ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠷᠪᠠ ᠶᠢᠰᠦᠳᠦᠭᠡᠷ | ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ ᠭᠤᠣᠯ ᠰᠡᠳᠦᠪ ᠢ ᠨᠡᠶᠢᠲᠡᠯᠡᠪᠡ᠃ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ | ᠬᠦᠷᠢᠶᠡᠯᠡᠩ ᠤᠨ ᠳᠠᠷᠤᠭ᠎ᠠ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠰᠣᠨᠢᠨ | ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠶᠠᠷᠢᠶ᠎ᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ | ᠷᠦᠢ ᠬᠤᠸᠠ | ᠡᠩ ᠲᠡᠷᠢᠭᠦᠨ ᠳᠤ᠂ ᠪᠢ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ | ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠡᠮᠦᠨ᠎ᠡ ᠠᠴᠠ ᠲᠠ ᠪᠦᠬᠦᠨ ᠤ | ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ | ᠪᠠᠶᠢᠨ᠎ᠠ ᠃ | ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠳᠤᠮᠳᠠᠳᠤ ᠤᠯᠤᠰ · ᠥᠪᠥᠷ | ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠪᠥᠬᠦ ᠲᠠᠯ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ | ᠲᠠᠯ᠎ᠠ ᠨᠤᠲᠤᠭ ᠤᠨ ᠰᠣᠶᠣᠯ ᠤᠨ ᠨᠠᠶᠢᠷ ᠢ 2022 ᠣᠨ ᠤ 7 ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ | 31 ᠤ ᠡᠳᠦᠷ ᠪᠣᠯᠲᠠᠯ᠎ᠠ ᠬᠥᠬᠡᠬᠤᠲᠠ ᠳᠤ ᠡᠷᠭᠢᠯᠡᠬᠦ ᠪᠠᠷ ᠪᠣᠶ᠃ ᠳᠣᠣᠷ᠎ᠠ ᠪᠢ ᠤᠯᠠᠨ ᠳᠤ ᠲᠤᠰ ᠬᠤᠭᠤᠴᠠᠭᠠᠨ ᠤ | ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠶ᠎ᠠ᠃ | ᠨᠢᠭᠡ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ | ᠲᠣᠭᠲᠠᠭᠠᠯᠲᠠ | ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ ᠰᠤᠶᠤᠯ ᠪᠤᠯᠪᠠᠰᠤᠨ ᠢᠶᠠᠷ | ᠤᠮᠠᠷᠠᠲᠤ ᠬᠢᠯᠢ ᠶᠢ ᠬᠡᠶᠢᠭᠦᠯᠵᠦ ᠰᠦᠭ ᠰᠦᠨᠡᠰᠦ ᠶᠢ ᠱᠤᠭᠤᠨ ᠬᠦᠰᠡᠯ ᠵᠡᠭᠦᠲᠦ ᠪᠠᠨ ᠲᠡᠷᠭᠡᠯᠰᠢᠭᠦᠯᠬᠦ︾ | ᠰᠡᠳᠦᠪ ᠢᠶᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠴᠠᠭ ᠦᠶ᠎ᠡ ᠶᠢᠨ ᠭᠤᠣᠯ ᠰᠡᠳᠦᠪ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠲᠦᠪᠯᠡᠷᠡᠭᠦᠯᠵᠦ ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ | ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠵᠤ᠂ ᠭᠤᠣᠯ ᠰᠡᠳᠦᠪ ᠲᠣᠪᠣᠶᠢᠮ᠎ᠠ᠂ | ᠰᠣᠳᠣᠨ ᠪᠦᠲᠦᠭᠡᠯ ᠡᠯᠪᠡᠭ᠂ ᠣᠯᠠᠨ ᠲᠦᠮᠡᠨ ᠤ ᠲᠠᠭᠠᠰᠢᠶᠠᠯ ᠳᠤ ᠬᠦᠷᠦᠭᠰᠡᠨ᠂ ᠰᠣᠶᠣᠯ ᠢ ᠬᠠᠮᠲᠤᠪᠠᠷ ᠡᠳ᠋ᠯᠡᠬᠦ | ᠦᠪᠡᠳᠡᠭᠰᠢ ᠴᠤᠭᠯᠠᠭᠠᠨ ᠢ ᠪᠣᠶ ᠪᠣᠯᠭᠠᠵᠤ᠂ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠨᠠᠷᠠᠲᠤ ᠲᠥᠷᠥᠯ | ᠲᠡᠮᠳᠡᠭᠲᠦ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ ᠂ ᠠᠷᠠᠳ ᠣᠯᠠᠨ ᠤ ᠣᠯᠠᠨ ᠶᠠᠩᠵᠤ ᠶᠢᠨ᠂ ᠣᠯᠠᠨ ᠲᠠᠰ | ᠳᠠᠪᠬᠤᠷᠭ᠎ᠠ ᠶᠢᠨ᠂ ᠣᠯᠠᠨ ᠲᠠᠯ᠎ᠠ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠭᠦᠨ ᠵᠤᠵᠠᠭᠠᠨ ᠬᠥᠷ | ᠬᠥᠭᠵᠢᠶᠡᠨ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠪᠠ ᠃ | ᠬᠤᠶᠠᠷ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ | ᠲᠣᠬᠢᠷᠠᠭᠤᠯᠤᠯᠲᠠ | ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠨᠡᠶᠢᠲᠡ 6 ᠶᠡᠭᠡ ᠬᠡᠰᠡᠭ᠂ 25 | ᠵᠦᠢᠯ ᠤᠨ ᠠᠵᠢᠯᠯᠠᠭ᠎ᠠ ᠲᠤᠬᠢᠷᠠᠭᠤᠯᠪᠠ ᠃ | ᠨᠢᠭᠡ ᠳᠤ᠂ ᠡᠬᠢᠯᠡᠯᠲᠡ ᠶᠢᠨ ᠶᠣᠰᠣᠯᠠᠯ᠃ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ | ᠨᠢ ︽ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠦᠲᠡᠰᠢᠯᠡᠭᠡ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ | 7 ᠳ᠋ᠤᠭᠠᠷ ᠰᠠᠷ᠎ᠠ ᠶᠢᠨ 30 ᠤ ᠣᠷᠣᠢ ᠶᠢᠨ 8 ᠴᠠᠭ ᠲᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠣᠷᠳᠣᠨ ᠳᠤ ᠶᠠᠪᠤᠭᠳᠠᠨ᠎ᠠ᠃ᠡᠬᠢᠯᠡᠯᠲᠡ ᠶᠢᠨ ᠶᠣᠰᠣᠯᠠᠯ ᠳᠤ ᠲᠣᠰ ᠬᠤᠭᠤᠴᠠᠭᠠᠨ ᠤ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ ᠲᠣᠭᠲᠠᠭᠠᠯᠲᠠ ᠶᠢ ᠲᠣᠪᠤᠶᠢᠯᠭᠠᠨ᠂ ᠲᠥᠬᠦᠮ ᠠᠪᠰᠠᠷᠬᠠᠨ᠂ | ᠰᠣᠩᠭᠤᠳᠠᠭ ᠬᠡᠪ ᠨᠠᠮᠪᠠ ᠶᠢ ᠪᠠᠷᠢᠮᠲᠠᠯᠠᠵᠤ᠂ ᠥᠪᠥᠷ ᠮᠣᠩᠭᠤᠯ ᠤᠨ20 ᠭᠠᠷᠤᠢ ᠨᠠᠷᠠᠲᠤ ᠳᠠᠭᠤᠴᠢᠨ᠂ | ᠬᠥᠭᠵᠢᠮ ᠤᠨ ᠠᠩᠭᠢ ᠶᠢ ᠤᠷᠢᠵᠤ ᠂ ᠣᠯᠠᠨ ᠳᠤ ᠭᠤᠶᠢᠳᠠ ᠰᠠᠶᠢᠬᠠᠨ ᠲᠣᠭᠯᠠᠯᠲᠠ ᠲᠤᠯᠢᠯᠠᠭᠤᠯᠤᠨᠠ᠃ | ᠬᠤᠶᠠᠷ ᠲᠤ ᠣᠨᠴᠠ ᠤᠷᠢᠭᠰᠠᠨ ᠪᠦᠲᠦᠭᠡᠯ ᠤᠨ ᠦᠵᠡᠭᠦᠯᠭᠡ ᠃ ᠭᠤᠣᠯᠳᠠᠭᠤ ᠤᠯᠠᠨ ᠬᠦᠷᠢᠶᠡᠨ ᠤ | ᠰᠣᠶᠣᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠣᠷᠣᠨ ᠪᠦᠰᠡ ᠶᠢᠨ | ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠠᠷᠢᠯᠴᠠᠨ ᠰᠤᠷᠤᠯᠴᠠᠵᠦ ᠬᠠᠷᠢᠯᠴᠠᠨ | ᠲᠤᠯᠢᠯᠠᠵᠤ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ | ᠪᠤᠢ ᠪᠣᠯᠭᠠᠬᠤ ᠪᠠ ᠲᠤᠪᠤᠶᠢᠯᠭᠠᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠷᠠᠯᠢᠭ ᠤᠨ ᠵᠣᠬᠢᠶᠠᠨ | ᠪᠦᠲᠦᠭᠡᠯᠭᠡ ᠶᠢᠨ ᠳᠣᠲᠣᠭᠠᠳᠤ ᠠᠮᠢᠳᠤᠷᠠᠯ ᠤᠨ ᠬᠦᠴᠦᠨ ᠢ ᠳᠠᠰᠤᠷᠠᠯᠳᠠ ᠦᠭᠡᠢ ᠬᠥᠭᠵᠢᠭᠡᠨ᠎ᠡ᠃ ᠡᠭᠦᠨ ᠳᠤ ᠲᠣᠮᠣ | ᠬᠡᠯᠪᠡᠷᠢ ᠶᠢᠨ ᠨᠠᠶᠢᠷᠠᠯ ᠳᠠᠭᠤᠤ ︽ᠵᠠᠮᠴᠢᠯᠠᠭᠴᠢ ᠂ ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ | ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ | ᠴᠢᠭᠤᠯᠭᠠᠨ᠂ ᠰᠣᠩᠭᠤᠳᠠᠭ ᠬᠤᠪᠢᠰᠬᠠᠯᠲᠤ ᠳᠠᠭᠤᠷᠢ ︽ᠰᠢᠶᠣᠣ ᠡᠯ ᠾᠧᠢ ᠬᠤᠷᠢᠮᠯᠠᠭᠰᠠᠨ︾᠂ ᠪᠥᠵᠢᠭᠲᠦ ᠵᠦᠴᠦᠭᠡ | ︽ᠺᠦᠩᠽᠢ︾᠂ ᠼᠢᠷᠺ ᠵᠦᠴᠦᠭᠡ ︽ᠵᠠᠯᠠᠭᠤ ᠨᠠᠰᠤ ing︾᠂ ᠶᠧᠯᠸᠢ ᠵᠦᠴᠦᠭᠡ ︽ᠪᠢ ᠬᠡᠨ ᠪᠤᠢ︾ᠵᠡᠷᠭᠡ 7 ᠵᠦᠢᠯ ᠤᠨ | ᠠᠵᠢᠯᠯᠠᠭ᠎ᠠ ᠪᠠᠭᠲᠠᠨ᠎ᠠ᠃ | ᠭᠤᠷᠪᠠ ᠳᠤ᠂ ᠰᠢᠯᠢᠳᠡᠭ ᠵᠦᠴᠦᠭᠡ ᠶᠢᠨ ᠦᠵᠡᠭᠦᠯᠭᠡ ᠃ᠡᠨᠡᠬᠦ ᠬᠡᠰᠡᠭ ᠲᠤ ᠭᠤᠣᠯᠳᠠᠭᠤ ᠳᠤᠮᠳᠠᠳᠤ ᠶᠢᠨ ᠰᠢ | ᠵᠦᠴᠦᠭᠡ ᠶᠢᠨ ᠨᠡᠷᠡᠳᠦ ᠬᠥᠮᠥᠰ ᠢ ᠤᠷᠢᠨ ᠲᠠᠭᠤᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠰᠢᠯᠢᠳᠡᠭ | ᠵᠦᠴᠦᠭᠡ ᠶᠢ ᠳᠡᠯᠭᠡᠨ ᠲᠣᠭᠯᠠᠭᠤᠯᠬᠤ ᠪᠠᠷ ᠳᠠᠮᠵᠢᠭᠤᠯᠵᠤ᠂ ᠳᠤᠮᠳᠠᠳᠤ ᠶᠢᠨ ᠰᠢ ᠵᠦᠴᠦᠭᠡ ᠶᠢᠨ ᠤᠷᠠᠯᠢᠭ ᠢ ᠨᠡᠩ | ᠰᠠᠶᠢᠲᠤᠷ ᠤᠯᠠᠮᠵᠢᠯᠠᠵᠤ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠶᠢᠨ ᠬᠥᠭᠵᠢᠯᠲᠡ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠬᠦ ᠲᠦᠪᠰᠢᠨ ᠢ | ᠳᠡᠭᠡᠭᠰᠢᠯᠡᠭᠦᠯᠦᠨ᠎ᠡ᠃ ᠡᠭᠦᠨ ᠳᠤ ᠪᠥᠵᠢᠭᠲᠦ ᠵᠦᠴᠦᠭᠡ ︽ᠮᠣᠷᠢᠲᠤ ᠴᠡᠷᠢᠭ︾᠂ ᠼᠢᠷᠺ ᠵᠦᠴᠦᠭᠡ ︽ᠪᠢᠳᠡᠨ ᠤ | ᠰᠠᠶᠢᠨ ᠰᠠᠶᠢᠬᠠᠨ ᠠᠮᠢᠳᠤᠷᠠᠯ︾᠂ ᠱᠠᠨ ᠰᠢ ᠵᠦᠴᠦᠭᠡ ︽ ᠡᠤ ᠬᠠᠨ ᠳ᠋ᠢᠩ︾᠂ ᠳᠠᠭᠤᠤ ᠬᠥᠭᠵᠢᠮᠲᠦ ᠵᠦᠴᠦᠭᠡ | ︽ ᠱᠧᠩ ᠯᠧ ᠶᠢᠨ ᠴᠠᠭ ᠡᠷᠢᠨ︾᠂ ᠳᠤᠮᠳᠠᠳᠤ ᠶᠢᠨ ᠰᠢ ᠲᠠᠭᠤᠤᠷᠢᠯᠢᠬ ᠤᠨ ᠨᠠᠷᠠᠲᠤ ᠬᠥᠮᠥᠰ ᠤᠨ ᠨᠠᠷᠠᠲᠤ | ᠬᠡᠰᠡᠭ ᠤᠨ ᠳᠠᠭᠤᠤ ᠶᠢᠨ ᠦᠳᠡᠰᠢᠯᠡᠭᠡ᠂ ᠤᠯᠠᠭᠠᠨᠮᠥ᠋ᠴᠢᠷ ᠤᠨ ᠰᠢᠯᠢᠳᠡᠭ ᠵᠦᠴᠦᠭᠡ ︵ᠬᠡᠰᠡᠭ︶ ᠶᠢᠨ | ᠦᠵᠡᠭᠦᠯᠭᠡ ᠶᠢᠨ ᠲᠣᠭᠯᠠᠯᠲᠠ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃ | ᠳᠥᠷᠪᠡ ᠳᠤ᠂ ᠳᠠᠭᠤᠤ ᠬᠥᠭᠵᠢᠮ ᠤᠨ ᠲᠤᠰᠬᠠᠢ ᠰᠡᠳᠦᠪᠲᠦ ᠦᠵᠡᠭᠦᠯᠭᠡ ᠶᠢᠨ ᠲᠣᠭᠯᠠᠯᠲᠠ᠃ ᠭᠤᠣᠯᠳᠠᠭᠤ | ᠪᠦᠲᠦᠭᠡᠯ ᠡᠯᠰᠡᠬᠦ᠂ ᠤᠷᠤᠯᠳᠤᠬᠤ᠂ ᠬᠠᠷᠢᠭᠤ ᠲᠣᠭᠯᠠᠯᠲᠠ ᠭᠠᠷᠭᠠᠬᠤ᠂ ᠳᠤᠯᠢᠯᠴᠠᠨ ᠲᠣᠯᠢᠯᠠᠬᠤ ᠵᠡᠷᠭᠡ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠣᠩᠭᠤᠳᠠᠭ ᠳᠠᠭᠤᠤ ᠬᠥᠭᠵᠢᠮ ᠢ ᠠᠮᠢᠯᠠᠭᠤᠯᠵᠤ᠂ ᠰᠢᠨ᠎ᠡ ᠪᠠᠷ | ᠵᠤᠬᠢᠶᠠᠨ ᠪᠦᠲᠦᠭᠡᠨ᠂ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠵᠤ᠂ ᠥᠪᠥᠷ ᠮᠣᠩᠭᠤᠯ ᠤᠨ ᠳᠠᠭᠤᠤ ᠬᠥᠭᠵᠢᠮ ᠤᠨ ᠬᠤᠷᠠᠮᠠᠯ ᠳᠠᠪᠠᠭᠤᠯᠢᠭ ᠢ ᠪᠣᠶ ᠪᠣᠯᠭᠠᠨ᠎ᠠ᠃ ᠡᠭᠦᠨ ᠳᠤ | ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠪᠦᠲᠦᠭᠡᠯ ᠤᠨ | ᠦᠵᠡᠭᠦᠯᠭᠡ ᠶᠢᠨ ᠲᠣᠭᠯᠠᠯᠲᠠ᠂ ᠨᠠᠶᠢᠷᠠᠯ ᠬᠥᠭᠵᠢᠮ ᠤᠨ ᠵᠢᠷᠤᠭ ︽ᠮᠢᠩᠭᠠᠨ ᠭᠠᠵᠠᠷ ᠤᠨ ᠲᠥᠷᠥ︾᠂ ᠪᠥᠬᠦ | ᠣᠷᠣᠨ ᠤ ᠭᠡᠷ ᠳᠣᠲᠣᠷᠠᠬᠢ ᠳᠠᠭᠤᠤ ᠬᠥᠭᠵᠢᠮ ᠤᠨ ᠤᠷᠤᠯᠳᠤᠭᠠᠨ ᠤ ᠱᠠᠩᠨᠠᠯ ᠭᠥᠷᠳᠡᠭᠰᠡᠨ ᠪᠦᠲᠦᠭᠡᠯ ᠤᠨ | ᠳᠠᠭᠤᠤ ᠶᠢᠨ ᠦᠳᠡᠰᠢᠯᠡᠭᠡ᠂ ᠮᠣᠷᠢᠨ ᠬᠤᠭᠤᠷ ᠤᠨ ᠲᠤᠰᠬᠠᠢ ᠲᠠᠯᠠᠪᠠᠶ ᠶᠢᠨ ᠳᠠᠭᠤᠤ ᠬᠥᠭᠵᠢᠮ ᠤᠨ ᠦᠳᠡᠰᠢᠯᠡᠭᠡ᠂ | ᠬᠥᠭᠵᠢᠮ ᠤᠨ ᠬᠠᠪᠰᠤᠷᠤᠯ ᠦᠭᠡᠢ ᠨᠠᠶᠢᠷᠠᠯ ᠳᠠᠭᠤᠤ ᠶᠢᠨ ᠦᠳᠡᠰᠢᠯᠡᠭᠡ᠂ ︽ᠮᠥᠩᠬᠡ ᠶᠢᠨ ᠬᠥᠭ ᠠᠶᠠᠰ︾ ᠨᠠᠶᠢᠷᠠᠯ | ᠬᠥᠭᠵᠢᠮ ᠤᠨ ᠦᠳᠡᠰᠢᠯᠡᠭᠡ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃ | ᠲᠠᠪᠤ ᠳᠤ ᠂ ᠳᠡᠯᠭᠡᠨ ᠦᠵᠡᠭᠦᠯᠬᠦ ᠠᠵᠢᠯᠯᠠᠭ᠎ᠠ᠃ ᠭᠤᠣᠯ ᠰᠡᠳᠦᠪᠲᠦ ᠦᠵᠡᠭᠦᠯᠭᠡ ᠪᠠᠷ ᠭᠤᠣᠯ ᠠᠭᠤᠯᠭ᠎ᠠ | ᠪᠣᠯᠭᠠᠵᠤ᠂ ᠲᠥᠷᠥᠯ ᠵᠦᠢᠯ ᠣᠯᠠᠨ ᠶᠠᠩᠵᠤ ᠶᠢᠨ᠂ ᠬᠡᠯᠪᠡᠷᠢ ᠮᠠᠶ᠋ᠢᠭ ᠰᠢᠨ᠎ᠡ ᠰᠡᠪᠡᠭᠦᠨ ᠰᠣᠶᠣᠯ ᠤᠷᠠᠯᠢᠭ ᠤᠨ | ᠦᠵᠡᠭᠦᠯᠭᠡ ᠪᠠᠷ ᠳᠠᠮᠵᠢᠭᠤᠯᠤᠨ᠂ ᠭᠦᠨ ᠵᠤᠵᠠᠭᠠᠨ ᠰᠣᠶᠣᠯ ᠤᠷᠠᠯᠢᠭ ᠤᠨ ᠠᠭᠤᠷ ᠠᠮᠢᠰᠬᠤᠯ ᠢ ᠪᠣᠶ ᠪᠣᠯᠭᠠᠵᠤ᠂ | ᠦᠵᠡᠭᠴᠢᠳ ᠤᠨ ᠬᠦᠨ ᠬᠦᠨᠵᠡᠭᠡᠢ ᠣᠶᠢᠯᠠᠭᠠᠯᠲᠠ ᠶᠢ ᠨᠡᠮᠡᠭᠳᠡᠭᠦᠯᠦᠨ᠎ᠡ᠃ᠡᠭᠦᠨ ᠳᠤ ︽ᠦᠵᠡᠰᠬᠦᠯᠡᠩᠲᠦ ᠰᠠᠶᠢᠬᠠᠨ | ᠤᠮᠠᠷᠠᠲᠤ ᠬᠢᠯᠢ ᠪᠠᠷ ᠲᠠᠪᠠᠲᠠᠢ ᠰᠠᠶᠢᠬᠠᠨ ᠠᠶᠠᠯᠠᠶ᠎ᠠ︾ ᠥᠪᠥᠷ ᠮᠣᠩᠭᠤᠯ ᠤᠨ ᠥᠩᠭᠡ ᠦᠵᠡᠮᠵᠢ ᠶᠢᠨ ᠬᠡᠷᠡᠯ | ᠵᠢᠷᠤᠭ ᠤᠨ ᠦᠵᠡᠰᠬᠦᠯᠡᠩ᠂ ᠪᠥᠬᠦ ᠣᠷᠣᠨ ᠤ ᠤᠷᠠᠨ ᠪᠢᠴᠢᠯᠭᠡ ᠭᠤᠷ ᠰᠡᠶᠢᠯᠦᠮᠡᠯ ᠤᠨ ᠦᠵᠡᠰᠬᠦᠯᠡᠩ᠂ ︽ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ · ᠥᠪᠥᠷ ᠮᠣᠩᠭᠤᠯ ᠤᠨ ᠳᠦᠷᠢ ᠲᠥᠷᠬᠦ︾ ᠭᠡᠬᠦ ᠭᠤᠣᠯ ᠰᠡᠳᠦᠪᠲᠦ | ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ᠬᠤᠩᠱᠠᠨ · ᠯᠢᠶᠠᠩᠵᠤ ᠰᠣᠶᠣᠯ ᠲᠡᠦᠬᠡ ᠶᠢᠨ ᠳᠤᠷᠠᠰᠬᠠᠯᠲᠤ | ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠵᠡᠷᠭᠡ 4 ᠵᠦᠢᠯ ᠤᠨ ᠠᠵᠢᠯᠯᠠᠭ᠎ᠠ ᠪᠠᠭᠲᠠᠨ᠎ᠠ᠃ | ᠵᠢᠷᠭᠤᠭ᠎ᠠ ᠳᠤ᠂ ᠲᠡᠭᠦᠰᠬᠦ ᠶᠣᠰᠣᠯᠠᠯ᠃ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ | ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ | ᠣᠯᠭᠤᠬᠤ ᠶᠣᠰᠣᠯᠠᠯ ᠢᠶᠠᠷ ᠲᠡᠭᠦᠰᠬᠦ ᠶᠣᠰᠣᠯᠠᠯ ᠪᠣᠯᠭᠠᠵᠤ᠂ ᠵᠢᠷᠤᠮᠵᠢᠯ ᠤᠨ ᠴᠢᠨᠠᠷᠲᠠᠢ ᠱᠠᠩᠨᠠᠯ ᠤᠨ ᠬᠥᠲᠥᠯᠥᠨ | ᠳᠠᠭᠠᠭᠤᠯᠬᠤ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠢ ᠴᠢᠩᠭᠠᠷᠠᠭᠤᠯᠤᠨ᠎ᠠ᠃ | ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠭᠤᠯᠭ᠎ᠠ ᠨᠢ ᠪᠠᠶᠠᠯᠢᠭ᠂ ᠣᠨᠴᠠᠯᠢᠭ | ᠨᠢ ᠲᠣᠪᠣᠶᠢᠮ᠎ᠠ ᠪᠠᠶᠢᠵᠤ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠬᠤᠭᠤᠴᠠᠭᠠᠨ ᠤ ᠲᠠᠯ᠎ᠠ | ᠨᠤᠲᠤᠭ ᠤᠨ ᠰᠣᠶᠣᠯ ᠤᠨ ᠨᠠᠶᠢᠷ ᠢ ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠠᠶᠢᠷ ᠤᠨ ᠡᠳᠦᠷ | ᠪᠣᠯᠭᠠᠨ ᠡᠷᠭᠢᠯᠡᠬᠦ ᠨᠢ ᠯᠠᠪᠲᠠᠢ ᠭᠡᠳᠡᠭ ᠢ ᠪᠢᠳᠡ ᠢᠲᠡᠭᠡᠵᠦ ᠪᠠᠶᠢᠨ᠎ᠠ᠃ ᠵᠠᠭᠤᠴᠢᠯᠠᠭᠤᠷ ᠤᠨ ᠨᠠᠶᠢᠵᠠ ᠨᠠᠷ ᠲᠤᠰ | ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ ᠪᠠᠶᠢᠭ᠎ᠠ | ᠪᠠᠶᠢᠳᠠᠯ ᠢ ᠬᠠᠯᠠᠮᠵᠢᠯᠠᠨ ᠠᠩᠬᠠᠷᠴᠤ᠂ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠶᠢ | ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠰᠤᠷᠪᠤᠯᠵᠢᠯᠠᠵᠤ᠂ ᠰᠠᠶᠢᠲᠤᠷ ᠤᠬᠠᠭᠤᠯᠵᠤ᠂ ᠪᠠᠶᠠᠷ ᠤᠨ ᠡᠮᠦᠨᠡᠬᠢ᠂ | ᠪᠠᠶᠠᠷ ᠤᠨ ᠳᠤᠮᠳᠠᠬᠢ ᠪᠠ ᠪᠠᠶᠠᠷ ᠤᠨ ᠬᠤᠶᠢᠨᠠᠬᠢ ᠡᠯ᠎ᠡ ᠵᠦᠢᠯ ᠤᠨ ᠤᠬᠠᠭᠤᠯᠤᠨ ᠮᠡᠳᠡᠭᠡᠯᠡᠬᠦ ᠠᠵᠢᠯ ᠢ ᠪᠥᠬᠦ | ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠠᠴᠠ ᠰᠠᠶᠢᠲᠤᠷ ᠬᠢᠵᠦ᠂ ᠲᠣᠰ ᠬᠤᠭᠤᠴᠠᠭᠠᠨ ᠤ | ᠲᠠᠯ᠎ᠠ ᠨᠤᠲᠤᠭ ᠤᠨ ᠰᠣᠶᠣᠯ ᠤᠨ ᠨᠠᠶᠢᠷ ᠢ ᠬᠠᠮᠲᠤᠪᠠᠷ ᠰᠠᠶᠢᠲᠤᠷ ᠡᠷᠭᠢᠯᠡᠵᠦ᠂ ᠬᠡᠯᠪᠡᠷᠢ ᠳᠦᠷᠰᠦ ᠲᠠᠢ᠂ | ᠲᠥᠷᠥᠭᠳᠡᠯ ᠲᠠᠢ᠂ ᠪᠦᠲᠦᠮᠵᠢᠲᠡᠶ ᠠᠷᠭ᠎ᠠ ᠮᠠᠶ᠋ᠢᠭ ᠢᠶᠠᠷ ᠥᠪᠥᠷ ᠮᠣᠩᠭᠤᠯ ᠢᠶᠠᠨ ᠳᠡᠯᠭᠡᠨ ᠦᠵᠡᠭᠦᠯᠵᠦ᠂ ᠥᠪᠥᠷ | ᠮᠣᠩᠭᠤᠯ ᠢᠶᠠᠨ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠪᠣᠶ | ᠪᠣᠯᠭᠠᠬᠤ ᠶᠢ ᠬᠦᠰᠡᠵᠦ ᠪᠠᠶᠢᠨ᠎ᠠ ᠃ | ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠤᠭᠰᠠᠨ ᠨᠢ | ᠥᠪᠥᠷ ᠮᠣᠩᠭᠤᠯ ᠤᠨ ᠲᠧᠯᠸᠢᠰ ᠬᠤᠷᠢᠶ᠎ᠠ᠄ ᠲᠡᠳ᠋ ᠬᠡᠯᠲᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ | ᠲᠠᠨᠢᠯᠴᠠᠭᠤᠯᠬᠤ ᠳᠤ ᠪᠠᠨ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ | ᠶᠣᠰᠣᠯᠠᠯ ᠳᠤ ᠲᠥᠬᠦᠮ ᠲᠦᠲᠡ᠂ ᠰᠣᠩᠭᠤᠳᠠᠭ ᠬᠡᠪ ᠨᠠᠮᠪᠠ ᠶᠢ ᠳᠣᠪᠤᠶᠢᠯᠭᠠᠭᠰᠠᠨ ᠪᠠᠶᠢᠨ᠎ᠠ ᠭᠡᠪᠡ᠂ ᠡᠬᠢᠯᠡᠯᠲᠡ ᠶᠢᠨ | ᠶᠣᠰᠣᠯᠠᠯ ᠳᠤ ᠶᠠᠮᠠᠷ ᠬᠡᠯᠪᠡᠷᠢ ᠪᠠᠷ ᠦᠵᠡᠭᠴᠢᠳ ᠲᠠᠢ ᠪᠠᠨ ᠵᠤᠯᠭᠠᠬᠤ ᠪᠤᠢ︖ᠡᠨᠡ ᠨᠢ ᠦᠵᠡᠭᠴᠢᠳ ᠲᠤ ᠶᠠᠮᠠᠷ | ᠶᠠᠩᠵᠤ ᠶᠢᠨ ᠲᠦᠷᠦᠭᠳᠡᠯ ᠠᠪᠴᠢᠷᠠᠵᠤ ᠥᠭᠬᠦ ᠪᠤᠶ ᠶᠠᠮᠠᠷ ᠶᠠᠮᠠᠷ ᠣᠷᠤᠯᠴᠠᠬᠤ ᠠᠷᠭ᠎ᠠ ᠬᠡᠯᠪᠡᠷᠢ ᠪᠠᠶᠢᠬᠤ ᠪᠣᠶ︖ | | ᠯᠢ ᠯᠢ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠂ ᠡᠬᠢᠯᠡᠯᠲᠡ ᠶᠢᠨ | ᠶᠣᠰᠣᠯᠠᠯ ᠪᠣᠯ ᠮᠠᠨ ᠤ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯᠳᠠᠯᠭ᠎ᠠ ᠪᠣᠯᠣᠨ᠎ᠠ | ᠂ ᠣᠯᠠᠨ ᠢᠶᠠᠷ ᠢᠶᠠᠨ ᠬᠦᠰᠡᠨ ᠬᠦᠯᠢᠶᠡᠵᠦ ᠪᠣᠯᠣᠨ᠎ᠠ᠃ ︽ᠳᠥᠭᠦᠮ ᠲᠦᠲᠡ ᠪᠣᠯᠪᠠᠴᠤ ᠬᠢᠯᠪᠠᠷ ᠪᠤᠰᠤ᠂ ᠠᠷᠪᠢᠴᠢ | ᠭᠠᠮᠲᠠᠢ ᠮᠦᠷᠲᠡᠭᠡᠨ ᠭᠤᠶᠢᠳᠠ ᠰᠠᠶᠢᠬᠠᠨ︾ ᠭᠡᠬᠦ ᠨᠠᠶᠢᠷ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠡᠨᠡ | ᠵᠢᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠪᠢᠳᠡ ᠠᠵᠢᠯᠯᠠᠭ᠎ᠠ ᠶᠢᠨ ᠲᠥᠷᠥᠯ ᠵᠦᠢᠯ ᠤᠨ ᠨᠢᠭᠡ ᠪᠣᠯᠬᠤ ︽ | ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠲᠣᠭᠯᠠᠯᠲᠠ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ ᠮᠠᠨ ᠤ | ᠥᠪᠥᠷ ᠮᠣᠩᠭᠤᠯ ᠤᠨ 20 ᠭᠠᠷᠤᠢ ᠠᠯᠳᠠᠷᠲᠤ ᠳᠠᠭᠤᠴᠢᠨ᠂ ᠬᠥᠭᠵᠢᠮ ᠤᠨ ᠠᠩᠭᠢ ᠶᠢ ᠤᠷᠢᠪᠠ᠂ ᠵᠢᠱᠢᠶᠡᠯᠡᠪᠡᠯ | ᠳᠡᠳᠮ᠎ᠠ ᠪᠠᠭᠰᠢ᠂ ᠴᠢ ᠹᠧᠩ ᠪᠠᠭᠰᠢ᠂ ᠬᠦᠰᠡᠯᠡᠩ ᠪᠠᠭᠰᠢ᠂ ᠣᠯᠠᠭᠠᠨᠲᠤᠶᠠᠭᠠ ᠪᠠᠭᠰᠢ ᠂ ᠠᠲᠤᠭᠤᠴᠢᠨ | ᠬᠠᠮᠲᠤᠯᠢᠭ᠂ ᠨᠠᠶᠢᠷ ᠬᠠᠮᠲᠤᠯᠢᠭ ᠢ ᠤᠷᠢᠵᠤ᠂ ᠤᠯᠠᠨ ᠳᠤ ᠰᠣᠩᠭᠤᠳᠠᠭ ᠪᠦᠲᠦᠭᠡᠯ ᠢ ᠲᠠᠬᠢᠨ ᠡᠷᠭᠢᠴᠡᠭᠦᠯᠦᠭᠰᠡᠨ᠂ | ᠭᠤᠶᠢᠳᠠ ᠰᠠᠶᠢᠬᠠᠨ᠂ ᠲᠤᠷᠠᠰᠬᠤ ᠲᠤᠲᠤᠮ ᠰᠤᠨᠢᠷᠬᠠᠯ ᠲᠠᠢ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠬᠦ | ᠪᠣᠯᠣᠨ᠎ᠠ᠃ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠤᠭᠤᠴᠠᠭᠠᠨ ᠳᠤ ᠪᠢᠳᠡ ︽ᠥᠪᠥᠷ ᠮᠣᠩᠭᠤᠯ ᠤᠨ | ᠣᠳᠣᠨ ᠲᠧᠯᠸᠢᠰ︾ ︽ᠥᠪᠥᠷ ᠮᠣᠩᠭᠤᠯ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠰᠤᠪᠠᠭ︾ ᠵᠡᠷᠭᠡ | ᠤᠯᠠᠮᠵᠢᠯᠠᠯᠲᠤ ᠵᠠᠭᠤᠴᠢᠯᠠᠭᠤᠷ ᠪᠠ ︽ᠲᠡᠭᠦᠯᠢᠯᠲᠡ ᠬᠠᠮ ᠵᠠᠭᠤᠴᠢᠯᠠᠭᠤᠷ︾ ︽ᠲᠠᠯ᠎ᠠ ᠨᠤᠲᠤᠭ ᠤᠨ ᠡᠭᠦᠯᠡ︾ | ᠵᠡᠷᠭᠡ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠠᠪᠴᠠᠩ ᠢ ᠢᠳᠡᠪᠬᠢᠲᠡᠢ ᠠᠰᠢᠭᠯᠠᠨ ᠠᠵᠢᠯᠯᠠᠭ᠎ᠠ ᠶᠢ | ᠰᠢᠩᠭᠡᠬᠡᠨ ᠨᠠᠪᠲᠠᠷᠡᠭᠦᠯᠵᠦ ᠳᠠᠬᠢᠨ ᠨᠡᠪᠲᠡᠷᠡᠭᠦᠯᠦᠨ᠎ᠡ᠃ ᠡᠭᠦᠨ ᠤ ᠬᠠᠮᠲᠤ ︽ᠰᠤᠷᠤᠯᠴᠠᠯᠭ᠎ᠠ ᠶᠢᠨ ᠬᠦᠴᠦᠷᠭᠡᠭ | ᠤᠯᠤᠰ︾᠂ ᠲᠢᠭ ᠲᠤᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠤᠰᠬᠠᠢ ᠰᠡᠳᠦᠪᠲᠦ ᠲᠤᠰᠬᠠᠢ | ᠲᠤᠭᠤᠷᠢᠭ ᠪᠠᠶᠢᠭᠤᠯᠵᠤ᠂ ᠣᠯᠠᠨ ᠢᠶᠠᠷ ᠢᠶᠠᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠠᠮᠤᠭ ᠤᠨ ᠰᠢᠨ᠎ᠡ | ᠮᠡᠳᠡᠭᠡ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠰᠣᠩᠭᠤᠳᠠᠭ ᠵᠦᠴᠦᠭᠡ ᠶᠢ ᠰᠣᠨᠢᠷᠬᠠᠬᠤ ᠶᠢ ᠦᠨᠡᠨ ᠬᠦ | ᠪᠠᠲᠤᠯᠠᠵᠤ᠂ ᠤᠷᠠᠯᠢᠭ ᠤᠨ ᠨᠠᠶᠢᠷ ᠤᠨ ᠠᠵᠢᠯᠯᠠᠭ᠎ᠠ ᠳᠤ ᠬᠡᠵᠢᠶ᠎ᠡ ᠬᠠᠮᠢᠭ᠎ᠠ ᠴᠤ ᠣᠷᠣᠯᠴᠠᠵᠤ᠂ ᠦᠵᠡᠵᠦ ᠰᠣᠨᠣᠰᠬᠤ | ᠦᠪᠡᠳᠡᠭᠰᠢ ᠨᠠᠶᠢᠷ ᠢ ᠡᠳ᠋ᠯᠡᠬᠦ ᠶᠢ ᠦᠨᠡᠨ ᠬᠦ ᠪᠡᠶᠡᠯᠡᠭᠦᠯᠦᠨ᠎ᠡ᠃ ᠪᠠᠶᠠᠷᠯᠠᠯ᠎ᠠ᠃ | ᠰᠢᠨᠬᠤᠸᠠ ᠰᠦᠯᠵᠢᠶ᠎ᠡ᠄ ᠲᠠᠯ᠎ᠠ ᠨᠤᠲᠤᠭ ᠤᠨ ᠰᠣᠶᠣᠯ ᠤᠨ ᠨᠠᠶᠢᠷ ᠢ ᠨᠢᠭᠡᠨᠲᠡ 18 ᠬᠤᠭᠤᠴᠠᠭ᠎ᠠ | ᠡᠷᠭᠢᠯᠡᠵᠡᠶ᠂ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠶᠠᠮᠠᠷ ᠶᠠᠮᠠᠷ ᠣᠨᠴᠠᠯᠢᠭ ᠲᠠᠢ ᠪᠤᠶ | ︖ | ᠲᠢᠶᠠᠨ ᠷᠦᠢ ᠬᠤᠸᠠ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠃ | ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ | ᠨᠢ ᠪᠠᠶᠠᠯᠢᠭ᠂ ᠣᠨᠴᠠᠯᠢᠭ ᠨᠢ ᠢᠯᠡ ᠲᠣᠳᠣ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠴᠠᠭ ᠦᠶ᠎ᠡ ᠶᠢᠨ ᠭᠤᠣᠯ ᠰᠡᠲᠦᠪ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ | ᠦᠨᠳᠦᠰᠦᠲᠡᠨ ᠤ ᠳᠦᠷᠢ ᠲᠥᠷᠬᠦ ᠶᠢ ᠪᠤᠶ ᠪᠣᠯᠭᠠᠨ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠣᠯ ᠰᠡᠳᠦᠪ | ᠭᠤᠣᠯ ᠰᠢᠵᠢᠮ ᠢ ᠡᠯ᠎ᠡ ᠵᠦᠢᠯ ᠤᠨ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠳᠤ ᠲᠤᠭᠤᠰᠢᠯᠠᠭᠤᠯᠵᠤ᠂ | ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨ ᠤ ᠨᠡᠶᠢᠭᠡᠮ ᠵᠢᠷᠤᠮ ᠤᠨ ᠰᠣᠶᠣᠯ ᠢ ᠨᠡᠩ | ᠴᠢᠬᠤᠯᠠᠴᠢᠯᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠪᠠᠭᠲᠠᠭᠠᠬᠤ ᠶᠢ ᠨᠡᠩ ᠴᠢᠬᠤᠯᠠᠴᠢᠯᠠᠵᠤ᠂ | ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠬᠢᠯᠡᠬᠦ ᠵᠣᠷᠢᠯᠲᠠ ᠶᠢ | ᠨᠡᠩ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠥᠪᠥᠷ ᠮᠣᠩᠭᠤᠯ ᠤᠨ | ᠤᠳᠬ᠎ᠠ ᠤᠷᠠᠯᠢᠭ ᠤᠨ ᠠᠵᠢᠯ ᠤᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠭᠦᠢᠴᠡᠳ | ᠢᠯᠡᠷᠡᠭᠦᠯᠪᠡ᠃ ᠨᠢᠭᠡ ᠳᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠯᠢᠯᠴᠠᠭ᠎ᠠ | ᠬᠢᠵᠦ ᠬᠠᠷᠢᠯᠴᠠᠨ ᠲᠣᠯᠢᠯᠠᠬᠤ ᠶᠢ ᠲᠣᠪᠤᠶᠢᠯᠭᠠᠨ᠂ ᠰᠣᠶᠣᠯ ᠢ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠵᠤ᠂ | 25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ ᠣᠷᠣᠨ ᠤ ᠭᠠᠳᠠᠨᠠᠬᠢ ᠰᠣᠯᠢᠯᠴᠠᠭ᠎ᠠ ᠬᠢᠵᠦ ᠲᠣᠭᠯᠠᠯᠲᠠ | ᠭᠠᠷᠭᠠᠬᠤ ᠠᠵᠢᠯᠯᠠᠭ᠎ᠠ ᠪᠠᠶᠢᠵᠤ᠂ ᠪᠥᠬᠦ ᠲᠣᠭᠠᠨ ᠤ ᠭᠤᠷᠪᠠᠨ ᠤ ᠨᠢᠭᠡ ᠶᠢ ᠡᠵᠡᠯᠡᠨ᠎ᠡ᠂ ᠭᠤᠣᠯᠳᠠᠭᠤ ᠣᠯᠠᠨ | ᠬᠦᠷᠢᠶᠡᠨ ᠳᠠᠬᠢ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ | ᠣᠷᠣᠨ ᠪᠦᠰᠡ ᠶᠢᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠲᠦᠯᠬᠢᠨ ᠠᠬᠢᠭᠤᠯᠵᠤ᠂ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠪᠠᠳᠠᠷᠠᠭᠤᠯᠤᠨ᠎ᠠ᠃ | ᠬᠤᠶᠠᠷ ᠲᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠳᠣᠨ ᠪᠦᠲᠦᠭᠡᠯ ᠤᠨ ᠦᠵᠡᠯ | ᠤᠬᠠᠮᠰᠠᠷ ᠢ ᠳᠣᠪᠤᠶᠢᠯᠭᠠᠵᠤ᠂ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠰᠣᠳᠣᠨ | ᠪᠦᠲᠦᠭᠡᠯ ᠢ ᠳᠡᠯᠭᠡᠨ ᠦᠵᠡᠭᠦᠯᠵᠦ ᠲᠣᠭᠯᠠᠬᠤ ᠪᠠᠷ ᠭᠤᠣᠯ ᠪᠣᠯᠭᠠᠵᠤ᠂ ᠰᠢᠯᠢᠳᠡᠭ ᠵᠦᠴᠦᠭᠡ ᠶᠢᠨ ᠦᠵᠡᠭᠦᠯᠭᠡ ᠶᠢᠨ | ᠲᠣᠭᠯᠠᠯᠲᠠ᠂ ᠨᠠᠷᠠᠲᠤ ᠬᠥᠮᠥᠰ ᠤᠨ ᠨᠠᠷᠠᠲᠤ ᠨᠠᠶᠢᠷ ᠤᠨ ᠲᠣᠭᠯᠠᠯᠲᠠ᠂ ᠰᠣᠩᠭᠤᠳᠠᠭ ᠳᠠᠭᠤᠤ ᠶᠢᠨ ᠲᠣᠭᠯᠠᠯᠲᠠ | ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ | ᠃ ᠭᠤᠷᠪᠠ ᠳᠤ ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠤᠷᠠᠯᠢᠭ ᠤᠨ ᠬᠡᠯᠪᠡᠷᠢ | ᠥᠷᠭᠡᠨ ᠳᠡᠯᠭᠡᠷ ᠪᠥᠭᠡᠳ ᠣᠯᠠᠨ ᠶᠠᠩᠵᠤ ᠶᠢᠨ ᠪᠠᠶᠢᠵᠤ᠂ ᠰᠣᠩᠭᠤᠳᠠᠭ ᠳᠠᠭᠤᠤ ᠶᠢᠨ ᠦᠳᠡᠰᠢᠯᠡᠭᠡ᠂ ᠣᠷᠣᠨ ᠤ | ᠭᠠᠳᠠᠨᠠᠬᠢ ᠰᠣᠳᠣᠨ ᠵᠦᠴᠦᠭᠡ ᠂ ᠨᠠᠶᠢᠷᠠᠯ ᠬᠥᠭᠵᠢᠮ ᠤᠨ ᠦᠳᠡᠰᠢᠯᠡᠭᠡ᠂ ᠣᠯᠠᠨ ᠲᠦᠮᠡᠨ ᠤ ᠰᠣᠶᠣᠯ ᠤᠷᠠᠯᠢᠭ ᠤᠨ | ᠠᠵᠢᠯᠯᠠᠭ᠎ᠠ᠂ ᠰᠣᠶᠣᠯ ᠤᠷᠠᠯᠢᠭ ᠤᠨ ᠭᠤᠣᠯ ᠰᠡᠳᠦᠪᠲᠦ ᠦᠵᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠶᠢ | ᠴᠤᠭᠯᠠᠷᠠᠭᠤᠯᠵᠤ᠂ ᠫᠷᠣᠭ᠍ᠷᠠᠮ ᠤᠨ ᠲᠣᠬᠢᠷᠠᠭᠤᠯᠤᠯᠲᠠ ᠨᠢ ᠵᠦᠢ ᠵᠣᠬᠢᠰᠲᠠᠢ᠂ ᠠᠭᠤᠯᠭ᠎ᠠ ᠨᠢ ᠭᠤᠶᠢᠳᠠ ᠰᠠᠶᠢᠬᠠᠨ | ᠪᠠᠶᠢᠵᠤ᠂ ᠣᠯᠠᠨ ᠳᠤ ᠤᠷᠠᠯᠢᠭ ᠤᠨ ᠬᠦᠷᠲᠡᠭᠡᠯ᠂ ᠰᠣᠶᠣᠯ ᠤᠨ ᠨᠥᠯᠥᠭᠡ ᠪᠠ ᠣᠶᠤᠨ ᠰᠠᠨᠠᠭᠠᠨ ᠤ ᠤᠬᠢᠶᠠᠯ | ᠬᠦᠷᠲᠡᠭᠡᠬᠦ ᠪᠣᠯᠣᠨ᠎ᠠ᠃ ᠪᠠᠶᠠᠷᠯᠠᠯ᠎ᠠ᠃ | ᠵᠥᠩ ᠬᠤᠩ᠄ ᠲᠡᠳ᠋ ᠬᠡᠯᠳᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ ᠲᠣᠰ ᠬᠤᠭᠤᠴᠠᠭᠠᠨ ᠤ | ᠲᠠᠯ᠎ᠠ ᠨᠤᠲᠤᠭ ᠤᠨ ᠰᠣᠶᠣᠯ ᠤᠨ ᠨᠠᠶᠢᠷ ᠤᠨ 25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ | ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠪᠣᠯᠣᠨ᠎ᠠ ᠭᠡᠵᠦ ᠳᠤᠷᠠᠳᠤᠭᠰᠠᠨ ᠪᠠᠶᠢᠨ᠎ᠠ᠂ | ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠳᠤ ᠶᠠᠮᠠᠷ ᠶᠠᠮᠠᠷ ᠣᠨᠴᠠᠯᠢᠭ᠂ ᠬᠢᠯᠠᠰ ᠴᠡᠭ | ᠪᠠᠶᠢᠬᠤ ᠶᠢ ᠨᠠᠷᠢᠨ ᠲᠠᠨᠢᠯᠴᠠᠭᠤᠯᠤᠭᠠᠳ ᠥᠭᠭᠦᠨ᠎ᠡ ᠦᠦ︖ | ᠵᠢᠢ ᠰᠢᠶᠣᠣ ᠴᠢᠩ᠄ ︽ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠠᠬᠢᠭᠤᠯᠵᠤ᠂ ᠰᠣᠶᠣᠯ ᠢ | ᠬᠠᠮᠲᠤ ᠪᠠᠷ ᠡᠳ᠋ᠯᠡᠬᠦ ᠶᠢ ᠠᠬᠢᠭᠤᠯᠬᠤ︾ ᠪᠣᠯ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ | ᠭᠤᠣᠯ ᠣᠨᠴᠠᠯᠢᠭ ᠤᠨ ᠨᠢᠭᠡ ᠪᠣᠯᠣᠨ᠎ᠠ᠂ ᠡᠭᠦᠨ ᠤ ᠲᠤᠯᠠᠳᠠ᠂ ᠪᠢᠳᠡ ᠪᠡᠭᠡᠵᠢᠩ ᠤᠨ ᠳᠠᠭᠤᠤ ᠬᠥᠭᠵᠢᠮ ᠤᠨ | ᠨᠡᠶᠢᠭᠡᠮᠯᠢᠭ ᠤᠨ ᠨᠠᠶᠢᠷᠠᠯ ᠳᠠᠭᠤᠤ ᠶᠢᠨ ᠪᠦᠯᠬᠦᠮ᠂ ᠲᠥᠪ ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠶᠢᠨ | ᠬᠦᠷᠢᠶᠡᠯᠡᠩ᠂ ᠳᠤᠮᠳᠠᠳᠤ ᠤᠯᠤᠰ ᠤᠨ ᠼᠢᠷᠺ ᠤᠨ ᠪᠦᠯᠬᠦᠮ ᠵᠡᠷᠭᠡ ᠨᠡᠷᠡᠳᠦ ᠬᠦᠷᠢᠶᠡᠯᠡᠩ ᠪᠦᠯᠬᠦᠮ ᠢ ᠤᠷᠢᠵᠤ᠂ | ᠤᠯᠠᠨ ᠳᠤ ᠨᠠᠶᠢᠷᠠᠯ ᠳᠠᠭᠤᠤ ︽ᠵᠠᠮᠴᠢᠯᠠᠭᠴᠢ · ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ | ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ | ᠴᠢᠭᠤᠯᠭᠠᠨ᠂ ᠪᠥᠵᠢᠭᠲᠦ ᠵᠦᠴᠦᠭᠡ ︽ᠺᠦᠩᠽᠢ︾ ᠵᠡᠷᠭᠡ᠂ ᠰᠦᠷ ᠳᠠᠯᠠᠶᠢᠴᠠᠲᠠᠢ ᠲᠣᠮᠣ ᠬᠡᠯᠪᠡᠷᠢ ᠶᠢᠨ | ᠲᠣᠭᠯᠠᠯᠲᠠ ᠶᠢ ᠡᠷᠭᠦᠨ ᠳᠡᠪᠰᠢᠭᠦᠯᠪᠡ᠃ ᠪᠢᠳᠡ ᠹᠧᠩ ᠢᠦᠢ ᠫᠢᠩ ᠪᠠᠭᠰᠢ᠂ ᠯᠢ ᠱᠤ᠋ ᠵᠢᠶᠠᠨ ᠪᠠᠭᠰᠢ᠂ ᠰᠢᠶ᠋ᠧ ᠲᠤᠤ | ᠪᠠᠭᠰᠢ᠂ ᠦ᠋ ᠹᠧᠩ ᠬᠤᠸᠠ ᠪᠠᠭᠰᠢ᠂ ᠶᠠᠩ ᠵᠢᠶᠦ᠋ᠨ ᠪᠠᠭᠰᠢ ᠵᠡᠷᠭᠡ 20 ᠰᠢᠬᠠᠮ ᠰᠢ ᠵᠦᠴᠦᠭᠡ ᠶᠢᠨ ᠨᠡᠷᠡᠳᠤ | ᠬᠥᠮᠥᠰ ᠢ ᠤᠷᠢᠵᠤ᠂ ᠪᠡᠭᠡᠵᠢᠩ ᠵᠦᠴᠦᠭᠡ᠂ ᠺᠦᠨᠱᠠᠨ ᠵᠦᠴᠦᠭᠡ᠂ ᠬᠤᠸᠠᠩᠮᠸᠢ ᠰᠢ᠂ ᠱᠠᠨ ᠰᠢ ᠵᠦᠴᠦᠭᠡ ᠵᠡᠷᠭᠡ 10 | ᠭᠠᠷᠤᠢ ᠵᠦᠴᠦᠭᠡ ᠶᠢᠨ ᠲᠦᠷᠦᠯ ᠢ ᠴᠤᠭᠯᠠᠭᠤᠯᠵᠤ᠂ ᠠᠯᠳᠠᠷᠲᠤ ᠬᠥᠮᠥᠰ ᠤᠨ ᠴᠤᠭᠯᠠᠷᠠᠭᠰᠠᠨ ᠰᠢ ᠵᠦᠴᠦᠭᠡ ᠶᠢᠨ | ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠲᠡᠪᠰᠢᠭᠦᠯᠦᠨ᠎ᠡ᠃ ᠡᠭᠦᠨ ᠢᠶᠠᠷ ᠪᠠᠷᠠᠬᠤ ᠦᠭᠡᠢ᠂ ᠪᠢᠲᠡ ᠪᠠᠰᠠ | ᠳᠤᠮᠳᠠᠳᠤ ᠤᠯᠤᠰ ᠤᠨ ᠵᠢᠶᠠᠩᠨᠠᠨ ᠤ ᠤᠰᠤᠨ ᠨᠤᠲᠤᠭ ᠤᠨ ᠰᠣᠶᠣᠯ ᠤᠨ ᠮᠦᠽᠧᠢ᠂ ᠯᠢᠶᠣᠤᠨᠢᠩ ᠮᠤᠵᠢ ᠶᠢᠨ | ᠮᠦᠽᠧᠢ ᠶᠢ ᠤᠷᠢᠵᠤ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠲᠠᠢ ᠬᠠᠮᠲᠤ ᠪᠠᠷ ᠬᠤᠩᠱᠠᠨ᠂ | ᠯᠢᠶᠠᠩᠵᠦ ᠶᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠢ | ᠡᠷᠬᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠷᠠᠯᠢᠭ ᠤᠨ ᠦᠵᠡᠰᠬᠦᠯᠡᠩ ᠢᠶᠠᠷ ᠳᠠᠮᠵᠢᠭᠤᠯᠵᠤ᠂ ᠭᠦᠨ ᠵᠤᠵᠠᠭᠠᠨ | ᠰᠣᠶᠣᠯ ᠤᠷᠠᠯᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠦᠵᠡᠭᠴᠢᠳ ᠤᠨ ᠰᠡᠳᠬᠢᠯ ᠳᠤ ᠰᠣᠭᠲᠣᠭᠤᠷᠠᠬᠤ | ᠮᠠᠶ᠋ᠢᠭ ᠤᠨ ᠣᠶᠢᠯᠠᠭᠠᠯᠲᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠭᠡᠷᠡᠯ | ᠰᠠᠴᠤᠷᠠᠩᠭᠤᠢ ᠰᠣᠶᠣᠯ ᠢ ᠬᠠᠮᠲᠤ ᠪᠠᠷ ᠡᠳ᠋ᠯᠡᠭᠦᠯᠦᠨ᠎ᠡ᠂ ᠡᠳᠡᠬᠡᠷ ᠨᠠᠷᠢᠨ ᠨᠢᠮᠪᠠᠢ ᠪᠡᠯᠡᠳᠬᠡᠭᠰᠡᠨ ᠲᠣᠭᠯᠠᠯᠲᠠ᠂ | ᠠᠵᠢᠯᠯᠠᠭ᠎ᠠ ᠨᠢ ᠤᠯᠠᠨ ᠤ ᠤᠷᠠᠯᠢᠭ ᠤᠨ ᠬᠦᠷᠲᠡᠭᠡᠯ ᠤᠨ ᠳᠤᠮᠳᠠ ᠰᠡᠳᠬᠢᠯ ᠬᠤᠷᠭᠤᠳᠠᠭᠤᠯᠤᠨ᠂ ᠦᠯᠡᠮᠵᠢ ᠤᠯᠠᠨ | ᠦᠷ᠎ᠡ ᠪᠦᠲᠦᠭᠡᠯ ᠣᠯᠬᠤ ᠶᠢ ᠢᠲᠡᠭᠡᠵᠦ ᠪᠠᠶᠢᠨ᠎ᠠ ᠂ ᠪᠠᠶᠠᠷᠯᠠᠯ᠎ᠠ᠃ | | |