ᠪᠠᠭᠲᠠᠭᠠᠮᠵᠢᠲᠠᠶ ᠪᠣᠯᠭᠤᠮᠵᠢᠲᠠᠶ ᠪᠠᠶᠢᠬᠤ ᠶᠢ ᠪᠠᠷᠢᠮᠲᠠᠯᠠᠨ ᠦᠨᠳᠦᠰᠦᠨ ᠱᠠᠭᠠᠷᠳᠠᠯᠭ᠎ᠠ ᠤᠯᠠᠭᠠᠨ ᠱᠤᠭᠤᠮ ᠢ  ᠵᠠᠭᠠᠭᠯᠠᠵᠤ  ᠠᠭᠤᠯᠭ᠎ᠠ ᠶᠢᠨ ᠬᠠᠮᠢᠶᠠᠷᠤᠯᠲᠠ ᠪᠠ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ  ᠶᠢ ᠴᠢᠩᠭᠠᠳᠬᠠᠨ᠎ᠠ — ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ  ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/7/14
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ︽ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ ᠠᠩᠬ᠎ᠠ ᠤᠳᠠᠭ᠎ᠠ ᠪᠥᠬᠦ ᠤᠯᠤᠰ ᠤᠨ ᠬᠡᠪᠴᠢᠶᠡᠨ ᠳᠤ ᠵᠦᠴᠦᠭᠡᠯᠡᠨ ᠲᠤᠯᠤᠯᠳᠤᠬᠤ᠂ ᠨᠢᠭᠤᠴᠠ ᠦᠷᠦᠭᠡᠨ ᠠᠴᠠ ᠮᠤᠯᠲᠤᠷᠠᠬᠤ ᠵᠡᠷᠭᠡ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠬᠠᠮᠢᠶᠠᠷᠤᠯᠲᠠ ᠳᠤ ᠣᠷᠣᠭᠤᠯᠪᠠ᠃       ︽ᠮᠡᠳᠡᠭᠳᠡᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠪᠥᠬᠦᠳᠡ ᠬᠤᠷᠠᠯ ᠪᠣᠯᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠬᠤ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠶᠢ ᠦᠭᠡᠷᠡᠴᠢᠯᠡᠬᠦ ᠬᠢᠭᠡᠳ ᠪᠠᠭᠲᠠᠭᠠᠮᠵᠢᠲᠠᠶ ᠪᠣᠯᠭᠤᠮᠵᠢᠲᠠᠶ ᠪᠠᠷ ᠬᠢᠨᠠᠨ ᠬᠠᠮᠢᠶᠠᠷᠬᠤ ᠶᠢ ᠪᠠᠷᠢᠮᠲᠠᠯᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠣᠨᠴᠠᠯᠢᠭ ᠲᠤ ᠵᠣᠬᠢᠴᠠᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠣᠭᠲᠠᠭᠠᠵᠤ᠂ ᠡᠵᠡᠩᠨᠡᠯᠲᠡ ᠶᠢᠨ ᠦᠨᠳᠦᠰᠦᠨ ᠱᠠᠭᠠᠷᠳᠠᠯᠭ᠎ᠠ ᠤᠯᠠᠭᠠᠨ ᠱᠤᠭᠤᠮ ᠢ ᠲᠣᠳᠤᠷᠬᠠᠶᠢᠯᠠᠨ᠂ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠪᠣᠯᠤᠨ ᠬᠠᠮᠵᠢᠯᠴᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠨᠢᠭᠡ ᠳᠤ᠂ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠡᠵᠡᠩᠨᠡᠯᠲᠡ ᠶᠢᠨ ᠬᠡᠪᠴᠢᠶ᠎ᠡ ᠶᠢ ︽ᠵᠦᠴᠦᠭᠡᠯᠡᠬᠦ ᠨᠠᠭᠠᠳᠤᠭᠠᠨ ᠤ ᠠᠵᠢᠯᠯᠠᠭ᠎ᠠ︾ ᠪᠣᠯᠭᠠᠬᠤ ᠶᠢᠨ ᠬᠠᠮᠲᠤ ᠬᠡᠷᠡᠭ ᠤᠨ ᠳᠠᠷᠠᠭ᠎ᠠ ᠮᠡᠳᠡᠭᠳᠡᠬᠦ ᠴᠢᠨᠠᠷᠲᠠᠶ ᠪᠠᠷ ᠳᠠᠩᠰᠠᠯᠠᠬᠤ  ᠶᠢ ᠬᠡᠷᠡᠭᠵᠢᠭᠦᠯᠦᠨ᠎ᠡ︔ ᠬᠤᠶᠠᠷ ᠲᠤ᠂ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠭᠤᠯᠭ᠎ᠠ ᠶᠢᠨ ᠬᠠᠮᠢᠶᠠᠷᠤᠯᠲᠠ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂  ᠠᠶᠤᠯ ᠦᠭᠡᠢ ᠦᠶᠯᠡᠳᠪᠦᠷᠢᠯᠡᠯ᠂ ᠦᠨᠡᠨᠴᠢ ᠢᠲᠡᠭᠡᠮᠵᠢᠲᠡᠶ ᠪᠠᠷ ᠬᠠᠤᠯᠢ ᠰᠠᠬᠢᠵᠤ ᠡᠵᠡᠩᠨᠡᠬᠦ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ ᠵᠡᠷᠭᠡ ᠲᠠᠪᠤᠨ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ︔ ᠭᠤᠷᠪᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠬᠢᠨᠠᠨ ᠬᠠᠮᠢᠶᠠᠷᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ︔ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠶᠢ ᠳᠣᠭᠢᠷᠠᠭᠤᠯᠵᠤ᠂ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠬᠥᠲᠥᠯᠦᠨ ᠵᠢᠯᠣᠭᠤᠳᠴᠤ ᠪᠠᠶᠢᠭᠠᠳ ᠨᠢᠭᠡ ᠵᠢᠯ ᠤᠨ ᠲᠥᠷᠥ ᠶᠢᠨ ᠪᠣᠳᠣᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠶᠢ ᠠᠰᠢᠭᠯᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠦᠷᠨᠢᠭᠦᠯᠦᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢ ᠪᠡᠶᠡᠯᠡᠭᠦᠯᠦᠨ᠎ᠡ᠃       ︽ᠮᠡᠳᠡᠭᠳᠡᠯ︾ ᠨᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠢᠳᠡᠪᠬᠢᠲᠡᠶ ᠪᠠᠷ ᠰᠢᠨ᠎ᠡ ᠶᠢ ᠡᠭᠦᠳᠪᠡ᠃ ᠨᠢᠭᠡ ᠳᠤ᠂ ᠤᠯᠠᠮᠵᠢᠯᠠᠯᠲᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠲᠠᠶᠠᠭᠳᠠᠨ᠂ ᠮᠡᠳᠡᠭᠳᠡᠬᠦ ᠴᠢᠨᠠᠷᠲᠠᠶ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠮᠡᠳᠡᠭᠳᠡᠬᠦ ᠴᠢᠨᠠᠷᠲᠠᠶ ᠪᠦᠷᠢᠳᠬᠡᠨ ᠳᠠᠩᠰᠠᠯᠠᠬᠤ ᠠᠷᠭ᠎ᠠ ᠮᠠᠶ᠋ᠢᠭ ᠢᠶᠠᠷ ᠲᠠᠯᠠᠪᠤᠷ ᠭᠠᠵᠠᠷ ᠵᠢᠴᠢ ᠲᠠᠯᠠᠪᠤᠷ ᠭᠠᠵᠠᠷ ᠲᠤ ᠬᠡᠷᠡᠭᠯᠡᠬᠦ ᠵᠦᠴᠦᠭᠡ ᠶᠢᠨ ᠡᠬᠡ ᠵᠣᠬᠢᠶᠠᠯ ᠤᠨ ᠵᠢᠭᠰᠠᠭᠠᠯᠲᠠ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠡᠪᠴᠢᠶᠠᠨ ᠳᠤ ᠣᠷᠣᠭᠤᠯᠵᠤ᠂ ᠬᠢᠨᠠᠨ ᠬᠠᠮᠢᠶᠠᠷᠬᠤ ᠭᠤᠤᠯᠳᠠᠯᠭ᠎ᠠ ᠪᠠᠨ ᠤᠯᠠᠮᠵᠢᠯᠠᠯ ᠢᠶᠠᠷ ᠬᠡᠷᠡᠭ ᠤᠨ ᠡᠮᠦᠨ᠎ᠡ ᠬᠢᠨᠠᠨ ᠵᠦᠪᠰᠢᠶᠡᠷᠡᠬᠦ ᠪᠠᠶᠢᠭᠰᠠᠨ ᠠᠴᠠ ᠬᠡᠷᠡᠭ ᠤᠨ ᠳᠤᠮᠳᠠ ᠪᠠ ᠳᠠᠷᠠᠭ᠎ᠠ ᠬᠢᠨᠠᠨ ᠬᠠᠮᠢᠶᠠᠷᠬᠤ ᠲᠡᠶᠢᠰᠢ ᠬᠤᠪᠢᠷᠠᠭᠤᠯᠪᠠ︔ ᠬᠤᠶᠠᠷ ᠲᠤ᠂ ᠳᠠᠩᠰᠠᠯᠠᠬᠤ ᠳᠡᠰ ᠳᠠᠷᠠᠭᠠᠯᠠᠯ ᠢ ᠰᠢᠨ᠎ᠡ ᠪᠠᠷ  ᠡᠭᠦᠳᠦᠭᠰᠡᠨ ᠤ ᠬᠠᠮᠲᠤ ᠲᠣᠪᠴᠢᠯᠠᠨ ᠰᠢᠯᠢᠳᠡᠭᠵᠢᠭᠦᠯᠪᠡ᠃ ᠪᠦᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠳᠤ ᠲᠦᠰᠢᠭᠯᠡᠭᠡᠳ ᠠᠭᠤᠯᠵᠠᠬᠤ ᠦᠭᠡᠶ᠂ ᠴᠠᠭᠠᠰᠤᠴᠢᠯᠠᠬᠤ ᠦᠭᠡᠶ᠂ ᠨᠢᠭᠡ ᠥᠷᠲᠡᠭᠡᠴᠢᠯᠡᠭᠰᠡᠨ ᠮᠠᠶ᠋ᠢᠭ  ᠤᠨ ᠰᠦᠯᠵᠢᠶᠡᠨ ᠳᠡᠭᠡᠷ᠎ᠡ ᠳᠠᠩᠰᠠᠯᠠᠬᠤ ᠠᠷᠭ᠎ᠠ ᠶᠢ ᠠᠪᠤᠭᠰᠠᠨ ᠨᠢ ᠳᠠᠩᠰᠠᠯᠠᠬᠤ ᠬᠤᠭᠤᠴᠠᠭ᠎ᠠ ᠪᠣᠯᠤᠨ ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠤᠷᠠᠭᠤᠯᠵᠠᠢ᠃ ᠵᠠᠰᠠᠭ ᠵᠠᠬᠢᠷᠭᠠᠨ ᠤ ᠬᠠᠨᠳᠤᠯᠭ᠎ᠠ ᠲᠠᠢ ᠬᠥᠮᠦᠨ ᠬᠡᠵᠢᠶ᠎ᠡ ᠬᠠᠮᠢᠭ᠎ᠠ ᠴᠤ ᠦᠷᠨᠢᠭᠦᠯᠦᠨ ᠬᠢᠵᠦ ᠪᠣᠯᠬᠤ ᠪᠦᠭᠡᠳ ᠳᠠᠩᠰᠠᠯᠠᠬᠤ ᠪᠠᠨ ᠪᠡᠶᠡᠯᠡᠭᠦᠯᠵᠦ ᠪᠣᠯᠤᠨ᠎ᠠ︔ ᠭᠤᠷᠪᠠ ᠳᠤ᠂ ︽ᠲᠠᠯᠪᠢᠬᠤ ᠬᠠᠮᠢᠶᠠᠷᠬᠤ ᠶᠢ ᠤᠶᠠᠯᠳᠤᠭᠤᠯᠬᠤ︾ ᠶᠢ ᠪᠠᠷᠢᠮᠲᠠᠯᠠᠵᠤ᠂ ᠠᠭᠤᠯᠭ᠎ᠠ ᠶᠢᠨ ᠬᠠᠮᠢᠶᠠᠷᠤᠯᠲᠠ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠳᠤ ᠦᠨᠳᠦᠰᠦᠨ ᠱᠠᠭᠠᠷᠳᠠᠯᠭ᠎ᠠ ᠤᠯᠠᠭᠠᠨ ᠱᠤᠭᠤᠮ ᠢ ᠲᠣᠭᠲᠠᠭᠠᠵᠤ᠂ ᠠᠭᠤᠯᠭ᠎ᠠ ᠶᠢ ᠥᠪᠡᠰᠦᠪᠡᠨ ᠬᠢᠨᠠᠬᠤ ᠲᠣᠭᠲᠠᠴᠠ ᠶᠢ ᠪᠠᠶᠢᠭᠤᠯᠤᠨ᠂ ᠵᠥᠪ ᠲᠠᠯ᠎ᠠ ᠠᠴᠠ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠢ᠃       ︽ᠮᠡᠳᠡᠭᠳᠡᠯ︾ ᠨᠢ ᠠᠭᠤᠯᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠪᠠ᠃ ᠨᠢᠭᠡ ᠳᠤ᠂ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠲᠠᠯᠠᠪᠤᠷ ᠭᠠᠵᠠᠷ ᠲᠤ ᠭᠤᠣᠯ ᠬᠦᠭ ᠠᠶᠠᠰ ᠢ ᠴᠢᠪᠬᠠᠳᠠᠭᠰᠠᠨ᠂ ᠢᠳᠡᠪᠬᠢ ᠬᠦᠴᠦᠨ ᠢ ᠳᠠᠮᠵᠢᠭᠤᠯᠤᠭᠰᠠᠨ ᠵᠦᠴᠦᠭᠡ ᠶᠢᠨ ᠵᠣᠬᠢᠶᠠᠯ  ᠵᠠᠷᠤᠬᠤ ᠶᠢ ᠵᠣᠷᠢᠭᠵᠢᠭᠤᠯᠪᠠ ︔ ᠬᠤᠶᠠᠷ ᠲᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠭᠤᠯᠭ᠎ᠠ ᠶᠢ ᠥᠪᠡᠰᠦᠪᠡᠨ ᠬᠢᠨᠠᠬᠤ ᠲᠦᠷᠢᠮ ᠪᠠᠶᠢᠭᠤᠯᠬᠤ ᠶᠢ ᠱᠠᠭᠠᠷᠳᠠᠨ᠂ ᠵᠦᠴᠦᠭᠡ ᠶᠢᠨ ᠡᠭᠡ ᠵᠣᠬᠢᠶᠠᠯ ᠵᠢᠴᠢ ᠲᠣᠭᠯᠠᠯᠲᠠ᠂ ᠲᠠᠯᠠᠪᠤᠷ ᠦᠵᠡᠭᠳᠡᠯ᠂ ᠪᠠᠭᠠᠵᠢ ᠬᠡᠷᠡᠭᠰᠡᠯ᠂ ᠬᠤᠪᠴᠠᠰᠤ ᠵᠠᠰᠠᠯ ᠵᠡᠷᠭᠡ ᠠᠭᠤᠯᠭ᠎ᠠ ᠶᠢ ᠥᠪᠡᠰᠦᠪᠡᠨ ᠬᠢᠨᠠᠨ᠎ᠠ︔ ᠭᠤᠷᠪᠠ ᠳᠤ᠂ ᠠᠭᠤᠯᠭ᠎ᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠪᠠ᠃ ᠵᠦᠴᠦᠭᠡᠯᠡᠬᠦ ᠨᠠᠭᠠᠳᠤᠭᠠᠨ ᠤ ᠠᠵᠢᠯᠯᠠᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠂ ︽ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠲᠦᠷᠢᠮ︾᠂ ︽ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠴᠠᠭᠠᠵᠠᠯᠠᠭᠰᠠᠨ ᠠᠭᠤᠯᠭ᠎ᠠ ᠪᠠᠶᠢᠵᠤ ᠪᠣᠯᠬᠤ ᠥᠬᠡᠶ᠃      ︽ᠮᠡᠳᠡᠭᠳᠡᠯ︾ ᠨᠢ ᠨᠠᠰᠤᠨ ᠤ ᠲᠣᠬᠢᠷᠠᠮᠵᠢ ᠶᠢᠨ ᠰᠠᠨᠠᠭᠤᠯᠭ᠎ᠠ᠂ ᠴᠠᠭ ᠤᠨ ᠬᠢᠵᠠᠭᠠᠷ ᠵᠡᠷᠭᠡ ᠠᠷᠭ᠎ᠠ ᠬᠡᠮᠵᠢᠶ᠎ᠡ ᠠᠪᠴᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠪᠠ᠃ ᠨᠢᠭᠡ ᠳᠤ᠂ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠲᠤ  ᠵᠠᠷᠤᠬᠤ ᠵᠦᠴᠦᠭᠡ ᠶᠢᠨ ᠡᠬᠡ ᠵᠤᠬᠢᠶᠠᠯ ᠳᠤ ᠨᠠᠰᠤᠨ ᠤ ᠲᠣᠬᠢᠷᠠᠮᠵᠢ ᠶᠢᠨ ᠰᠠᠨᠠᠭᠤᠯᠭ᠎ᠠ ᠪᠠ ᠵᠣᠬᠢᠬᠤ ᠨᠠᠰᠤᠨ ᠤ ᠬᠡᠪᠴᠢᠶ᠎ᠡ ᠶᠢ ᠲᠣᠳᠣᠷᠬᠠᠶᠢᠯᠠᠬᠤ ᠬᠡᠷᠡᠭᠲᠡᠶ ᠭᠡᠵᠦ ᠱᠠᠭᠠᠷᠳᠠᠪᠠ ︔ ᠲᠤᠬᠢᠷᠠᠭᠤᠯᠤᠭᠰᠠᠨ ᠲᠠᠯᠠᠪᠤᠷ ᠦᠵᠡᠭᠳᠡᠯ ᠨᠢ ᠨᠠᠰᠤᠨ ᠳᠤ ᠦᠯᠤ ᠬᠥᠷᠦᠭᠰᠡᠳ ᠲᠤ ᠲᠤᠬᠢᠷᠠᠬᠤ ᠦᠭᠡᠢ ᠪᠠᠶᠢᠪᠠᠯ᠂ ᠢᠯᠡᠷᠬᠡᠢ ᠭᠠᠵᠠᠷ ᠲᠤ ᠰᠠᠨᠠᠭᠤᠯᠬᠤ ᠬᠡᠷᠡᠭᠲᠡᠢ ᠪᠥᠭᠡᠳ ᠨᠠᠰᠤᠨ ᠳᠤ ᠦᠯᠤ ᠬᠥᠷᠦᠭᠰᠡᠳ ᠣᠷᠣᠬᠤ ᠶᠢ ᠵᠥᠪᠰᠢᠶᠡᠷᠡᠵᠦ ᠪᠣᠯᠬᠤ ᠦᠭᠡᠢ︔ ᠬᠤᠶᠠᠷ ᠲᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠵᠤᠭ᠎ᠠ ᠴᠡᠩᠭᠡᠯ ᠤᠨ ᠲᠠᠯᠠᠪᠤᠷ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠠᠨ ᠪᠣᠯᠭᠠᠵᠤ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠠᠴᠠ ᠭᠠᠳᠠᠨ᠎ᠠ᠂ ᠵᠦᠴᠦᠭᠡᠯᠡᠬᠦ ᠨᠠᠭᠠᠳᠤᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠨᠢ ᠨᠠᠰᠤᠨ  ᠳᠤ ᠥᠯᠥ ᠭᠦᠷᠦᠭᠰᠡᠳ ᠲᠤ ᠵᠦᠴᠦᠭᠡᠯᠡᠬᠦ ᠨᠠᠭᠠᠳᠤᠭᠠᠨ ᠤ ᠠᠵᠢᠯᠯᠠᠭ᠎ᠠ ᠭᠠᠷᠭᠠᠵᠤ ᠪᠣᠯᠬᠤ ᠥᠬᠡᠶ ᠭᠡᠵᠦ ᠲᠣᠳᠤᠷᠬᠠᠶᠢᠯᠠᠵᠠᠢ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠫᠤᠷᠲ᠋ᠠᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号