᠠᠳᠠ᠂ | ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠤᠭ᠎ᠠ ᠴᠡᠩᠭᠡᠯ ᠤᠨ ᠭᠠᠵᠠᠷ ᠢ ᠬᠢᠨᠠᠨ | ᠵᠥᠪᠰᠢᠶᠡᠷᠡᠬᠦ ᠳᠤ ᠭᠠᠯ ᠤᠨᠲᠠᠷᠠᠭᠠᠬᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠪᠤᠶᠤ ᠳᠠᠩᠰᠠᠯᠠᠭᠤᠯᠤᠭᠰᠠᠨ ᠭᠡᠷᠡᠴᠢ | ᠬᠠᠩᠭᠠᠬᠤ ᠪᠠᠷ ᠱᠠᠭᠠᠷᠳᠠᠬᠤ ᠦᠭᠡᠶ ᠃ | ᠵᠢᠷᠭᠤᠭ᠎ᠠ᠂ 《 ᠠᠷᠭ᠎ᠠ 》 ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠳᠤᠷ᠎ᠠ ᠪᠠᠷ ᠢᠶᠠᠨ ᠵᠤᠭ᠎ᠠ | ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠬᠢᠨᠠᠨ ᠬᠠᠮᠢᠶᠠᠷᠬᠤ ᠡᠷᠴᠢᠮ ᠴᠢᠩᠭᠠᠷᠠᠭᠰᠠᠨ ᠡᠰᠡᠬᠦ | ︖ | 《 ᠠᠷᠭ᠎ᠠ 》 ᠶᠢᠨ ᠬᠤᠷᠢᠨ ᠨᠠᠶᠮᠠᠳᠤᠭᠠᠷ ᠵᠦᠶᠯ ᠳᠤ᠂ 《 ᠬᠦᠴᠦᠨ ᠥᠬᠡᠶ ᠪᠣᠯᠭᠠᠬᠤ 》 ᠳᠤ | ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠴᠤ ᠪᠣᠯᠬᠤ ᠶᠢ | ᠲᠣᠳᠣᠷᠬᠠᠶᠢᠯᠠᠭᠰᠠᠨ ᠤ ᠬᠠᠮᠲᠤ᠂ 《 ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ 》 ᠶᠢᠨ ᠶᠣᠰᠣᠭᠠᠷ ᠦᠨᠡᠮᠯᠡᠯ | ᠥᠬᠡᠶ ᠪᠠᠷ ᠡᠵᠡᠩᠨᠡᠭᠡᠳ ᠣᠯᠤᠭᠰᠠᠨ ᠬᠠᠤᠯᠢ ᠠᠴᠠ ᠵᠥᠷᠢᠴᠡᠭᠰᠡᠨ ᠠᠰᠢᠭ ᠣᠯᠵᠠᠪᠤᠷᠢ ᠶᠢ ᠨᠢ ᠬᠤᠷᠢᠶᠠᠨ ᠠᠪᠬᠤ | ᠪᠠᠷ ᠲᠣᠳᠣᠷᠬᠠᠶ ᠲᠣᠭᠲᠠᠭᠠᠪᠠ ᠃ ᠨᠢᠭᠡ ᠳᠤ᠂ ᠡᠭᠦᠳᠡ ᠶᠢ ᠨᠢ ᠬᠠᠭᠠᠯᠭᠠᠬᠤ ᠪᠠᠷ ᠵᠠᠷᠯᠢᠭᠳᠠᠬᠤ ᠵᠡᠷᠭᠡ ᠠᠷᠭ᠎ᠠ | ᠬᠡᠯᠪᠡᠷᠢ ᠪᠠᠷ ᠴᠠᠭᠠᠵᠠᠯᠠᠬᠤ ᠶᠢ ᠲᠣᠳᠣᠷᠬᠠᠶᠢᠯᠠᠪᠠ ᠃ 《 ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ | ᠲᠦᠷᠢᠮ 》 ᠤᠨ ᠳᠥᠴᠢᠨ ᠨᠢᠭᠡᠳᠦᠭᠡᠷ ᠵᠦᠢᠯ ᠳᠤ᠄ 《 ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠵᠤᠭ᠎ᠠ | ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠪᠠᠶᠢᠪᠠᠯ᠂ ᠰᠣᠶᠣᠯ ᠤᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭᠠᠷ ᠴᠠᠭᠠᠵᠠᠯᠠᠨ᠎ᠠ 》 ᠭᠡᠵᠦ ᠲᠣᠭᠲᠠᠭᠠᠵᠠᠢ ᠃ ᠬᠤᠶᠠᠷ ᠲᠤ | ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠠᠷᠭ᠎ᠠ ᠮᠠᠶ᠋ᠢᠭ ᠢᠶᠠᠷ ᠵᠠᠰᠠᠭ | ᠵᠠᠬᠢᠷᠭᠠᠨ ᠤ ᠰᠢᠢᠳᠬᠡᠯ ᠥᠭᠴᠦ ᠪᠣᠯᠤᠨ᠎ᠠ ᠭᠡᠵᠦ ᠲᠣᠳᠣᠷᠬᠠᠶ ᠲᠣᠭᠲᠠᠭᠠᠪᠠ ᠃ 《 ᠵᠠᠰᠠᠭ ᠵᠠᠬᠢᠷᠭᠠᠨ ᠤ | ᠰᠢᠢᠳᠬᠡᠯ ᠤᠨ ᠬᠠᠤᠯᠢ 》 ᠶᠢᠨ ᠬᠤᠷᠢᠨ ᠨᠠᠢᠮᠠᠳᠤᠭᠠᠷ ᠵᠦᠢᠯ ᠤᠨ 《 ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ | ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠳᠤ ᠪᠠᠨ ᠲᠤᠬᠠᠢ ᠶᠢᠨ ᠬᠥᠮᠦᠨ ᠢ ᠵᠠᠷᠯᠢᠭᠳᠠᠵᠤ ᠪᠠᠶᠢᠭᠠᠳ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠯᠠᠷᠠᠭᠤᠯᠤᠭᠤᠯᠬᠤ ᠪᠤᠶᠤ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ | ᠬᠡᠷᠡᠭᠲᠡᠢ ᠃ ᠲᠤᠬᠠᠢ ᠶᠢᠨ ᠬᠥᠮᠦᠨ ᠨᠢ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠲᠠᠢ ᠪᠠᠶᠢᠪᠠᠯ᠂ | ᠬᠠᠤᠯᠢ ᠶᠣᠰᠣᠭᠠᠷ ᠪᠤᠴᠠᠭᠠᠵᠤ ᠥᠭᠬᠦ ᠪᠠ ᠲᠦᠯᠦᠬᠦ ᠶᠣᠰᠣᠲᠠᠢ ᠠᠴᠠ ᠪᠤᠰᠤᠳ ᠢ ᠨᠢ ᠬᠤᠷᠢᠶᠠᠨ ᠠᠪᠬᠤ ᠬᠡᠷᠡᠭᠲᠡᠢ | 》 ᠭᠡᠵᠦ ᠵᠠᠰᠠᠪᠠ ᠃ ᠭᠤᠷᠪᠠ ᠳᠤ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠲᠠᠢ | ᠵᠣᠯᠭᠠᠭᠤᠯᠵᠤ᠂ 《 ᠠᠷᠭ᠎ᠠ 》 ᠶᠢᠨ ᠬᠤᠷᠢᠨ ᠨᠠᠶᠮᠠᠳᠤᠭᠠᠷ ᠵᠦᠶᠯ ᠳᠤ ᠬᠢ《 ᠬᠠᠤᠯᠢ ᠶᠣᠰᠣᠭᠠᠷ ᠰᠣᠶᠣᠯ ᠤᠨ | ᠵᠠᠬ᠎ᠠ ᠳᠡᠯᠭᠡᠭᠦᠷ ᠤᠨ ᠬᠠᠷ᠎ᠠ ᠲᠠᠩᠰᠠ ᠳᠤ ᠣᠷᠣᠭᠤᠯᠬᠤ 》 ᠶᠢ 《 ᠬᠦᠨᠳᠦ ᠨᠣᠴᠢᠲᠠᠶ ᠢᠲᠡᠭᠡᠮᠵᠢ ᠠᠯᠳᠠᠭᠰᠠᠨ | ᠭᠤᠤᠯ ᠴᠣᠭᠴᠠ ᠶᠢᠨ ᠪᠠᠶᠢᠳᠠᠯ ᠳᠤ ᠨᠡᠶᠢᠴᠡᠪᠡᠯ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠭᠠᠳᠯᠠᠨ | ᠲᠣᠭᠲᠠᠭᠠᠬᠤ ᠶᠢᠨ ᠬᠠᠮᠲᠤ ᠵᠣᠬᠢᠬᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ | 》 ᠭᠡᠵᠦ ᠵᠠᠰᠠᠪᠠ ᠃ |