ᠭᠤᠷᠪᠠᠨ ᠰᠠᠯᠠᠭ᠎ᠠ ᠮᠥᠴᠢᠷ ᠬᠠᠮᠲᠤᠷᠠᠨ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/7/18
    ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 《ᠵᠢᠭᠤᠯᠴᠢᠯᠠᠯ ᠢᠶᠠᠷ  ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ 》 ᠢ ( ᠳᠣᠷᠣᠭᠰᠢ 《 ᠰᠠᠨᠠᠯ 》 ᠭᠡᠵᠦ ᠲᠣᠪᠴᠢᠯᠠᠨ᠎ᠠ ) ᠳᠠᠷᠤᠮᠠᠯᠯᠠᠨ ᠲᠠᠷᠬᠠᠭᠠᠵᠤ ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠦᠨᠳᠦᠰᠦᠲᠡᠨ ᠨᠦᠭᠦᠳ ᠤᠨ ᠣᠷᠣᠨ ᠵᠠᠶ᠂ ᠰᠣᠶᠣᠯ᠂ ᠠᠵᠤ ᠠᠬᠤᠶ᠂ ᠨᠡᠶᠢᠭᠡᠮ᠂ ᠰᠡᠳᠬᠢᠴᠡ ᠵᠡᠷᠭᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ  ᠶᠢ ᠪᠥᠬᠦ ᠲᠠᠯ᠎ᠠ ᠪᠠᠷ    ᠠᠭᠤᠰᠤᠯᠴᠠᠭᠤᠯᠤᠨ᠎ᠠ᠃      《 ᠰᠠᠨᠠᠯ 》 ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠳᠣᠪᠣᠶᠢᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠨᠢ ᠠᠷᠠᠳ ᠤᠨ ᠲᠥᠯᠥᠭᠡ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠶ  ᠃ 2025 ᠣᠨ ᠪᠣᠯᠬᠤ ᠳᠤ᠂ ᠦᠨᠳᠦᠰᠦᠲᠡᠨ ᠤ ᠭᠠᠵᠠᠷ ᠣᠷᠣᠨ ᠤ ᠵᠢᠭᠤᠯᠴᠢᠯᠠᠯ ᠤᠨ ᠴᠢᠨᠠᠷ ᠰᠠᠶᠢᠲᠠᠶ ᠬᠠᠩᠭᠠᠯᠭ᠎ᠠ ᠶᠢ ᠨᠠᠩ ᠪᠠᠶᠠᠯᠢᠭᠵᠢᠭᠤᠯᠵᠤ᠂ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠮᠦᠨ ᠤᠳᠠᠭ᠎ᠠ ᠶᠢ ᠶᠡᠭᠡ ᠪᠠᠷ ᠨᠡᠮᠡᠭᠳᠡᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠠᠩ ᠥᠷᠭᠡᠨ ᠳᠡᠯᠭᠡᠷ ᠭᠦᠨᠵᠡᠭᠡᠶ ᠪᠣᠯᠭᠠᠵᠤ᠂ ᠵᠢᠭᠤᠯᠴᠢᠯᠠᠯ ᠤᠨ ᠦᠶᠯᠡᠰ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶᠯᠡᠴᠢᠯᠡᠬᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠢᠭᠤᠯᠴᠢᠯᠠᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ᠬᠢ ᠦᠶᠯᠡᠳᠦᠯ ᠢ ᠨᠠᠩ ᠲᠣᠪᠣᠶᠢᠮ᠎ᠠ ᠪᠣᠯᠭᠠᠨ᠎ᠠ ᠭᠡᠵᠦ ᠲᠤᠷᠠᠳᠪᠠ᠃      《 ᠰᠠᠨᠠᠯ 》 ᠳᠤ ᠵᠢᠭᠤᠯᠴᠢᠯᠠᠯ ᠤᠨ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢᠨ ᠭᠤᠤᠯ ᠡᠭᠦᠷᠭᠡ ᠶᠢ ᠲᠣᠳᠣᠷᠬᠠᠶᠢᠯᠠᠪᠠ  ᠃ ᠨᠢᠭᠡ ᠳᠤ᠂ ᠵᠢᠭᠤᠯᠴᠢᠯᠠᠯ ᠤᠨ ᠦᠢᠯᠡᠰ  ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠭᠤᠯᠤᠭᠳᠠᠬᠤᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠢᠯᠡᠷᠡᠭᠦᠯᠦᠨ᠎ᠡ᠃ ᠬᠤᠶᠠᠷ ᠲᠤ᠂ ᠰᠢᠨ᠎ᠡ ᠵᠠᠮ ᠱᠤᠭᠤᠮ ᠢ ᠡᠭᠦᠳᠴᠦ᠂ ᠦᠨᠳᠦᠰᠦᠲᠡᠨ ᠤ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠬᠤᠯᠪᠤᠭᠠᠯᠠᠨ ᠨᠡᠩ ᠤᠯᠠᠨ ᠴᠢᠨᠠᠷ ᠰᠠᠶᠢᠲᠠᠢ᠂ ᠥᠪᠡᠷᠮᠢᠴᠡ ᠣᠨᠴᠠᠯᠢᠭ ᠲᠠᠢ᠂  ᠲᠤᠰᠬᠠᠶᠢᠵᠢᠭᠰᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠷᠳᠡᠭ ᠤᠨ ᠤᠢᠢᠯᠠᠭᠠᠭᠳᠠᠬᠤᠨ ᠢ ᠢᠯᠡᠷᠡᠭᠦᠯᠦᠭᠰᠡᠨ ᠵᠢᠭᠤᠯᠴᠢᠯᠠᠯ ᠤᠨ ᠦᠢᠯᠡᠳᠬᠦᠨ ᠪᠣᠯᠤᠨ ᠰᠣᠳᠣᠨ ᠵᠠᠮ ᠱᠤᠭᠤᠮ ᠢ ᠪᠠᠶᠢᠭᠤᠯᠵᠤ᠂ ᠨᠡᠩ ᠤᠯᠠᠨ ᠵᠢᠭᠤᠯᠴᠢᠯᠠᠭᠴᠢᠳ ᠢ ᠲᠠᠲᠠᠵᠤ ᠦᠨᠳᠦᠰᠦᠲᠡᠨ ᠤ ᠭᠠᠵᠠᠷ ᠣᠷᠣᠨ ᠳᠤ ᠵᠢᠭᠤᠯᠴᠢᠯᠠᠭᠤᠯᠤᠨ᠎ᠠ᠃ ᠭᠤᠷᠪᠠ ᠳᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠲᠤᠬᠠᠢ  ᠶᠢᠨ ᠭᠠᠵᠠᠷ ᠤᠨ ᠤᠯᠠᠨ ᠲᠦᠮᠡᠨ ᠥᠷᠭᠡᠨ ᠭᠦᠨᠵᠡᠭᠡᠢ ᠣᠷᠣᠯᠴᠠᠬᠤ᠂  ᠵᠢᠭᠤᠯᠴᠢᠯᠠᠭᠴᠢᠳ ᠤᠨ  ᠭᠦᠨᠵᠡᠭᠡᠢ ᠠᠭᠤᠰᠤᠯᠴᠠᠬᠤ᠂ ᠵᠡᠭᠦᠨ ᠪᠠᠷᠠᠭᠤᠨ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠭᠠᠷᠳᠠᠬᠤ ᠴᠡᠭ ᠪᠣᠯᠭᠠᠵᠤ᠂ ᠰᠢᠨ᠎ᠡ ᠬᠡᠯᠪᠡᠷᠢ ᠶᠢᠨ ᠵᠢᠭᠤᠯᠴᠢᠯᠠᠯ ᠤᠨ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠶᠢ ᠪᠤᠢ ᠪᠣᠯᠭᠠᠨ᠎ᠠ᠃ ᠳᠥᠷᠪᠡ ᠳᠤ᠂ ᠰᠢᠨ᠎ᠡ ᠪᠡᠶᠡᠴᠢ ᠴᠣᠭᠴᠠ ᠶᠢ ᠪᠣᠶᠢᠵᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠵᠢᠭᠤᠯᠴᠢᠯᠠᠯ ᠤᠨ ᠲᠣᠭᠯᠠᠯᠲᠠ᠂ ᠰᠣᠶᠣᠯ ᠤᠨ ᠥᠪ ᠤᠨ ᠵᠢᠭᠤᠯᠴᠢᠯᠠᠯ᠂ ᠡᠮ ᠡᠮᠨᠡᠯᠭᠡ ᠶᠢᠨ ᠡᠬᠢ ᠪᠠᠶᠠᠯᠢᠭ᠂ ᠤᠨᠴᠠᠯᠢᠭᠳᠤ ᠪᠠᠶᠠᠷ ᠳᠤᠷᠠᠰᠬᠠᠯ ᠤᠨ ᠦᠵᠡᠭᠦᠯᠭᠡ ᠶᠢᠨ ᠴᠤᠭᠯᠠᠭᠠᠨ ᠵᠡᠷᠭᠡ ᠤᠯᠠᠮᠵᠢᠯᠠᠯᠲᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ  ᠶᠢ ᠳᠥᠯᠭᠢᠨ ᠠᠬᠢᠭᠤᠯᠵᠤ᠂ 《 ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠵᠤ ᠨᠠᠭᠠᠳᠬᠤ 》 ᠬᠠᠮᠤᠷᠤᠭᠰᠠᠨ ᠰᠣᠶᠣᠯ ᠲᠠᠮᠢᠷ ᠬᠤᠳᠠᠯᠳᠤᠭ᠎ᠠ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠪᠣᠯᠭᠠᠨ᠎ᠠ᠃ ᠲᠠᠪᠤ ᠳᠤ ᠂ ᠰᠢᠨ᠎ᠡ ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠬᠤᠲᠠ᠂ ᠦᠵᠡᠮᠵᠢ ᠶᠢᠨ ᠣᠷᠣᠨ᠂ ᠬᠥᠳᠡᠭᠡ ᠲᠣᠰᠬᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠵᠠᠩ ᠦᠶᠯᠡ ᠰᠣᠶᠣᠯ ᠵᠢᠭᠤᠯᠴᠢᠯᠠᠯ  ᠤᠨ ᠵᠢᠱᠢᠶ᠎ᠡ ᠦᠵᠡᠭᠦᠯᠬᠦ ᠣᠷᠣᠨ ᠪᠠ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ  ᠲᠠᠢ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠶᠢᠨ ᠵᠢᠱᠢᠶ᠎ᠡ ᠦᠵᠡᠭᠦᠯᠬᠦ ᠦᠶᠯᠡᠳᠦᠯ ᠢ ᠭᠦᠶᠴᠡᠳ ᠪᠠᠳᠠᠷᠠᠭᠤᠯᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠠᠴᠢ ᠬᠤᠯᠪᠣᠭᠳᠠᠯ  ᠢ ᠳᠣᠪᠣᠶᠢᠯᠭᠠᠨ᠎ᠠ  ᠃      《 ᠰᠠᠨᠠᠯ 》 ᠳᠤ ᠪᠠᠰᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ  ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠴᠢᠳᠠᠪᠤᠷᠢᠲᠠᠨ ᠬᠠᠩᠭᠠᠬᠤ᠂ ᠰᠠᠶᠢᠨ ᠰᠠᠶᠢᠬᠠᠨ ᠤᠷᠴᠢᠨ ᠠᠬᠤᠢ  ᠶᠢ ᠪᠦᠷᠢᠯᠳᠦᠭᠦᠯᠬᠦ᠂ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢ ᠴᠢᠩᠭᠠᠳᠬᠠᠬᠤ ᠵᠡᠷᠭᠡ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ  ᠤ ᠫᠤᠷᠲ᠋ᠠᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号