《ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ 》 ᠶᠢ ᠨᠡᠶᠢᠲᠡᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/6/23
      ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ᠬᠠᠮᠲᠤᠷᠠᠨ 《 ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ 》( ᠳᠣᠷᠣᠭᠰᠢ 《 ᠲᠥᠯᠥᠪᠵᠢᠭᠦᠯᠭᠡ 》 ᠭᠡᠵᠦ ᠲᠣᠪᠴᠢᠯᠠᠨ᠎ᠠ ) ᠶᠢ ᠳᠠᠷᠤᠮᠠᠯᠯᠠᠨ ᠲᠠᠷᠬᠠᠭᠠᠪᠠ  ᠃      《 ᠲᠥᠯᠥᠪᠵᠢᠭᠦᠯᠭᠡ 》 ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠬᠦ ᠶᠢ ᠴᠢᠬᠤᠯᠠᠴᠢᠯᠠᠨ᠂  ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠭᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠬᠠᠳᠤᠨ ᠭᠤᠤᠯ ᠤᠨ ᠰᠣᠶᠣᠯ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠪᠠᠳᠠᠷᠠᠭᠤᠯᠬᠤ ᠪᠠᠷ ᠭᠤᠤᠯ ᠰᠡᠳᠦᠪ ᠪᠣᠯᠭᠠᠵᠤ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠥᠷᠲᠡᠭ ᠢ ᠭᠦᠨᠵᠡᠭᠡᠶ ᠠᠭᠤᠳᠠᠯᠵᠤ᠂ ᠬᠠᠲᠤᠨ ᠭᠤᠣᠯ ᠤᠨ ᠰᠣᠶᠣᠯ ᠤᠨ ᠥᠪ ᠤᠨ ᠰᠢᠰᠲ᠋ᠧᠮ ᠤᠨ ᠬᠠᠮᠠᠭᠠᠯᠠᠯᠲᠠ ᠶᠢ ᠲᠦᠯᠬᠢᠨ  ᠠᠬᠢᠭᠤᠯᠵᠤ᠂ ᠬᠠᠲᠤᠨ ᠭᠤᠤᠯ ᠤᠨ ᠰᠣᠶᠣᠯ  ᠢ ᠤᠯᠠᠮᠵᠢᠯᠠᠨ ᠠᠰᠢᠭᠯᠠᠬᠤ ᠳᠤ ᠰᠢᠨ᠎ᠡ ᠶᠢ ᠡᠭᠦᠳᠴᠤ᠂ ᠣᠯᠠᠨ ᠤᠯᠤᠰ ᠤᠨ ᠨᠥᠯᠥᠭᠡᠯᠡᠬᠦ ᠬᠦᠴᠦᠨ ᠲᠠᠢ ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠪᠦᠰᠡ ᠶᠢ ᠴᠤᠭᠴᠠᠯᠠᠵᠤ᠂ ᠰᠢᠨ᠎ᠡ ᠴᠠᠭ ᠦᠶ᠎ᠡ ᠶᠢᠨ ᠬᠠᠳᠤᠨ ᠭᠤᠤᠯ ᠤᠨ ᠦᠯᠢᠭᠡᠷ ᠢ ᠰᠠᠶᠢᠲᠤᠷ ᠶᠠᠷᠢᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠪᠡ᠃ ᠬᠠᠲᠤᠨ ᠭᠤᠤᠯ ᠤᠨ ᠰᠣᠶᠣᠯ ᠤᠨ ᠬᠠᠲᠤᠨ ᠭᠤᠤᠯ ᠳᠠᠭᠠᠤ ᠭᠠᠵᠠᠷ ᠣᠷᠣᠨ ᠤ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ᠂ ᠠᠮᠢ ᠠᠬᠤᠶ ᠶᠢᠨ ᠬᠠᠮᠠᠭᠠᠯᠠᠯᠲᠠ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠵᠡᠷᠭᠡ ᠲᠠᠯ᠎ᠠ ᠶᠢᠨ ᠴᠢᠬᠤᠯᠠ ᠦᠶᠯᠡᠳᠦᠯ ᠢ ᠭᠦᠶᠴᠡᠳ ᠪᠠᠲᠠᠷᠠᠭᠤᠯᠬᠤ ᠪᠠᠷ ᠴᠢᠷᠮᠠᠶᠢᠨ᠎ᠠ᠃      《 ᠲᠥᠯᠥᠪᠵᠢᠭᠦᠯᠭᠡ 》 ᠳᠤ᠂ ᠬᠥᠮᠦᠨ ᠢᠶᠠᠷ ᠦᠨᠳᠦᠰᠦ ᠪᠣᠯᠭᠠᠬᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠴᠠᠭ ᠦᠶ᠎ᠡ  ᠶᠢᠨ ᠤᠯᠠᠮᠵᠢᠯᠠᠯ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠬᠤ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠶᠢ ᠴᠢᠩᠭᠠᠳᠬᠠᠵᠤ᠂ ᠬᠠᠳᠤᠨ ᠭᠤᠣᠯ ᠤᠨ ᠰᠣᠶᠣᠯ ᠤᠨ ᠡᠬᠢ ᠪᠠᠶᠠᠯᠢᠭ ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠰᠢᠰᠲ᠋ᠧᠮᠲᠦ ᠴᠢᠨᠠᠷ ᠪᠠ ᠬᠠᠮᠵᠢᠯᠴᠠᠬᠤ ᠴᠢᠨᠠᠷ ᠢ ᠳᠡᠭᠡᠭᠰᠢᠯᠡᠭᠦᠯᠵᠦ᠂ ᠬᠠᠳᠤᠨ ᠭᠤᠣᠯ ᠳᠠᠭᠠᠤ ᠶᠢᠨ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠣᠶᠣᠯ ᠢᠶᠠᠷ ᠠᠷᠠᠳ ᠢ ᠬᠥᠮᠦᠵᠢᠭᠦᠯᠵᠦ ᠠᠷᠠᠳ ᠲᠤ ᠠᠰᠢᠭ ᠬᠦᠷᠲᠡᠭᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ 2025 ᠣᠨ ᠪᠣᠯᠬᠤ ᠳᠤ᠂ ᠬᠠᠳᠤᠨ ᠭᠤᠤᠯ ᠤᠨ ᠰᠣᠶᠣᠯ ᠢ ᠠᠭᠤᠳᠠᠯᠤᠨ ᠰᠤᠳᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠪᠠ ᠰᠣᠶᠣᠯ ᠤᠨ ᠥᠪ ᠢ ᠪᠦᠲᠦᠮᠵᠢᠲᠡᠶ ᠬᠠᠮᠠᠭᠠᠯᠠᠨ ᠤᠯᠠᠮᠵᠢᠯᠠᠵᠤ᠂ ᠬᠠᠳᠤᠨ ᠭᠤᠤᠯ ᠤᠨ ᠰᠣᠶᠣᠯ ᠤᠨ ᠨᠥᠯᠥᠭᠡᠯᠡᠬᠦ ᠬᠦᠴᠦᠨ ᠢ ᠢᠯᠡᠳᠲᠡ ᠥᠷᠭᠡᠳᠬᠡᠵᠦ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤᠮᠳᠠᠬᠢ ᠬᠠᠳᠤᠨ ᠭᠤᠤᠯ ᠤᠨ ᠰᠣᠶᠣᠯ ᠤᠨ ᠦᠶᠯᠡᠳᠦᠯ ᠢ ᠨᠠᠩ ᠲᠤᠪᠤᠶᠢᠮ᠎ᠠ ᠪᠣᠯᠭᠠᠬᠤ ᠪᠠᠷ ᠴᠢᠷᠮᠠᠶᠢᠨ᠎ᠠ  ᠭᠡᠵᠦ ᠳᠤᠷᠠᠳᠪᠠ  ᠃      ᠣᠶᠢᠷ᠎ᠠ ᠶᠢᠨ ᠬᠤᠶᠠᠷ ᠵᠢᠯ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ   ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠤ ᠪᠠᠨ ᠣᠷᠣᠭᠤᠯᠵᠤ᠂ ᠬᠠᠲᠤᠨ ᠭᠤᠤᠯ ᠤᠨ ᠰᠣᠶᠣᠯ ᠤᠨ ᠰᠤᠳᠤᠯᠭᠠᠨ᠂ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ  ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠪᠠ ᠬᠠᠮᠠᠭᠠᠯᠠᠯᠲᠠ᠂ ᠬᠠᠲᠤᠨ ᠭᠤᠤᠯ ᠤᠨ ᠰᠡᠳᠦᠪᠲᠦ ᠤᠷᠠᠯᠢᠭ  ᠤᠨ ᠵᠣᠬᠢᠶᠠᠨ ᠪᠦᠲᠦᠭᠡᠯᠭᠡ᠂ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠦᠶᠯᠡᠰ ᠤᠨ ᠬᠥᠭᠵᠢᠯᠲᠡ ᠵᠡᠷᠭᠡ ᠲᠠᠯ᠎ᠠ ᠪᠠᠷ ᠮᠠᠰᠢ ᠣᠯᠠᠨ ᠪᠦᠲᠦᠮᠵᠢᠲᠡᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ  ᠃《 ᠲᠥᠯᠥᠪᠵᠢᠭᠦᠯᠭᠡ 》 ᠶᠢ ᠨᠡᠶᠢᠲᠡᠯᠡᠭᠰᠡᠨ ᠤ ᠳᠠᠷᠠᠭ᠎ᠠ ᠪᠠᠰᠠ ᠬᠠᠲᠤᠨ ᠭᠤᠤᠯ ᠤᠨ ᠰᠠᠪᠠ ᠭᠠᠵᠠᠷ ᠤᠨ ᠲᠣᠮᠣ ᠪᠠᠭᠤᠷᠢ ᠶᠢ ᠬᠠᠮᠠᠭᠠᠯᠠᠬᠤ᠂ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠬᠠᠲᠤᠨ ᠭᠤᠤᠯ ᠤᠨ ᠰᠣᠶᠣᠯ ᠵᠢᠭᠤᠯᠴᠢᠯᠠᠯ  ᠤᠨ ᠦᠶᠯᠡᠳᠬᠦᠨ ᠪᠠ ᠵᠠᠮ ᠱᠤᠭᠤᠮ ᠢ  ᠪᠦᠲᠦᠭᠡᠭᠦ ᠵᠡᠷᠭᠡ ᠲᠠᠢ ᠤᠯᠠᠮ ᠨᠢᠭᠡ ᠠᠯᠬᠤᠮ ᠤᠶᠠᠯᠳᠤᠭᠤᠯᠤᠨ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ᠭᠤᠤᠯᠳᠠᠯᠭ᠎ᠠ ᠲᠠᠢ ᠢᠨᠵᠧᠨᠧᠷᠢᠩ ᠤᠨ ᠵᠦᠶᠯᠡᠰ ᠢ ᠬᠡᠷᠡᠭᠵᠢᠭᠦᠯᠬᠦ ᠶᠢ ᠳᠥᠯᠭᠢᠨ ᠠᠬᠢᠭᠤᠯᠬᠤ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ᠂ ᠪᠣᠳᠠᠰ ᠤᠨ ᠪᠤᠰᠤ ᠰᠣᠶᠣᠯ ᠤᠨ ᠥᠪ᠂ ᠵᠢᠭᠤᠯᠴᠢᠯᠠᠯ ᠵᠡᠷᠭᠡ ᠲᠤᠰᠬᠠᠶ ᠲᠥᠯᠥᠪᠵᠢᠭᠦᠯᠭᠡ ᠶᠢ ᠦᠷᠭᠦᠯᠵᠢᠯᠡᠨ ᠨᠡᠶᠢᠲᠡᠯᠡᠬᠦ ᠪᠣᠯᠤᠨ᠎ᠠ  ᠃ 《 ᠲᠥᠯᠥᠪᠵᠢᠭᠦᠯᠭᠡ 》 ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠨᠢ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠳᠤ ᠵᠢᠯᠣᠭᠤᠳᠣᠯᠭ᠎ᠠ ᠪᠠ ᠪᠠᠲᠤᠯᠠᠭ᠎ᠠ ᠬᠠᠩᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠨᠠᠩ ᠰᠠᠶᠢᠨ ᠬᠦᠴᠦᠨ ᠨᠡᠮᠡᠷᠢᠯᠡᠬᠦ ᠪᠣᠯᠤᠨ᠎ᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ  ᠤ ᠵᠠᠰᠠᠭ  ᠤᠨ ᠤᠷᠲᠤᠨ  ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号